ᠨᠤᠮᠢᠨ ᠨᠤᠭᠤᠭᠠᠨ ᠦᠵᠡᠮᠵᠢ ᠶᠢ ᠵᠢᠷᠤᠭᠯᠠᠵᠤ ᠪᠠᠶᠢᠭ᠎ᠠ ᠷᠠᠰᠢᠶᠠᠨ ᠬᠤᠳᠠ
ᠨᠡᠶᠢᠲᠡᠯᠡᠭᠰᠡᠨ ᠴᠠᠭ᠄
2023/9/21
    ᠠᠮᠢ ᠠᠬᠤᠢ ᠪᠤᠯ ᠬᠠᠮᠤᠭ ᠤᠨ ᠡᠷᠬᠢᠮ ᠨᠠᠨᠳᠢᠨ ᠡᠬᠢ ᠪᠠᠶᠠᠯᠢᠭ ᠪᠠ ᠡᠳ᠋ ᠬᠦᠷᠥᠩᠭᠡ ᠮᠦᠨ᠂ ᠬᠦᠭᠡᠮᠳᠥᠭ ᠨᠤᠭᠤᠭᠠᠨ  ᠠᠭᠤᠯᠠ ᠤᠰᠥ ᠪᠤᠯ ᠠᠯᠳᠠ ᠮᠦᠡᠭᠬᠦᠨ ᠠᠭᠤᠯᠠ ᠮᠦᠨ᠃ ᠪᠤᠬᠢᠷᠳᠤᠯ ᠦᠬᠡᠢ ᠬᠦᠭᠵᠢᠯᠳᠡ ᠶᠢᠨ ᠵᠠᠮ ᠨᠢ ᠬᠢᠨᠭ᠍ᠭᠠᠨ  ᠠᠶᠢᠮᠠᠭ ᠤᠨ ᠠᠮᠢ ᠠᠬᠤᠢ ᠶᠢ ᠡᠷᠬᠢᠮᠯᠡᠬᠦ᠂ ᠠᠮᠢ ᠠᠬᠤᠢ ᠶᠢ ᠰᠠᠶᠢᠵᠢᠷᠠᠭᠤᠯᠬᠤ ᠡᠷᠳᠡᠨᠢᠰ ᠤᠨ ᠰᠠᠩ ᠪᠤᠯᠪᠠ᠃ ᠷᠠᠰᠢᠶᠠᠨ  ᠬᠤᠳᠠ ᠨᠡᠩ ᠴᠤ ︽ᠳᠤᠮᠳᠠᠳᠥ ᠤᠯᠤᠰ ᠤᠨ ᠬᠠᠮᠤᠭ ᠤᠨ ᠭᠤᠶᠤ ᠤᠢ ᠰᠢᠭᠤᠢ ᠶᠢᠨ ᠵᠢᠭᠤᠯᠴᠢᠯᠠᠯ ᠤᠨ ᠦᠵᠡᠮᠵᠢ ᠶᠢᠨ  ᠤᠷᠤᠨ︾ ︽2023 ᠤᠨ ᠤ ᠳᠤᠮᠳᠠᠳᠥ ᠤᠯᠤᠰ ᠤᠨ ᠰᠡᠷᠢᠬᠦᠴᠡᠨ ᠵᠢᠭᠤᠯᠴᠢᠯᠠᠬᠤ ᠳᠡᠷᠢᠬᠦᠨ ᠤ ᠰᠤᠩᠭᠤᠯᠳᠠ ᠶᠢᠨ ᠭᠠᠵᠠᠷ  ︾ ᠵᠡᠷᠭᠡ ᠤᠯᠠᠨ ᠢᠷᠠᠭᠤ ᠠᠯᠳᠠᠷ ᠢ ᠬᠦᠷᠳᠡᠵᠤ᠂ ᠠᠮᠢ ᠠᠬᠤᠢ ᠰᠠᠶᠢᠵᠢᠷᠠᠭᠰᠠᠨ᠂ ᠤᠷᠤᠰᠢᠨ ᠰᠠᠭᠤᠷᠢᠰᠢᠬᠤ ᠳᠤ  ᠳᠠᠭᠠᠯᠠᠮᠵᠢᠳᠠᠢ ᠨᠦᠬᠦᠴᠡᠯ ᠢᠶᠠᠷ ᠢᠶᠠᠨ ᠤᠯᠠᠨ ᠬᠦᠮᠥᠰ ᠤᠨ ᠳᠠᠭᠠᠰᠢᠶᠠᠯ ᠢ ᠤᠯᠵᠤ ᠪᠠᠶᠢᠳᠠᠭ᠃    ᠷᠠᠰᠢᠶᠠᠨ ᠬᠤᠳᠠ ᠪᠣᠯ ᠬᠢᠩᠭᠠᠨ ᠠᠶᠢᠮᠠᠭ ᠤᠨ ᠪᠠᠷᠠᠭᠤᠨ ᠬᠤᠶᠢᠲᠤ ᠬᠡᠰᠡᠭ ᠲᠤ ᠪᠠᠶᠢᠷᠢᠯᠠᠵᠤ᠂ ᠬᠢᠯᠢ ᠬᠢᠵᠠᠭᠠᠷ ᠤᠨ  ᠵᠢᠵᠢᠭ ᠬᠤᠳᠠ ᠪᠣᠯᠤᠨ᠎ᠠ᠃ 2014 ᠣᠨ ᠤ 1 ᠰᠠᠷ᠎ᠠ ᠶᠢᠨ 26 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠬᠠᠬᠢᠷ  ᠬᠦᠢᠳᠡᠨ ᠢ ᠬᠠᠶᠢᠬᠤᠷᠤᠯ ᠦᠭᠡᠢ ᠪᠠᠷ ᠷᠠᠰᠢᠶᠠᠨ ᠬᠤᠳᠠ ᠳᠤ ᠢᠷᠡᠵᠤ᠂ ᠤᠢ ᠰᠢᠭᠤᠢ ᠶᠢᠨ ᠲᠦᠬᠦᠮ ᠪᠦᠳᠦᠴᠡᠳᠦ ᠣᠷᠣᠨ  ᠰᠠᠭᠤᠴᠠ ᠶᠢᠨ ᠲᠣᠭᠤᠷᠢᠭ ᠲᠤ ᠠᠮᠢᠳᠤᠷᠠᠵᠤ ᠪᠠᠶᠢᠭ᠎ᠠ ᠤᠯᠠᠨ ᠲᠦᠮᠡᠨ ᠢ ᠡᠷᠬᠢᠨ ᠦᠵᠡᠵᠦ᠂ ᠠᠷᠠᠳ ᠤᠨ ᠠᠮᠢᠳᠤᠷᠠᠯ ᠢ  ᠤᠶᠢᠯᠠᠭᠠᠵᠤ᠂ ᠠᠷᠠᠳ ᠤᠨ ᠰᠠᠨᠠᠯ ᠢ ᠰᠣᠨᠣᠰᠴᠤ᠂ ᠨᠠᠮ ᠤᠨ ᠲᠥᠪ ᠬᠤᠷᠢᠶᠠᠨ ᠤ ᠳᠣᠲᠣᠨᠣ ᠬᠠᠯᠠᠮᠵᠢᠯᠠᠯ ᠪᠠ ᠴᠢᠩ  ᠰᠡᠳᠭᠢᠯ ᠤᠨ ᠬᠦᠰᠡᠯ ᠨᠠᠶᠢᠳᠠᠯᠭ᠎ᠠ ᠶᠢ ᠤᠯᠠᠨ ᠲᠦᠮᠡᠨ ᠳᠤ ᠬᠦᠷᠭᠡᠵᠡᠢ᠃ ᠠᠷᠪᠠᠨ ᠵᠢᠯ ᠤᠨ ᠲᠤᠷᠰᠢ᠂ ᠷᠠᠰᠢᠶᠠᠨ ᠬᠤᠳᠠ  ᠨᠠᠮ ᠤᠨ ᠪᠠᠶᠢᠭᠤᠯᠤᠯᠲᠠ ᠪᠠᠷ ᠬᠦᠳᠦᠯᠤᠨ ᠳᠠᠭᠠᠭᠤᠯᠬᠤ ᠶᠢ ᠪᠠᠷᠢᠮᠲᠠᠯᠠᠵᠤ᠂ ᠲᠦᠬᠦᠮ ᠪᠦᠳᠦᠴᠡᠳᠦ ᠣᠷᠣᠨ ᠰᠠᠭᠤᠴᠠ ᠶᠢᠨ  ᠲᠣᠭᠤᠷᠢᠭ ᠤᠨ ᠥᠭᠡᠷᠡᠴᠢᠯᠡᠯᠲᠡ᠂ ᠠᠮᠢ ᠠᠬᠤᠢ ᠶᠢᠨ ᠬᠠᠮᠠᠭᠠᠯᠠᠯᠲᠠ᠂ ᠵᠢᠭᠤᠯᠴᠢᠯᠠᠯ ᠤᠨ ᠬᠥᠭᠵᠢᠯᠲᠡ ᠵᠡᠷᠭᠡ ᠭᠤᠷᠪᠠᠨ  ᠵᠦᠢᠯ ᠤᠨ ᠭᠤᠤᠯᠳᠠᠯᠭ᠎ᠠ ᠲᠠᠢ ᠠᠵᠢᠯ ᠢ ᠴᠢᠩᠭ᠎ᠠ ᠠᠳᠬᠤᠵᠤ᠂ ᠠᠮᠢ ᠠᠬᠤᠢ ᠳᠤ ᠰᠠᠭᠤᠷᠢᠯᠠᠨ ᠬᠥᠭᠵᠢᠯᠲᠡ ᠶᠢ ᠡᠷᠢᠯᠬᠢᠯᠡᠵᠦ  ᠂ ᠵᠢᠭᠤᠯᠴᠢᠯᠠᠯ ᠤᠨ ᠲᠣᠭᠤᠷᠢᠨ ᠳᠤ ᠠᠵᠤ ᠦᠢᠯᠡᠰ ᠢ ᠬᠦᠭᠵᠢᠬᠦᠯᠤᠨ᠂ ᠤᠨᠴᠠᠯᠢᠭᠳᠤ ᠲᠦᠷᠦᠯ ᠲᠡᠮᠳᠡᠭ ᠢ ᠲᠤᠪᠤᠶᠢᠯᠭᠠᠵᠤ᠂  ᠰᠢᠨ᠎ᠡ ᠶᠢ ᠡᠭᠦᠳᠬᠦ ᠬᠥᠭᠵᠢᠯᠲᠡ ᠪᠠᠷ ᠲᠡᠰ ᠳᠡᠪᠰᠢᠭᠦᠯᠬᠦ ᠶᠢ ᠠᠬᠢᠭᠤᠯᠵᠤ᠂ ᠷᠠᠰᠢᠶᠠᠨ ᠬᠤᠳᠠ ᠶᠢᠨ ᠲᠠᠪᠠᠯᠳᠠᠳᠤ ᠮᠠᠶ᠋ᠢᠭ ᠤᠨ  ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠴᠡᠢ᠃  ︽ᠤᠷᠤᠰᠢᠨ ᠰᠠᠭᠤᠷᠢᠰᠢᠬᠤ ᠶᠢᠨ ᠲᠤᠬᠠᠢ ᠰᠠᠨᠠᠭᠠᠰᠢᠷᠠᠵᠤ︾ ᠪᠠᠶᠢᠭᠰᠠᠨ ᠠᠴᠠ ︽ᠰᠢᠯᠢᠳᠡᠭ ᠤᠷᠤᠨ ᠰᠠᠭᠤᠴᠠ ᠳᠤ  ᠨᠡᠬᠦᠬᠦ︾ ᠪᠤᠯᠤᠭᠰᠠᠨ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠬᠤ ᠶᠢ  ᠪᠠᠷᠢᠮᠳᠠᠯᠠᠵᠤ ᠪᠤᠢ    ᠶᠡᠷᠦᠩᠬᠡᠢ ᠱᠦᠵᠢ ᠰᠢ ᠶᠢᠨ ᠫᠢᠩ 2014 ᠣᠨ ᠳᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠳᠤ᠂  ᠤᠢ ᠰᠢᠭᠤᠢ ᠶᠢᠨ ᠦᠢᠯᠡᠰ ᠤᠨ ᠬᠥᠭᠵᠢᠯᠲᠡ ᠪᠣᠯᠤᠨ ᠰᠢᠭᠤᠶᠢᠲᠤ ᠣᠷᠣᠨ ᠤ ᠠᠷᠠᠳ ᠲᠦᠮᠡᠨ ᠤ ᠠᠮᠢᠳᠤᠷᠠᠯ ᠢ ᠲᠦᠢᠯ ᠢᠶᠠᠷ  ᠠᠩᠬᠠᠷᠴᠤ ᠪᠠᠶᠢᠯ᠎ᠠ᠃ ᠷᠠᠰᠢᠶᠠᠨ ᠬᠤᠳᠠ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠳᠤ ᠪᠠᠶᠢᠷᠢᠯᠠᠵᠤ᠂ ᠳᠡᠭᠡᠷ᠎ᠡ  ᠵᠠᠭᠤᠨ ᠤ ᠲᠠᠪᠢᠭᠠᠳ ᠣᠨ ᠤ ᠳᠤᠮᠳᠠᠴᠢ ᠪᠠᠷ᠂ ᠰᠢᠨ᠎ᠡ ᠳᠤᠮᠳᠠᠳᠤ ᠤᠯᠤᠰ ᠤᠨ ᠨᠢᠭᠡᠳᠦᠭᠡᠷ ᠦᠶ᠎ᠡ ᠶᠢᠨ ᠤᠢ ᠰᠢᠭᠤᠢ ᠶᠢᠨ  ᠠᠵᠢᠯᠴᠢᠳ ᠡ᠊ᠨᠳᠡ ᠠᠵᠢᠯᠯᠠᠵᠤ ᠠᠮᠢᠳᠤᠷᠠᠵᠤ ᠡᠬᠢᠯᠡᠵᠡᠢ᠃ ᠣᠷᠳᠣ ᠬᠤᠭᠤᠴᠠᠭᠠᠨ ᠤ ᠲᠤᠷᠰᠢ᠂ ᠰᠢᠭᠤᠶᠢᠳᠥ ᠣᠷᠣᠨ ᠤ  ᠣᠷᠣᠨ ᠰᠠᠭᠤᠴᠠ ᠨᠢ ᠰᠢᠪᠠᠷ ᠪᠠᠶᠢᠰᠢᠩ ᠢᠶᠠᠷ ᠭᠤᠤᠯᠯᠠᠵᠤ᠂ ᠷᠠᠰᠢᠶᠠᠨ ᠤ ᠬᠠᠬᠢᠷ ᠡᠪᠦᠯ ᠤᠨ ᠬᠤᠭᠤᠴᠠᠭᠠᠨ ᠳᠤ ᠣᠷᠣᠨ  ᠰᠠᠭᠤᠴᠠ ᠶᠢᠨ ᠳᠤᠯᠠᠭᠠᠯᠠᠭ᠎ᠠ ᠶᠢᠨ ᠠᠰᠠᠭᠤᠳᠠᠯ ᠢ ᠰᠶᠢᠳᠪᠤᠷᠢᠯᠡᠬᠦ ᠨᠢ ᠲᠡᠷᠢᠭᠦᠨ ᠴᠢᠬᠤᠯᠠ ᠶᠠᠪᠤᠳᠠᠯ ᠪᠣᠯᠵᠠᠶ᠃    2014 ᠣᠨ ᠤ ᠴᠠᠭᠠᠨ ᠰᠠᠷ᠎ᠠ ᠠᠴᠠ ᠡᠮᠦᠨᠡᠬᠡᠨ᠂ ᠬᠢᠯᠢ ᠬᠢᠵᠠᠭᠠᠷ ᠲᠤ ᠪᠠᠶᠢᠷᠢᠯᠠᠵᠤ ᠪᠠᠶᠢᠭ᠎ᠠ ᠷᠠᠰᠢᠶᠠᠨ ᠬᠤᠳᠠ ᠨᠢ  ᠲᠡᠭ ᠠᠴᠠ ᠳᠣᠷᠣᠭᠰᠢ 30 ᠭᠠᠷᠤᠢ ᠭᠷᠠᠳᠦ᠋ᠰ ᠲᠤᠯᠵᠤ᠂ ᠮᠥᠰᠥ ᠴᠠᠰᠤᠨ ᠳᠤ ᠬᠤᠴᠢᠭᠳᠠᠵᠤ᠂ ᠬᠠᠬᠢᠷ ᠬᠥᠢᠳᠡᠨ ᠪᠠᠶᠢᠪᠠ᠃ ᠶᠡᠷᠦᠩᠬᠡᠢ ᠱᠦᠵᠢ ᠰᠢ ᠶᠢᠨ ᠫᠢᠩ ᠷᠠᠰᠢᠶᠠᠨ ᠬᠤᠳᠠ ᠶᠢᠨ ᠯᠢᠨ ᠬᠠᠢ ᠵᠡᠭᠡᠯᠢ ᠶᠢᠨ ᠤᠢ ᠰᠢᠭᠤᠢ ᠶᠢᠨ ᠣᠷᠣᠨ  ᠰᠠᠭᠤᠴᠠ ᠶᠢᠨ ᠲᠣᠭᠤᠷᠢᠭ ᠲᠤ ᠬᠦᠷᠴᠥ᠂ ᠰᠢᠭᠤᠶᠢᠲᠤ ᠣᠷᠣᠨ ᠤ ᠤᠯᠠᠨ ᠲᠦᠮᠡᠨ ᠤ ᠣᠷᠣᠨ ᠰᠠᠭᠤᠴᠠ ᠶᠢᠨ  ᠬᠦᠴᠢᠷᠳᠡᠯ ᠲᠠᠢ ᠪᠠᠶᠢᠬᠤ ᠶᠢ ᠦᠵᠡᠭᠡᠳ ᠲᠤᠬᠠᠢ ᠶᠢᠨ ᠭᠠᠵᠠᠷ ᠤᠨ ᠺᠠᠳ᠋ᠷᠴᠤᠳ ᠲᠤ ᠲᠦᠬᠦᠮ ᠪᠦᠳᠦᠴᠡᠳᠦ ᠣᠷᠣᠨ  ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠲᠦᠷᠭᠡᠳᠭᠡᠵᠦ᠂ ᠤᠯᠠᠨ ᠲᠦᠮᠡᠨ ᠢ ᠡᠷᠲᠡᠬᠡᠨ ᠰᠢᠨ᠎ᠡ ᠣᠷᠣᠨ  ᠰᠠᠭᠤᠴᠠ ᠳᠤ ᠰᠠᠭᠤᠯᠭᠠᠵᠤ᠂ ᠬᠦᠴᠢᠷᠳᠡᠯᠲᠡᠢ ᠤᠯᠠᠨ ᠲᠦᠮᠡᠨ ᠢ ᠲᠣᠬᠤᠨᠢᠭᠤᠯᠬᠤ ᠠᠵᠢᠯ ᠢ ᠰᠠᠶᠢᠲᠤᠷ ᠬᠢᠵᠦ᠂ ᠤᠯᠠᠨ  ᠲᠦᠮᠡᠨ ᠢ ᠴᠥᠮ ᠰᠠᠶᠢᠬᠠᠨ ᠰᠢᠨᠡᠯᠡᠬᠦᠯᠬᠦ ᠬᠡᠷᠡᠭᠲᠡᠢ ᠭᠡᠵᠦ ᠵᠠᠬᠢᠪᠠ᠃    2014 ᠤᠨ ᠠᠴᠠ ᠨᠠᠭᠠᠰᠢ᠂ ᠷᠠᠰᠢᠶᠠᠨ ᠬᠤᠳᠠ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ  ᠥᠭᠡᠷᠡᠴᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂  ᠨᠡᠶᠢᠳᠡ 42 ᠳ᠋ᠦᠩᠰᠢᠭᠤᠷ ᠲᠥᠭᠦᠷᠢᠭ ᠪᠡᠯᠡ ᠮᠥᠩᠭᠦ  ᠣᠷᠣᠭᠤᠯᠵᠤ᠂ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ 10400 ᠡᠷᠦᠬᠡ ᠶᠢᠨ ᠭᠡᠷ ᠪᠠᠶᠢᠰᠢᠩ ᠢ  ᠥᠭᠡᠷᠡᠴᠢᠯᠡᠨ ᠵᠠᠰᠠᠵᠤ᠂ 2658 ᠡᠷᠦᠬᠡ᠂ 21 ᠲᠦᠮᠡᠨ ᠲᠡᠭᠰᠢ ᠳᠥᠷᠪᠡᠯᠵᠢᠨ ᠮᠧᠲᠷ ᠣᠷᠣᠨ ᠰᠠᠭᠤᠴᠠ ᠶᠢ  ᠲᠦᠪᠬᠢᠨᠡᠬᠦᠯᠤᠨ ᠨᠡᠭᠦᠯᠭᠡᠵᠦ᠂ 2019 ᠣᠨ ᠪᠣᠯᠲᠠᠯ᠎ᠠ ᠪᠤᠢ ᠪᠦᠬᠦᠢ ᠲᠦᠬᠦᠮ ᠪᠦᠳᠦᠴᠡᠳᠦ ᠣᠷᠣᠨ ᠰᠠᠭᠤᠴᠠ ᠶᠢᠨ  ᠲᠣᠭᠤᠷᠢᠭ ᠤᠨ ᠰᠠᠭᠤᠭᠠᠯᠢ ᠠᠷᠠᠳ ᠪᠦᠬᠦᠨ ᠢᠶᠠᠷ ᠢᠶᠠᠨ ︽ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠠᠴᠠ  ᠨᠡᠬᠦᠵᠤ ᠠᠰᠠᠷ ᠲᠤ ᠰᠠᠭᠤᠬᠤ︾ ᠬᠦᠰᠡᠯ ᠢᠶᠠᠨ ᠳᠡᠷᠭᠡᠯᠰᠢᠬᠦᠯᠪᠡ᠃ ᠲᠦᠬᠦᠮ ᠪᠦᠳᠦᠴᠡᠳᠦ ᠣᠷᠣᠨ ᠰᠠᠭᠤᠴᠠ ᠶᠢᠨ  ᠥᠭᠡᠷᠡᠴᠢᠯᠡᠯᠲᠡ ᠨᠢ ᠪᠦᠬᠦ ᠬᠤᠳᠠ ᠶᠢᠨ ᠬᠠᠭᠠᠰ ᠠᠴᠠ ᠳᠡᠭᠡᠭᠰᠢᠬᠢ ᠰᠠᠭᠤᠭᠠᠯᠢ ᠠᠷᠠᠳ ᠲᠤ ᠠᠰᠢᠭ ᠬᠦᠷᠲᠡᠭᠡᠵᠦ᠂ 3  ᠲᠦᠮᠡᠨ ᠬᠥᠮᠦᠨ ᠤ ︽ᠤᠷᠤᠰᠢᠨ ᠰᠠᠭᠤᠷᠢᠰᠢᠬᠤ ᠶᠢᠨ ᠲᠤᠬᠠᠢ ᠰᠠᠨᠠᠭᠠᠰᠢᠷᠠᠵᠤ︾ ᠪᠠᠶᠢᠭᠰᠠᠨ ᠠᠴᠠ ︽ᠰᠢᠯᠢᠳᠡᠭ ᠤᠷᠤᠨ  ᠰᠠᠭᠤᠴᠠ ᠳᠤ ᠨᠡᠬᠦᠬᠦ︾ ᠬᠦᠰᠡᠯ ᠢ ᠪᠡᠶᠡᠯᠡᠭᠦᠯᠪᠡ᠃ ︽ᠪᠢ ᠪᠠᠭ᠎ᠠ ᠳᠠᠭᠠᠨ ᠠᠪᠤ ᠡᠵᠢ ᠲᠠᠢ ᠪᠠᠨ ᠬᠠᠮᠲᠤ ᠰᠢᠪᠠᠷ  ᠪᠠᠶᠢᠰᠢᠩ ᠳᠤ ᠰᠠᠭᠤᠵᠤ ᠪᠠᠶᠢᠵᠠᠢ᠂ ᠤᠯᠤᠰ ᠤᠨ ᠲᠦᠷᠥ ᠶᠢᠨ ᠪᠤᠳᠤᠯᠭ᠎ᠠ ᠶᠢᠨ ᠰᠠᠶᠢᠨ ᠢᠶᠠᠷ ᠪᠢᠳᠡ ᠳᠤᠯᠠᠭᠠᠨ ᠳᠠᠭᠠᠯᠠᠮᠵᠢᠳᠠᠢ  ᠠᠰᠠᠷ ᠲᠤ ᠰᠠᠭᠤᠬᠤ ᠪᠤᠯᠤᠭᠰᠠᠨ ᠰᠢᠥ ︾ ᠭᠡᠵᠦ ᠷᠠᠰᠢᠶᠠᠨ ᠬᠤᠳᠠ ᠶᠢᠨ ᠢᠷᠪᠢᠰ ᠵᠡᠭᠡᠯᠢ ᠶᠢᠨ ᠲᠢᠶᠠᠨ ᡂᠢ ᠳᠤᠭᠤᠷᠢᠭ ᠲᠤ  ᠰᠠᠭᠤᠭ᠎ᠠ ᠯᠢ ᠲᠠᠩ ᠢᠦᠢ ᠪᠠᠶᠠᠷᠳᠠᠶᠢᠬᠠᠨ ᠬᠡᠯᠡᠪᠡ᠃   ᠲᠦᠬᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠶᠢᠨ  ᠲᠥᠯᠤᠭᠡ᠂ ᠷᠠᠰᠢᠶᠠᠨ ᠬᠤᠳᠠ ᠶᠢᠨ ᠬᠢᠨ ᠰᠠᠭᠤᠷᠢ ᠲᠥᠬᠦᠭᠡᠷᠦᠮᠵᠢ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠤᠢᠢᠷ᠎ᠠ ᠶᠢᠨ  ᠵᠢᠯ ᠳᠤ 80 ᠺᠢᠯᠤᠮᠧᠲᠷ ᠤᠷᠳᠥ ᠵᠠᠮ ᠵᠠᠰᠠᠵᠤ᠂ 155 ᠺᠢᠯᠤᠮᠧᠲᠷ ᠤᠷᠳᠥ ᠬᠤᠭᠤᠯᠠᠢ ᠶᠢᠨ ᠲᠣᠣᠷ ᠢ ᠰᠢᠨ᠎ᠡ ᠪᠠᠷ  ᠳᠡᠪᠢᠰᠴᠥ᠂ ᠬᠤᠳᠠ ᠶᠢᠨ ᠲᠣᠭᠤᠷᠢᠭ ᠤᠨ ᠭᠡᠷᠡᠯᠲᠦᠭᠦᠯᠭᠡ ᠶᠢᠨ ᠨᠤᠷᠮ᠎ᠠ᠂ ᠲᠦᠭᠡᠭᠡᠯ ᠤᠰᠤ ᠶᠢ ᠲᠦᠭᠡᠮᠡᠯᠵᠢᠭᠦᠯᠦᠭᠰᠡᠨ  ᠨᠤᠷᠮ᠎ᠠ᠂ ᠬᠤᠭ ᠨᠣᠪᠰᠢ ᠶᠢ ᠰᠢᠢᠳᠪᠦᠷᠢᠯᠡᠭᠰᠡᠨ ᠨᠤᠷᠮ᠎ᠠ ᠲᠤᠰ ᠲᠤᠰ 95%᠂ 98.14% ᠪᠠ 99.69% ᠲᠤᠯᠵᠤ᠂  ᠰᠠᠭᠤᠭᠠᠯᠢ ᠠᠷᠠᠳ ᠤᠨ ᠳᠤᠯᠠᠭᠠᠯᠠᠬᠤ ᠳᠤ ᠬᠦᠴᠢᠷ᠂ ᠤᠰᠤ ᠢᠳᠡᠬᠦ ᠳᠤ ᠬᠦᠴᠢᠷ᠂ ᠶᠠᠪᠤᠵᠤ ᠰᠠᠭᠤᠬᠤ ᠳᠤ ᠬᠦᠴᠢᠷ ᠵᠡᠷᠭᠡ  ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠪᠡ᠃ ᠷᠠᠰᠢᠶᠠᠨ ᠬᠤᠲᠠ ᠪᠠᠰᠠ ᠥᠪᠡᠷᠲᠡᠭᠡᠨ ᠵᠠᠰᠠᠬᠤ ᠣᠷᠣᠨ ᠤ ᠬᠤᠲᠠ  ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠣᠬᠢᠷᠲᠤᠯ ᠥᠬᠡᠶ ᠬᠥᠭᠵᠢᠯᠲᠡ ᠶᠢᠨ ᠲᠤᠷᠰᠢᠯᠲᠠ ᠶᠢᠨ ᠬᠤᠲᠠ ᠶᠢᠨ  ᠴᠣᠯᠠ ᠶᠢ ᠭᠥᠷᠳᠡᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠴᠡᠴᠡᠷᠯᠢᠭᠳᠦ ᠬᠤᠲᠠ᠂ ᠥᠪᠡᠷᠲᠡᠭᠡᠨ ᠵᠠᠰᠠᠬᠤ  ᠣᠷᠣᠨ ᠤ ᠲᠠᠰ ᠤᠨ ᠠᠯᠳᠠᠷᠲᠤ ᠦᠵᠡᠮᠵᠢ ᠶᠢᠨ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠬᠤᠲᠠ ᠶᠢᠨ ᠥᠩᠭᠡ  ᠲᠦᠷᠬᠦ ᠶᠢ ᠪᠥᠬᠦ ᠲᠠᠯ᠎ᠠ ᠪᠠᠷ ᠳᠡᠭᠡᠭᠰᠢᠯᠡᠬᠦᠯᠵᠤ᠂ ᠵᠣᠯ ᠵᠢᠷᠭᠠᠯ ᠤᠨ ᠵᠢᠭᠠᠯᠲᠠ ᠲᠤᠭ᠎ᠠ ᠳᠠᠰᠤᠷᠠᠯᠳᠠ ᠦᠬᠡᠢ ᠨᠡᠮᠡᠭᠳᠡᠪᠡ᠃    ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ  ᠴᠤᠭᠴᠠᠯᠠᠵᠤ ᠪᠤᠢ    2014 ᠣᠨ ᠳᠤ᠂ ᠶᠡᠷᠦᠩᠬᠡᠢ ᠱᠦᠵᠢ ᠰᠢ ᠶᠢᠨ ᠫᠢᠩ ᠷᠠᠰᠢᠶᠠᠨ ᠬᠤᠳᠠ ᠳᠤ ᠰᠢᠨᠵᠢᠯᠡᠨ ᠪᠠᠶᠢᠴᠠᠭᠠᠬᠤ ᠳᠠᠭᠠᠨ᠄ ︽ ᠬᠡᠵᠢᠶ᠎ᠡ ᠴᠦ ᠭᠡᠰᠡᠨ ᠠᠮᠢ ᠠᠬᠤᠢ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠂ ᠠᠮᠢ ᠠᠬᠤᠢ ᠶᠢ ᠰᠠᠶᠢᠲᠤᠷ  ᠬᠠᠮᠠᠭᠠᠯᠠᠬᠤ ᠪᠣᠯ ᠳᠠᠷᠤᠢ ᠬᠥᠭᠵᠢᠯᠲᠡ ᠶᠢ ᠠᠬᠢᠭᠤᠯᠬᠤ ᠶᠠᠪᠤᠳᠠᠯ ᠮᠥᠨ︾ ᠭᠡᠵᠦ ᠵᠢᠭᠠᠵᠤ ᠭᠠᠷᠭᠠᠪᠠ᠃ ︽ᠡᠳᠡᠭᠡᠷ  ᠵᠢᠯ ᠤᠳ ᠲᠤ ᠷᠠᠰᠢᠶᠠᠨ ᠬᠤᠲᠠ ᠶᠢᠨ ᠠᠮᠢ ᠠᠬᠤᠶ ᠵᠢᠯ ᠠᠴᠠ ᠵᠢᠯ ᠰᠠᠶᠢᠵᠢᠷᠠᠵᠤ᠂ ᠰᠢᠭᠤᠶᠢᠲᠤ ᠣᠷᠣᠨ ᠤ ᠵᠢᠵᠢᠭ ᠠᠮᠢᠲᠠᠨ  ᠤᠯᠠᠮ ᠠᠴᠠ ᠤᠯᠠᠮ ᠣᠯᠠᠰᠢᠷᠠᠵᠤ᠂ ᠴᠠ ᠪᠤᠭᠤ᠂ ᠴᠠᠰᠤᠨ ᠲᠠᠤᠯᠠᠢ᠂ ᠬᠡᠭᠡᠷ᠎ᠡ ᠶᠢᠨ ᠭᠠᠭ᠋ᠠᠶ ᠶᠢ ᠦᠷᠬᠦᠯᠵᠢ ᠤᠯᠵᠤ ᠬᠠᠷᠠᠬᠤ  ᠪᠤᠯᠵᠠᠢ︾ ᠭᠡᠵᠤ ᠷᠠᠰᠢᠶᠠᠨ ᠬᠤᠳᠠ ᠶᠢᠨ ᠨᠢᠭᠡᠨ ᠤᠢ ᠰᠢᠭᠤᠢ ᠶᠢᠨ ᠲᠠᠯᠠᠪᠠᠢ ᠳᠤ 32 ᠵᠢᠯ ᠠᠵᠢᠯᠯᠠᠭᠰᠠᠨ ᠤᠢ ᠰᠢᠭᠤᠢ  ᠬᠠᠮᠠᠭᠠᠯᠠᠭᠴᠢ ᠪᠠᠢ ᠢᠦᠢ ᠬᠤᠸᠠ ᠰᠢᠭᠤᠶᠢᠲᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠤᠪᠢᠷᠠᠯᠲᠠ ᠶᠢ ᠬᠡᠯᠡᠵᠤ  ᠪᠠᠶᠢᠪᠠ᠃    ᠷᠠᠰᠢᠶᠠᠨ ᠬᠤᠳᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ  ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠨ᠂ 2002 ᠣᠨ ᠠᠴᠠ ᠡᠬᠢᠯᠡᠨ  ᠪᠡᠯᠴᠢᠭᠡᠷᠯᠡᠬᠦᠯᠬᠦ ᠶᠢ ᠴᠠᠭᠠᠵᠠᠯᠠᠵᠤ ᠲᠠᠷᠢᠶᠠᠯᠠᠬᠤ ᠶᠢ ᠵᠣᠭᠰᠣᠭᠠᠬᠤ ᠶᠢ ᠬᠡᠷᠡᠭᠵᠢᠭᠦᠯᠵᠦ᠂ 2012 ᠣᠨ ᠳᠤ ᠥᠪᠥᠷ  ᠮᠣᠩᠭᠤᠯ ᠳᠤ ᠤᠷᠢᠳᠠᠪᠠᠷ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠳᠤᠷ᠎ᠠ ᠪᠠᠷ ᠣᠭᠲᠣᠯᠬᠤ ᠶᠢ ᠪᠥᠬᠦ  ᠲᠠᠯ᠎ᠠ ᠪᠠᠷ ᠵᠣᠭᠰᠣᠭᠠᠬᠤ ᠶᠢ ᠪᠡᠶᠡᠯᠡᠭᠦᠯᠪᠡ᠃ 2014 ᠣᠨ ᠠᠴᠠ ᠨᠠᠭᠠᠰᠢ᠂ ᠠᠮᠢ ᠠᠬᠤᠢ ᠣᠷᠴᠢᠨ ᠲᠣᠭᠤᠷᠢᠨ ᠤ  ᠬᠠᠮᠠᠭᠠᠯᠠᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠢ ᠨᠡᠶᠢᠳᠡ  1650 ᠲᠦᠮᠡᠨ ᠮᠦ ᠨᠠᠶᠢᠳᠠᠪᠤᠷᠢᠵᠢᠭᠤᠯᠤᠨ᠂ ᠠᠭᠤᠯᠠ ᠶᠢ ᠪᠢᠲᠡᠭᠦᠮᠵᠢᠯᠡᠨ ᠤᠢ ᠮᠣᠳᠣ ᠪᠤᠶᠢᠵᠢᠭᠤᠯᠬᠤ ᠲᠠᠯᠠᠪᠠᠢ 120  ᠲᠦᠮᠡᠨ ᠮᠤ᠋᠂ ᠮᠣᠳᠣ ᠵᠠᠶᠢᠯᠠᠵᠤ ᠣᠶᠢᠵᠢᠭᠤᠯᠬᠤ ᠲᠠᠯᠠᠪᠠᠢ 40 ᠲᠦᠮᠡᠨ ᠮᠤ᠋᠂ ᠲᠠᠷᠢᠶᠠᠯᠠᠬᠤ ᠶᠢ ᠵᠣᠭᠰᠣᠭᠠᠵᠤ ᠤᠢ ᠮᠣᠳᠣ  ᠡᠪᠡᠰᠦ ᠪᠡᠯᠴᠢᠭᠡᠷ ᠢ ᠰᠡᠷᠬᠦᠭᠡᠭᠰᠡᠨ ᠲᠠᠯᠠᠪᠠᠢ 25 ᠲᠦᠮᠡᠨ ᠮᠦ ᠲᠤᠯᠵᠤ᠂ ᠭᠤᠣᠯᠳᠠᠯᠭ᠎ᠠ ᠲᠠᠢ ᠣᠷᠣᠨ ᠪᠦᠰᠡ ᠶᠢᠨ  ᠨᠣᠭᠤᠭᠠᠷᠠᠭᠤᠯᠤᠯᠲᠠ ᠶᠢ 1.5 ᠲᠦᠮᠡᠨ ᠮᠦ ᠬᠡᠷᠡᠭᠵᠢᠭᠦᠯᠪᠡ᠃ ᠣᠳᠣᠬᠠᠨ ᠳᠤ᠂ ᠪᠥᠬᠦ ᠬᠤᠲᠠ ᠶᠢᠨ ᠣᠶ ᠰᠢᠭᠤᠶ ᠶᠢᠨ  ᠪᠦᠷᠬᠦᠴᠡ ᠶᠢᠨ ᠨᠣᠷᠮ᠎ᠠ 81.2% ᠬᠦᠷᠴᠦ᠂ ᠪᠣᠬᠢᠷᠲᠤᠯ ᠥᠬᠡᠶ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ  ᠨᠣᠷᠮ᠎ᠠ 95% ᠠᠴᠠ ᠳᠡᠭᠡᠭᠰᠢ ᠬᠦᠷᠴᠦ᠂ ᠭᠠᠵᠠᠷ  ᠲᠤᠤᠷᠠᠬᠢ ᠤᠰᠤ᠂ ᠭᠠᠵᠠᠷ ᠳᠡᠭᠡᠷᠡᠬᠢ ᠤᠰᠤ ᠴᠥᠮ Ⅲ  ᠲᠥᠷᠥᠯ ᠤᠨ ᠪᠠᠷᠢᠮᠵᠢᠶ᠎ᠠ ᠳᠤ ᠬᠦᠷᠴᠦ᠂ 2022 ᠣᠨ ᠤ ᠪᠥᠬᠦ ᠤᠯᠤᠰ ᠤᠨ ᠣᠶ ᠰᠢᠭᠤᠶ ᠶᠢᠨ ᠤᠶᠢᠯᠡᠰ ᠤᠨ  ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠲᠤᠷᠰᠢᠯᠲᠠ ᠶᠢᠨ ᠬᠤᠲᠠ ᠪᠠᠷ ᠰᠣᠩᠭᠤᠭᠳᠠᠨ᠂ ︽ᠵᠠᠰᠠᠭ ᠤᠨ ᠣᠷᠳᠣᠨ  ᠭᠤᠤᠯᠯᠠᠨ ᠤᠳᠤᠷᠢᠳᠬᠤ᠂ ᠠᠵᠤ ᠠᠬᠤᠶᠢᠯᠠᠯ ᠣᠷᠣᠯᠴᠠᠬᠤ᠂ ᠺᠠᠳ᠋ᠷ ᠣᠯᠠᠨ ᠲᠦᠮᠡᠨ ᠰᠡᠳᠭᠢᠯ ᠨᠢᠭᠡᠳᠬᠦ︾ ᠠᠮᠢ  ᠠᠬᠤᠶ ᠶᠢᠨ ᠬᠠᠮᠠᠭᠠᠯᠠᠯᠲᠠ ᠶᠢᠨ ᠵᠠᠮ ᠢᠶᠠᠷ ᠵᠠᠮᠨᠠᠵᠤ᠂ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠶ᠎ᠡ  ᠵᠣᠬᠢᠴᠠᠯ ᠲᠠᠢ ᠪᠠᠷ ᠵᠡᠷᠭᠡᠴᠡᠨ ᠣᠷᠣᠰᠢᠬᠤ ᠦᠵᠡᠰᠭᠦᠯᠡᠩᠲᠦ ᠰᠠᠶᠢᠬᠠᠨ ᠵᠢᠷᠤᠭ ᠢ ᠳᠡᠯᠭᠡᠭᠰᠡᠨ ᠪᠠᠶᠢᠨ᠎ᠠ᠃   ᠤᠯᠤᠰ ᠤᠨ ᠠᠮᠢ ᠠᠬᠤᠶ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ᠂ ︽ᠨᠢᠭᠡ ᠪᠦᠰᠡ ᠨᠢᠭᠡ ᠵᠠᠮ︾ ᠤᠨ  ᠣᠯᠠᠨ ᠤᠯᠤᠰ ᠤᠨ ᠡᠷᠡᠭᠦᠯ ᠮᠡᠨᠳᠦ ᠶᠢᠨ ᠵᠢᠭᠤᠯᠴᠢᠯᠠᠯ ᠤᠨ ᠵᠤᠷᠢᠯᠳᠠᠳᠥ ᠭᠠᠵᠠᠷ᠂ ᠤᠯᠤᠰ ᠤᠨ ᠠᠮᠢ ᠠᠬᠤᠶ ᠶᠢᠨ  ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ  ᠠᠯᠲᠠ ᠮᠥᠩᠭᠦᠨ ᠠᠭᠤᠯᠠ ᠮᠥᠨ︾ ᠭᠡᠬᠦ ᠤᠶᠢᠯᠡᠳᠤᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ᠂ ᠬᠢᠯᠢ ᠬᠢᠵᠠᠭᠠᠷ ᠤᠨ  ᠵᠢᠵᠢᠭ ᠬᠤᠲᠠ ᠵᠡᠷᠭᠡ ᠤᠯᠠᠨ ᠢᠷᠠᠭᠤ ᠠᠯᠳᠠᠷ ᠢ ᠬᠦᠷᠳᠡᠭᠰᠡᠨ ᠤ ᠬᠤᠪᠢ ᠳᠤ᠂ ᠷᠠᠰᠢᠶᠠᠨ ᠬᠤᠳᠠ ᠨᠢ ᠮᠠᠨ ᠤ ᠤᠯᠤᠰ ᠤᠨ  ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠳᠤ ᠴᠢᠬᠤᠯᠠ ᠬᠤᠪᠢ ᠨᠡᠮᠡᠷᠢ  ᠦᠵᠡᠭᠦᠯᠦᠭᠰᠡᠨ ᠪᠠᠶᠢᠨ᠎ᠠ᠃    ᠣᠶᠢᠷ᠎ᠠ ᠶᠢᠨ ᠵᠢᠯ ᠳᠤ᠂ ᠷᠠᠰᠢᠶᠠᠨ ᠬᠤᠲᠠ ᠣᠶ ᠰᠢᠭᠤᠢ ᠶᠢᠨ ᠠᠵᠤ ᠠᠬᠤᠶ ᠶᠢ ᠪᠦᠬᠦ ᠬᠦᠴᠦᠨ ᠢᠶᠠᠷ ᠢᠶᠠᠨ  ᠪᠤᠵᠠᠭᠠᠶᠢᠷᠠᠭᠤᠯᠵᠤ᠂ ︽ᠷᠠᠰᠢᠶᠠᠨ ᠤ ᠪᠦ ᠯᠢᠥ ᠺᠧ︾ ᠤᠯᠤᠰ ᠤᠨ ᠭᠠᠵᠠᠷ ᠵᠦᠢ ᠶᠢᠨ ᠪᠡᠯᠭᠡ ᠳᠡᠮᠳᠡᠭ ᠤᠨ ᠭᠡᠷᠡᠴᠢᠯᠡᠯ ᠤᠨ  ᠲᠠᠸᠠᠷ ᠤᠨ ᠳᠡᠮᠳᠡᠭ ᠢ ᠠᠮᠵᠢᠯᠲᠠ ᠲᠠᠢ ᠳᠠᠩᠰᠠᠯᠠᠵᠤ᠂ ᠷᠠᠰᠢᠶᠠᠨ ᠤ ᠬᠠᠷ᠎ᠠ ᠳᠡᠯᠳᠡᠦ᠂ ᠷᠠᠰᠢᠶᠠᠨ ᠤ ᠬᠦᠢᠳᠡᠨ ᠳᠤ  ᠳᠡᠰᠪᠤᠷᠢᠳᠡᠢ ᠴᠢᠴᠠᠷᠭᠠᠨ᠎ᠠ ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ  ᠳᠤᠭᠳᠠᠭᠠᠭᠳᠠᠬᠤ᠂ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠠᠵᠤ  ᠦᠢᠯᠡᠰ ᠤᠨ ᠬᠦᠷᠢᠶᠡᠯᠡᠩ ᠲᠣᠭᠤᠷᠢᠭ᠂ ᠬᠥᠳᠡᠭᠡ ᠲᠣᠰᠬᠤᠨ ᠢ ᠬᠥᠭᠵᠢᠭᠦᠯᠤᠨ ᠮᠠᠨᠳᠤᠭᠤᠯᠬᠤ ᠵᠢᠱᠢᠶ᠎ᠡ ᠦᠵᠡᠭᠦᠯᠬᠦ  ᠲᠣᠰᠬᠤᠨ ᠢ ᠪᠠᠶᠢᠭᠤᠯᠬᠤ ᠵᠡᠷᠭᠡ 20 ᠭᠠᠷᠤᠢ ᠲᠦᠷᠦᠯ ᠵᠦᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠠᠵᠢᠯ  ᠡᠬᠢᠯᠡᠭᠦᠯᠪᠡ᠃    ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠵᠢᠳᠬᠦᠯ ᠴᠢᠷᠮᠠᠶᠢᠯᠭ᠎ᠠ ᠭᠠᠷᠭᠠᠵᠤ᠂ ᠬᠢᠯᠢ ᠬᠢᠵᠠᠭᠠᠷ ᠤᠨ ᠵᠢᠵᠢᠭ  ᠬᠤᠲᠠ ᠶᠢᠨ ᠵᠢᠭᠤᠯᠴᠢᠯᠠᠯ ᠢ ᠬᠦᠭᠵᠢᠬᠦᠯᠵᠤ ᠪᠤᠢ    ︽ᠷᠠᠰᠢᠶᠠᠨ ᠤ ᠪᠠᠶᠢᠭᠠᠯᠢ ᠶᠢᠨ ᠦᠵᠡᠮᠵᠢ ᠲᠦᠷᠪᠡᠨ ᠤᠯᠠᠷᠢᠯ ᠳᠤ ᠴᠥᠮ ᠭᠤᠶᠣ ᠪᠠᠶᠢᠳᠠᠭ︾᠃ ︽ᠷᠠᠰᠢᠶᠠᠨ ᠤ  ᠵᠢᠭᠤᠯᠴᠢᠯᠠᠯ ᠯᠠᠪᠲᠠᠢ ᠬᠥᠭᠵᠢᠶᠡᠨᠲᠡᠢ ᠪᠣᠯᠤᠨ᠎ᠠ︾᠃ 9 ᠵᠢᠯ ᠤᠨ ᠡᠮᠦᠨ᠎ᠡ᠂ ᠶᠡᠷᠦᠩᠬᠡᠶ ᠱᠦᠵᠢ ᠰᠢ ᠶᠢᠨ ᠫᠢᠩ ᠷᠠᠰᠢᠶᠠᠨ  ᠬᠤᠳᠠ ᠶᠢᠨ ᠦᠡᠭᠭᠡ ᠦᠵᠡᠮᠵᠢ ᠪᠠ ᠵᠢᠭᠤᠯᠴᠢᠯᠠᠯ ᠤᠨ ᠥᠢᠯᠡᠰ ᠤᠨ ᠲᠤᠬᠠᠢ ᠦᠨᠳᠥᠷ ᠦᠨᠡᠯᠡᠯᠳᠡ ᠦᠭᠬᠦᠭᠰᠡᠨ ᠨᠢ  ᠷᠠᠰᠢᠶᠠᠨ ᠤ ᠤᠯᠠᠨ ᠲᠦᠮᠡᠨ ᠤ ᠦᠵᠡᠰᠭᠦᠯᠡᠩᠲᠦ ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠳᠤ ᠲᠦᠰᠢᠭᠯᠡᠨ  ᠵᠢᠭᠤᠯᠴᠢᠯᠠᠯ ᠤᠨ ᠤᠶᠢᠯᠡᠰ ᠢ ᠦᠷᠭᠦᠯᠵᠢᠯᠡᠨ ᠬᠥᠭᠵᠢᠭᠦᠯᠬᠦ ᠡᠷᠡᠰ ᠵᠣᠷᠢᠭ ᠢ ᠤᠯᠠᠮ ᠪᠠᠲᠤᠳᠬᠠᠵᠠᠶ᠃   ︽ᠤᠤᠯ ᠨᠢ ᠷᠠᠰᠢᠶᠠᠨ ᠳᠤ ᠵᠢᠭᠤᠯᠴᠢᠯᠠᠬᠤ ᠪᠠᠷ ᠢᠷᠡᠳᠡᠭ ᠵᠢᠭᠤᠯᠴᠢᠯᠠᠭᠰᠠᠳ ᠤᠨ ᠤᠯᠠᠩᠬᠢ ᠨᠢ ᠮᠠᠨ ᠤ ᠦᠪᠤᠷ  ᠮᠤᠩᠭᠤᠯ ᠤᠨ ᠡᠯ᠎ᠡ ᠭᠠᠵᠠᠷ ᠠᠴᠠ ᠬᠦᠷᠥᠯᠴᠡᠨ ᠢᠷᠡᠳᠡᠭ ᠬᠦᠮᠥᠰ ᠪᠠᠶᠢᠪᠠ᠂ ᠤᠳᠤ ᠪᠡᠭᠡᠵᠢᠩ᠂ ᠱᠠᠩᠬᠠᠢ᠂ ᠮᠦᠭᠳᠡᠨ ᠂  ᠭᠤᠸᠠᠩᠵᠧᠦ ᠶᠢᠨ ᠵᠣᠴᠢᠳ ᠴᠤ ᠲᠠᠰᠤᠷᠠᠯᠳᠡ ᠦᠭᠡᠢ ᠤᠯᠠᠰᠢᠷᠠᠪᠠ᠂ ᠷᠠᠰᠢᠶᠠᠨ ᠤ ᠭᠤᠶᠤ ᠦᠵᠡᠮᠵᠢ ᠪᠦᠬᠦ ᠤᠯᠤᠰ ᠤᠨ  ᠵᠢᠭᠤᠯᠴᠢᠯᠠᠭᠰᠠᠳ ᠤᠨ ᠬᠦᠷᠢᠶᠡᠯᠡᠯ ᠢ ᠤᠯᠬᠤ ᠪᠤᠯᠤᠭᠰᠠᠨ︾ ᠭᠡᠵᠦ ᠷᠠᠰᠢᠶᠠᠨ ᠬᠤᠳᠠ ᠳᠤ ᠤᠯᠠᠨ ᠵᠢᠯ ᠬᠤᠳᠠᠯᠳᠤᠭ᠎ᠠ  ᠡᠷᠬᠢᠯᠡᠭᠴᠢ ᠵᠢᠶᠦ᠋ᠨ ᠯᠢ ᠬᠡᠯᠡᠪᠡ᠃    ᠷᠠᠰᠢᠶᠠᠨ ᠬᠤᠲᠠ ᠨᠢ ᠬᠤᠷᠴᠢᠨ ᠤ ᠲᠠᠯ᠎ᠠ ᠨᠤᠲᠤᠭ᠂ ᠰᠢᠯᠢ ᠶᠢᠨ ᠭᠤᠤᠯ ᠤᠨ ᠲᠠᠯ᠎ᠠ ᠨᠤᠲᠤᠭ᠂ ᠬᠥᠯᠤᠨ ᠪᠤᠶᠢᠷ ᠤᠨ  ᠲᠠᠯ᠎ᠠ ᠨᠤᠲᠤᠭ ᠤᠨ ᠠᠭᠤᠯᠵᠠᠷ ᠲᠤ ᠪᠠᠶᠢᠷᠢᠯᠠᠵᠤ᠂ ᠬᠠᠯᠠᠭᠤᠨ ᠷᠠᠰᠢᠶᠠᠨ᠂ ᠨᠤᠭᠤ ᠭᠠᠵᠠᠷ᠂ ᠭᠠᠯᠲᠤ ᠠᠭᠤᠯᠠ᠂ ᠮᠥᠰᠥ  ᠴᠠᠰᠤ᠂ ᠣᠶ ᠰᠢᠭᠤᠶ᠂ ᠲᠠᠯ᠎ᠠ ᠨᠤᠲᠤᠭ ᠵᠡᠷᠭᠡ ᠪᠠᠶᠢᠭᠠᠯᠢ ᠶᠢᠨ ᠦᠵᠡᠮᠵᠢ ᠲᠠᠢ ᠪᠠᠶᠢᠵᠤ᠂ ᠵᠢᠭᠤᠯᠴᠢᠯᠠᠯ ᠤᠨ ᠡᠬᠢ ᠪᠠᠶᠠᠯᠢᠭ  ᠲᠦᠢᠯ ᠤᠨ ᠡᠯᠪᠡᠭ ᠪᠠᠶᠠᠯᠢᠭ ᠪᠠᠶᠢᠳᠠᠭ᠃    ᠤᠢᠢᠷ᠎ᠠ ᠶᠢᠨ ᠵᠢᠯ ᠠᠴᠠ ᠨᠠᠭᠠᠰᠢ᠂ ᠷᠠᠰᠢᠶᠠᠨ ᠬᠤᠳᠠ ︽ᠠᠮᠢ ᠠᠬᠤᠢ ᠪᠠᠷ ᠬᠤᠳᠠ ᠪᠠᠨ ᠪᠦᠳᠦᠭᠡᠨ ᠪᠠᠶᠢᠭᠤᠯᠬᠤ᠂  ᠵᠢᠭᠤᠯᠴᠢᠯᠠᠯ ᠢᠶᠠᠷ ᠬᠤᠳᠠ ᠪᠠᠨ ᠬᠦᠭᠵᠢᠬᠦᠯᠬᠦ᠂ ᠪᠣᠭᠤᠮᠲᠠ ᠪᠠᠷ ᠬᠤᠳᠠ ᠪᠠᠨ ᠬᠦᠴᠦᠷᠬᠡᠭᠵᠢᠭᠦᠯᠬᠦ︾ ᠶᠢ ᠪᠠᠷᠢᠮᠲᠠᠯᠠᠵᠤ᠂  ᠤᠯᠤᠰ ᠤᠨ ᠲᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠶᠢ ᠵᠢᠭᠤᠯᠴᠢᠯᠠᠯ ᠤᠨ ᠴᠢᠨᠠᠷ  ᠰᠠᠶᠢᠲᠠᠢ ᠬᠥᠭᠵᠢᠯᠲᠡ ᠶᠢ ᠬᠦᠳᠦᠯᠤᠨ ᠳᠠᠭᠠᠭᠤᠯᠬᠤ ︽ᠲᠡᠷᠢᠭᠦᠨ ᠴᠢᠬᠤᠯᠠ ᠢᠨᠵᠧᠨᠧᠷᠢᠩ ︾ ᠪᠤᠯᠭᠠᠭᠰᠠᠨ ᠪᠠᠶᠢᠨ᠎ᠠ᠃ ︽  ᠯᠤ᠋ ᠵᠢᠶᠥᠥ ᠸᠠᠨ︾ ᠬᠠᠯᠠᠭᠤᠨ ᠷᠠᠰᠢᠶᠠᠨ ᠤ ᠠᠮᠠᠷᠠᠯᠲᠠ ᠶᠢᠨ ᠭᠠᠵᠠᠷ ᠵᠡᠷᠭᠡ ᠵᠢᠭᠤᠯᠴᠢᠯᠠᠯ ᠤᠨ ᠪᠦᠲᠦᠭᠡᠭᠳᠡᠬᠦᠨ᠂  ᠰᠣᠶᠣᠯ ᠤᠨ ᠡᠭᠦᠳᠦᠯᠲᠡ ᠶᠢᠨ ᠳᠡᠯᠭᠡᠭᠦᠷ ᠵᠡᠷᠭᠡ ᠢᠯᠡ ᠲᠣᠳᠣ ᠣᠨᠴᠠᠯᠢᠭ ᠲᠠᠢ ᠵᠢᠭᠤᠯᠴᠢᠯᠠᠯ ᠤᠨ ᠦᠢᠯᠡᠰ ᠤᠨ ᠬᠡᠯᠪᠡᠷᠢ  ᠪᠠᠶᠢᠳᠠᠯ ᠢ ᠪᠤᠢ ᠪᠤᠯᠭᠠᠵᠤ᠂ ᠵᠢᠭᠤᠯᠴᠢᠯᠠᠯ ᠤᠨ ᠰᠢᠨ᠎ᠡ ᠠᠮᠢᠯᠠᠯ ᠤᠨ ᠬᠦᠴᠥᠨ ᠢ ᠨᠡᠮᠡᠭᠳᠡᠬᠦᠯᠵᠤ ᠪᠤᠢ᠃    ᠷᠠᠰᠢᠶᠠᠨ ᠤ ᠲᠠᠢ ᠸᠧᠶ ᠲᠠᠪᠤᠨ ᠣᠳᠣᠨ ᠲᠠᠰ ᠤᠨ ᠬᠠᠯᠠᠭᠤᠨ ᠷᠠᠰᠢᠶᠠᠨ ᠤ ᠠᠮᠠᠷᠠᠯᠲᠠ ᠶᠢᠨ ᠪᠠᠭᠤᠳᠠᠯ᠂ ᠬᠠᠯᠠᠭᠤᠨ  ᠷᠠᠰᠢᠶᠠᠨ ᠤ ᠮᠦᠽᠧᠶ᠂ ᠠᠮᠲᠠᠲᠤ ᠢᠳᠡᠭᠡᠨ ᠤ ᠬᠦᠷᠢᠶᠡᠯᠡᠩ᠂ ᠮᠦᠰᠥ ᠴᠠᠰᠥᠨ ᠤ ᠨᠠᠶᠢᠷ ᠵᠡᠷᠭᠡ ᠭᠤᠤᠯᠳᠠᠯᠭ᠎ᠠ ᠲᠠᠢ ᠲᠥᠷᠥᠯ   ᠵᠤᠶᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠠᠯᠠᠭᠤᠨ ᠷᠠᠰᠢᠶᠠᠨ᠂ ᠣᠶ ᠰᠢᠭᠤᠶ ᠶᠢᠨ ᠡᠷᠡᠭᠦᠯᠵᠢᠯ  ᠰᠤᠪᠢᠯᠠᠯᠲᠠ᠂ ᠠᠮᠠᠷᠠᠯᠲᠠ ᠶᠢᠨ ᠭᠠᠵᠠᠷ᠂ ᠪᠠᠭᠤᠳᠠᠯ᠂ ᠢᠳᠡᠭᠡᠨ ᠤᠮᠳᠠᠭᠠᠨ ᠵᠡᠷᠭᠡ 5 ᠶᠡᠭᠡ ᠪᠠᠷᠢᠮᠵᠢᠶᠠᠵᠢᠭᠰᠠᠨ ᠰᠢᠰᠲ᠋ᠧᠮ ᠢ  ᠠᠯᠬᠤᠮ ᠠᠯᠬᠤᠮ ᠢᠶᠠᠷ ᠪᠠᠶᠢᠭᠤᠯᠤᠭᠰᠠᠨ ᠪᠠᠶᠢᠨ᠎ᠠ᠃    ᠷᠠᠰᠢᠶᠠᠨ ᠬᠤᠳᠠ ᠪᠠᠰᠠ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠤᠨ ᠪᠠᠶᠢᠭᠤᠯᠤᠯᠲᠠ ᠶᠢ ᠥᠨᠳᠥᠷ  ᠪᠠᠷᠢᠮᠵᠢᠶ᠎ᠠ ᠪᠠᠷ ᠠᠬᠢᠭᠤᠯᠵᠤ᠂ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠂ ︽ᠪᠤᠳᠠᠰ ᠤᠨ ᠪᠤᠰᠥ ᠰᠤᠶᠤᠯ +  ᠵᠢᠭᠤᠯᠴᠢᠯᠠᠯ︾ ᠵᠡᠷᠭᠡ ᠪᠠᠶᠠᠷ ᠳᠤᠷᠠᠰᠬᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ︽ᠤᠢ ᠰᠢᠭᠤᠢ + ᠮᠥᠰᠥ  ᠴᠠᠰᠤ︾᠂ ︽ᠡᠪᠦᠯ ᠤᠨ ᠤᠯᠠᠷᠢᠯ ᠤᠨ ᠵᠢᠭᠤᠯᠴᠢᠯᠠᠯ + ᠪᠡᠶ᠎ᠡ ᠶᠢᠨ ᠲᠠᠮᠢᠷ ᠤᠨ ᠬᠦᠳᠡᠯᠭᠡᠭᠡᠨ︾ ᠵᠡᠷᠭᠡ ᠶᠢᠨ ᠠᠭᠤᠰᠤᠯᠴᠠᠨ  ᠬᠥᠭᠵᠢᠬᠦ ᠶᠢ ᠠᠬᠢᠭᠤᠯᠵᠤ᠂ ᠰᠤᠷᠭᠠᠭᠤᠯᠢ ᠶᠢᠨ ᠠᠨᠳᠠ ᠶᠢᠨ ᠠᠵᠤ ᠠᠬᠤᠶ ᠶᠢᠨ ᠶᠠᠷᠢᠶᠠᠨ ᠤ ᠲᠠᠪᠴᠠᠩ᠂ ᠵᠢᠭᠤᠯᠴᠢᠯᠠᠯ ᠤᠨ  ᠶᠡᠭᠡ ᠬᠤᠷᠠᠯ ᠵᠡᠷᠭᠡ ᠳᠡᠭᠡᠳᠦ ᠲᠡᠰ ᠤᠨ ᠶᠠᠷᠢᠶᠠᠨ ᠤ ᠲᠠᠪᠴᠠᠩ ᠢ ᠡᠷᠬᠢᠯᠡᠵᠦ᠂ ᠶᠠᠷᠢᠶᠠᠨ ᠤ ᠲᠠᠪᠴᠠᠩ ᠤᠨ ᠠᠵᠠ  ᠵᠠᠪᠰᠢᠶᠠᠨ ᠢᠶᠠᠷ ᠰᠤᠶᠤᠯ ᠵᠢᠭᠤᠯᠴᠢᠯᠠᠯ ᠢ ᠬᠠᠮᠳᠥ ᠳᠤᠨᠢ ᠬᠦᠭᠵᠢᠬᠦᠯᠵᠤ᠂ ᠪᠦᠬᠦ ᠬᠤᠳᠠ ᠶᠢᠨ ᠵᠢᠯ ᠤᠨ ᠬᠦᠯᠢᠶᠡᠨ ᠠᠪᠤᠭᠰᠠᠨ  ᠵᠢᠭᠤᠯᠴᠢᠯᠠᠭᠰᠠᠳ ᠤᠨ ᠲᠤᠭ᠎ᠠ 200 ᠲᠦᠮᠡ — 500 ᠲᠦᠮᠡᠨ ᠬᠥᠮᠦᠨ ᠤᠳᠠᠭ᠎ᠠ ᠳᠤ ᠬᠦᠷᠴᠡᠢ᠃ ᠵᠢᠭᠤᠯᠴᠢᠯᠠᠯ ᠤᠨ  ᠦᠢᠯᠡᠰ ᠡᠷᠬᠢᠯᠡᠭᠰᠡᠡ ᠬᠥᠮᠦᠨ ᠤ ᠲᠤᠭ᠎ᠠ 1 ᠲᠦᠮᠡ ᠰᠢᠬᠠᠮ ᠪᠠᠶᠢᠭᠰᠠᠨ ᠠᠴᠠ ᠪᠠᠨ ᠨᠡᠮᠡᠭᠳᠡᠭᠡᠳ 1.4 ᠲᠦᠮᠡ ᠪᠤᠯᠵᠤ᠂  ᠵᠢᠭᠤᠯᠴᠢᠯᠠᠯ ᠤᠨ ᠦᠢᠯᠡᠰ ᠨᠢ ᠨᠢᠭᠡᠨᠲᠡ ᠷᠠᠰᠢᠶᠠᠨ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠬᠤ ︽ᠭᠤᠣᠯ ᠬᠥᠳᠡᠯᠭᠡᠭᠦᠷ︾ ᠪᠣᠯᠵᠠᠢ᠃   ᠠᠷᠪᠠᠨ ᠵᠢᠯ ᠤᠨ ᠲᠤᠷᠰᠢ᠂ ᠷᠠᠰᠢᠶᠠᠨ ᠬᠤᠲᠠ ᠢᠮᠠᠭᠲᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠠᠷ  ᠭᠠᠷᠳᠠᠴᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠤᠨ ᠮᠠᠨᠳᠤᠭᠤᠯᠬᠤ᠂ ᠵᠢᠭᠤᠯᠴᠢᠯᠠᠯ ᠢ ᠬᠥᠭᠵᠢᠭᠦᠯᠬᠦ᠂ ᠠᠮᠢ  ᠠᠬᠤᠶ ᠶᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠠᠵᠢᠯ ᠢ ᠶᠡᠷᠦᠩᠬᠡᠶᠢᠯᠡᠨ ᠵᠢᠯᠣᠭᠤᠳᠴᠤ᠂ ᠥᠪᠥᠷ ᠮᠣᠩᠭᠤᠯ ᠤᠨ  ᠥᠪᠡᠷᠲᠡᠭᠡᠨ ᠵᠠᠰᠠᠬᠤ ᠣᠷᠣᠨ ᠤ ︿ᠬᠤᠶᠠᠷ ᠶᠡᠭᠡ ᠶᠠᠪᠤᠳᠠᠯ﹀ ᠵᠢᠴᠢ ᠠᠶᠢᠮᠠᠭ ᠤᠨ ᠨᠠᠮ ᠤᠨ ᠬᠤᠷᠢᠶ᠎ᠠ᠂ ᠬᠤᠳᠠ ᠶᠢᠨ  ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠠᠷᠠᠳ ᠤᠨ ᠠᠮᠢᠳᠤᠷᠠᠯ ᠢ ᠦᠷᠭᠦᠯᠵᠢᠯᠡᠨ  ᠰᠠᠶᠢᠵᠢᠷᠠᠭᠤᠯᠵᠤ᠂ ᠠᠮᠢ ᠠᠬᠤᠢ ᠶᠢ ᠦᠷᠭᠦᠯᠵᠢᠯᠡᠨ ᠰᠠᠶᠢᠵᠢᠷᠠᠭᠤᠯᠵᠤ᠂ ᠵᠢᠭᠤᠯᠴᠢᠯᠠᠯ ᠢ ᠦᠷᠭᠦᠯᠵᠢᠯᠡᠨ ᠬᠦᠭᠵᠢᠬᠦᠯᠵᠤ᠂  ᠰᠢᠨ᠎ᠡ ᠶᠢ ᠡᠭᠦᠳᠬᠦ᠂ ᠡᠶ᠎ᠡ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠂ ᠬᠠᠮᠲᠤᠪᠠᠷ ᠡᠳ᠋ᠯᠡᠬᠦ ᠴᠢᠨᠠᠷ ᠰᠠᠶᠢᠲᠠᠢ  ᠬᠥᠭᠵᠢᠯᠲᠡ ᠶᠢᠨ ᠵᠠᠮ ᠢ ᠨᠡᠭᠡᠭᠡᠵᠡᠢ᠃   ᠷᠠᠰᠢᠶᠠᠨ ᠬᠤᠳᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ  ᠦᠶ᠎ᠡ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠤᠨ  ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠲᠠᠪᠤᠨ ᠶᠡᠭᠡ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ  ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠪᠦᠬᠦ ᠲᠠᠯ᠎ᠠ ᠪᠠᠷ ᠪᠠᠶᠢᠭᠤᠯᠵᠤ᠂ ᠤᠯᠤᠰ ᠤᠨ  ᠲᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠴᠢᠬᠤᠯᠠ ᠬᠠᠷᠠᠯᠲᠠ ᠶᠢ ᠪᠡᠶᠡᠯᠡᠭᠦᠯᠵᠦ᠂  ᠷᠠᠰᠢᠶᠠᠨ ᠤ ᠰᠢᠨ᠎ᠡ ᠴᠠᠭ ᠦᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠪᠠᠷ  ᠴᠢᠷᠮᠠᠶᠢᠭᠰᠠᠭᠠᠷ᠃       ︵ ᠲᠤᠰ ᠨᠢᠭᠤᠷ ᠤᠨ ᠬᠡᠷᠡᠯ ᠵᠢᠷᠤᠭ ᠤᠳ ᠢ ᠡᠥ ᠪᠤᠤ ᠰᠢᠶᠠᠩ   ᠳ᠋ᠦ᠋ ᠰᠢᠨ ᠬᠠᠨᠭ᠍ᠭᠠᠪᠠ  ︶        
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号