ᠬᠠᠷᠢᠶ᠎ᠠ ᠣᠷᠣᠨ ᠤ ᠪᠠᠨ ᠡᠮᠡᠭᠲᠡᠶᠢᠴᠦᠳ ᠲᠤ ᠡᠷᠡᠭᠦᠯ ᠴᠢᠭᠢᠷᠠᠭ ᠵᠣᠯ ᠵᠢᠷᠭᠠᠯᠲᠤ ᠠᠮᠢᠳᠤᠷᠠᠯ ᠢ | ᠡᠳ᠋ᠯᠡᠭᠦᠯᠬᠦ ᠶᠢᠨ ᠲᠥᠯᠥᠭᠡ᠂ 9 ᠰᠠᠷ᠎ᠠ ᠶᠢᠨ 12 ᠤᠨ ᠡᠳᠦᠷ᠂ ᠷᠠᠰᠢᠶᠠᠨ ᠬᠤᠳᠠ ᠶᠢᠨ ᠯᠢᠨ ᠬᠠᠢ ᠵᠡᠭᠡᠯᠢ ︽ | ᠰᠦᠯᠵᠢᠶᠡᠨ ᠳᠡᠭᠡᠷ᠎ᠡ + ᠰᠦᠯᠵᠢᠶᠡᠨ ᠠᠴᠠ ᠭᠠᠳᠠᠨ᠎ᠠ︾ ︽ᠬᠤᠶᠠᠷ ᠵᠦᠢᠯ ᠤᠨ ᠥᠮᠡᠨ︾ ᠢ ᠰᠢᠭᠰᠢᠨ | ᠪᠠᠶᠢᠴᠠᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠰᠦᠯᠵᠢᠶᠡᠨ ᠳᠡᠭᠡᠷ᠎ᠡ᠂ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠤᠨ ᠸᠢᠴᠠᠲ ᠬᠤᠯᠪᠤᠭ᠎ᠠ | ᠪᠠᠷ ᠳᠠᠮᠵᠢᠭᠤᠯᠤᠨ ︽ᠬᠤᠶᠠᠷ ᠵᠦᠢᠯ ᠤᠨ ᠥᠮᠡᠨ︾ ᠢ ᠰᠢᠭᠰᠢᠨ ᠪᠠᠶᠢᠴᠠᠭᠠᠬᠤ ᠲᠥᠷᠥ ᠶᠢᠨ ᠪᠣᠳᠣᠯᠭ᠎ᠠ ᠶᠢ | ᠥᠷᠭᠡᠨ ᠢᠶᠠᠷ ᠤᠬᠠᠭᠤᠯᠵᠤ᠂ ᠰᠠᠭᠤᠭᠠᠯᠢ ᠠᠷᠠᠳ ᠲᠤ ︽ᠬᠤᠶᠠᠷ ᠵᠦᠢᠯ ᠤᠨ ᠥᠮᠡᠨ︾ ᠢ ᠰᠢᠭᠰᠢᠨ ᠪᠠᠶᠢᠴᠠᠭᠠᠬᠤ | ᠠᠭᠤᠯᠭ᠎ᠠ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠣᠶᠢᠯᠠᠭᠠᠭᠤᠯᠪᠠ᠃ | ᠰᠦᠯᠵᠢᠶᠡᠨ ᠭᠠᠳᠠᠨ᠎ᠠ᠂ ᠨᠡᠶᠢᠭᠡᠮ ᠲᠣᠭᠤᠷᠢᠭ ᠤᠨ ᠠᠵᠢᠯᠲᠠᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ | ᠰᠠᠭᠤᠭᠠᠯᠢ ᠠᠷᠠᠳ ᠲᠤ ᠰᠠᠪᠠ ᠶᠢᠨ ᠬᠦᠵᠦᠭᠦᠨ ᠤ ᠥᠮᠡᠨ ᠪᠠ ᠬᠥᠬᠦᠨ ᠪᠤᠯᠴᠢᠷᠬᠠᠢ ᠶᠢᠨ ᠥᠮᠡᠨ ᠤ ᠡᠭᠦᠰᠬᠦ | ᠰᠢᠯᠲᠠᠭᠠᠨ ᠪᠠ ᠰᠡᠷᠭᠡᠶᠢᠯᠡᠬᠦ ᠠᠷᠭ᠎ᠠ ᠶᠢ ᠣᠶᠢᠯᠠᠭᠠᠭᠤᠯᠵᠤ᠂ ᠰᠠᠭᠤᠭᠠᠯᠢ ᠠᠷᠠᠳ ᠤᠨ ᠲᠣᠭᠲᠠᠮᠠᠯ | ᠬᠤᠭᠤᠴᠠᠭ᠎ᠠ ᠲᠠᠢ ᠪᠠᠷ ᠰᠢᠭᠰᠢᠨ ᠪᠠᠶᠢᠴᠠᠭᠠᠬᠤ ᠳᠤ ᠣᠷᠣᠯᠴᠠᠬᠤ ᠶᠢ ᠰᠠᠨᠠᠭᠠᠴᠢᠯᠠᠵᠠᠢ᠃ | ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠡᠮᠡᠭᠲᠡᠶᠢᠴᠦᠳ ᠤᠨ | ︽ᠬᠤᠶᠠᠷ ᠵᠦᠢᠯ ᠤᠨ ᠥᠮᠡᠨ︾ ᠤ ᠮᠡᠳᠡᠯᠭᠡ ᠶᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠵᠦ᠂ ︽ᠬᠤᠶᠠᠷ ᠵᠦᠢᠯ | ᠤᠨ ᠥᠮᠡᠨ︾ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠦᠨ᠂ ︽ᠬᠤᠶᠠᠷ ᠵᠦᠢᠯ ᠤᠨ ᠥᠮᠡᠨ︾ ᠢ ᠰᠢᠭᠰᠢᠨ | ᠪᠠᠶᠢᠴᠠᠭᠠᠬᠤ ᠬᠠᠮᠤᠷᠬᠤ ᠬᠡᠪᠴᠢᠶ᠎ᠡ ᠶᠢ ᠥᠷᠭᠡᠳᠬᠡᠵᠦ᠂ ︽ᠬᠤᠶᠠᠷ ᠵᠦᠢᠯ ᠤᠨ ᠥᠮᠡᠨ︾ ᠢ ᠰᠡᠷᠭᠡᠶᠢᠯᠡᠬᠦ ᠠᠵᠢᠯ ᠤᠨ | ᠲᠥᠷᠥᠯ ᠵᠦᠢᠯ ᠤᠨ ᠠᠬᠢᠴᠠ ᠶᠢ ᠤᠯᠠᠮ ᠨᠢᠭᠡ ᠠᠯᠬᠤᠮ ᠠᠬᠢᠭᠤᠯᠵᠤ᠂ ᠥᠷᠭᠡᠨ ᠣᠯᠠᠨ ᠡᠮᠡᠭᠲᠡᠶᠢᠴᠦᠳ ᠲᠤ ᠡᠨᠡ | ᠬᠦ ᠲᠦᠭᠡᠮᠡᠯ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠨᠡᠨ ᠬᠦ ᠬᠦᠷᠲᠡᠭᠡᠭᠰᠡᠨ ᠪᠠᠶᠢᠨ᠎ᠠ᠃ | | |