︽ᠰᠢ ᠶᠢᠨ ᠫᠢᠩ ᠤᠨ ᠬᠥᠮᠥᠨ ᠤ ᠡᠷᠬᠡ ᠶᠢ ᠬᠦᠨᠳᠦᠳᠬᠡᠨ ᠪᠠᠲᠤᠯᠠᠬᠤ ᠲᠤᠬᠠᠢ ᠥᠭᠦᠯᠡᠯᠲᠡ ᠶᠢᠨ ᠲᠡᠭᠦᠪᠦᠷᠢ︾ ᠶᠢᠨ ᠠᠷᠠᠪ ᠬᠡᠯᠡᠨ ᠤ ᠬᠡᠪᠯᠡᠯ ᠵᠡᠷᠭᠡ ᠵᠢᠷᠭᠤᠭᠠᠨ ᠵᠦᠢᠯ ᠤᠨ ᠭᠠᠳᠠᠭᠠᠳᠤ ᠬᠡᠯᠡᠨ ᠤ ᠬᠡᠪᠯᠡᠯ ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2023/9/25
     ︽ᠰᠢ ᠶᠢᠨ ᠫᠢᠩ ᠤᠨ ᠬᠥᠮᠥᠨ ᠤ ᠡᠷᠬᠡ ᠶᠢ ᠬᠦᠨᠳᠦᠳᠬᠡᠨ ᠪᠠᠲᠤᠯᠠᠬᠤ ᠲᠤᠬᠠᠢ ᠥᠭᠦᠯᠡᠯᠲᠡ ᠶᠢᠨ ᠲᠡᠭᠦᠪᠦᠷᠢ ︾ ᠶᠢᠨ ᠠᠷᠠᠪ ᠬᠡᠯᠡ᠂ ᠫᠣᠷᠲ᠋ᠦ᠋ᠭᠠᠯ ᠬᠡᠯᠡ᠂ ᠭᠧᠷᠮᠠᠨ ᠬᠡᠯᠡ᠂ ᠰᠸᠠᠾᠢᠯᠢ ᠬᠡᠯᠡ᠂ ᠦᠷᠳᠦ᠋ ᠬᠡᠯᠡ ᠵᠢᠴᠢ ᠸᠢᠶᠧᠳ᠋ᠨᠠᠮ ᠬᠡᠯᠡᠨ ᠤ ᠬᠡᠪᠯᠡᠯ ᠢ ᠣᠶᠢᠷ᠎ᠠ ᠳᠤ ᠭᠠᠳᠠᠭᠠᠳᠤ ᠬᠡᠯᠡᠨ ᠤ ᠬᠡᠪᠯᠡᠯ ᠤᠨ ᠬᠤᠷᠢᠶ᠎ᠠ ᠠᠴᠠ ᠬᠡᠪᠯᠡᠭᠦᠯᠦᠨ ᠲᠠᠷᠬᠠᠭᠠᠪᠠ᠃ ︽ᠰᠢ ᠶᠢᠨ ᠫᠢᠩ ᠤᠨ ᠬᠥᠮᠥᠨ ᠤ ᠡᠷᠬᠡ ᠶᠢ ᠬᠦᠨᠳᠦᠳᠬᠡᠨ ᠪᠠᠲᠤᠯᠠᠬᠤ ᠲᠤᠬᠠᠢ ᠥᠭᠦᠯᠡᠯᠲᠡ ᠶᠢᠨ ᠲᠡᠭᠦᠪᠦᠷᠢ︾ ᠶᠢ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠠᠴᠠ ᠨᠠᠶᠢᠷᠠᠭᠤᠯᠵᠤ᠂ 9 ᠲᠤᠰᠬᠠᠢ ᠰᠡᠳᠦᠪ ᠬᠤᠪᠢᠶᠠᠨ᠂ ᠰᠢ ᠶᠢᠨ ᠫᠢᠩ ᠨᠥᠬᠦᠷ ᠤᠨ ᠬᠥᠮᠥᠨ ᠤ ᠡᠷᠬᠡ ᠶᠢ ᠬᠦᠨᠳᠦᠳᠬᠡᠨ ᠪᠠᠲᠤᠯᠠᠬᠤ ᠲᠣᠭᠤᠷᠢᠨ ᠳᠤ ᠨᠡᠶᠢᠲᠡᠯᠡᠭᠰᠡᠨ ᠠᠯᠢ ᠣᠯᠠᠨ ᠴᠢᠬᠤᠯᠠ ᠥᠭᠦᠯᠡᠯᠲᠡ ᠶᠢ ᠰᠢᠰᠲ᠋ᠧᠮ ᠲᠠᠢ ᠬᠤᠷᠢᠶᠠᠨ ᠣᠷᠣᠭᠤᠯᠪᠠ᠃     ᠲᠤᠰ ᠤᠳᠠᠭ᠎ᠠ ᠶᠢᠨ ᠠᠷᠠᠪ ᠬᠡᠯᠡ ᠵᠡᠷᠭᠡ 6 ᠬᠡᠯᠡᠨ ᠤ ᠬᠡᠪᠯᠡᠯ ᠢ ᠬᠡᠪᠯᠡᠨ ᠲᠠᠷᠬᠠᠭᠠᠭᠰᠠᠨ ᠨᠢ ᠤᠯᠤᠰ ᠤᠨ ᠭᠠᠳᠠᠭᠠᠳᠤ ᠶᠢᠨ ᠤᠩᠰᠢᠭᠴᠢᠳ ᠤᠨ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠪᠠᠶᠠᠯᠢᠭ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠳᠤᠮᠳᠠᠳᠤ ᠤᠯᠤᠰ ᠤᠨ ᠬᠥᠮᠥᠨ ᠤ ᠡᠷᠬᠡ ᠶᠢ ᠬᠦᠨᠳᠦᠳᠬᠡᠨ ᠪᠠᠲᠤᠯᠠᠭᠰᠠᠨ ᠠᠭᠤᠤ ᠶᠡᠭᠡ ᠦᠢᠯᠡᠳᠦᠯᠭᠡ ᠵᠢᠴᠢ ᠪᠦᠭᠦ ᠪᠥᠮᠪᠥᠷᠴᠡᠭ ᠤᠨ ᠬᠥᠮᠥᠨ ᠤ ᠡᠷᠬᠡ ᠶᠢᠨ ᠵᠠᠰᠠᠯᠲᠠ ᠳᠤ ᠬᠤᠪᠢ ᠨᠡᠮᠡᠷᠢ ᠦᠵᠡᠭᠦᠯᠦᠭᠰᠡᠨ ᠳᠤᠮᠳᠠᠳᠤ ᠤᠯᠤᠰ ᠤᠨ ᠲᠥᠰᠥᠯ ᠢ ᠭᠦᠨᠵᠡᠭᠡᠢ ᠣᠶᠢᠯᠠᠭᠠᠵᠤ᠂ ᠤᠳᠤ ᠦᠶ᠎ᠡ ᠶᠢᠨ ᠳᠤᠮᠳᠠᠳᠤ ᠤᠯᠤᠰ ᠤᠨ ᠬᠥᠮᠥᠨ ᠤ ᠡᠷᠬᠡ ᠶᠢᠨ ᠦᠵᠡᠯᠲᠡ ᠶᠢᠨ ᠲᠠᠲᠠᠬᠤ ᠬᠦᠴᠦᠨ᠂ ᠨᠥᠯᠥᠭᠡᠯᠡᠬᠦ ᠬᠦᠴᠦᠨ ᠢ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠤᠰ ᠨᠣᠮ ᠤᠨ ᠠᠩᠭ᠍ᠯᠢ ᠬᠢᠲᠠᠳ᠂ ᠹᠷᠠᠨᠼᠢ ᠬᠢᠲᠠᠳ᠂ ᠤᠷᠤᠰ ᠬᠢᠲᠠᠳ᠂ ᠢᠰᠫᠠᠨᠢ ᠬᠢᠲᠠᠳ᠂ ᠶᠠᠫᠤᠨ ᠬᠢᠲᠠᠳ ᠬᠠᠷᠢᠴᠠᠭᠤᠯᠤᠭᠰᠠᠨ ᠬᠡᠪᠯᠡᠯ ᠢ 2022 ᠣᠨ ᠳᠤ ᠲᠥᠪ ᠤᠨ ᠨᠠᠶᠢᠷᠠᠭᠤᠯᠤᠨ ᠣᠷᠴᠢᠭᠤᠯᠬᠤ ᠬᠡᠪᠯᠡᠯ ᠤᠨ ᠬᠤᠷᠢᠶ᠎ᠠ ᠠᠴᠠ ᠲᠠᠷᠬᠠᠭᠠᠪᠠ᠃     ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 19 ᠤ ᠴᠠᠭᠢᠯᠭᠠᠨ ᠮᠡᠳᠡᠭᠡ︶    
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号