ᠬᠢᠩᠭᠠᠨ ᠠᠶᠢᠮᠠᠭ ᠠᠭᠤᠯᠠ ᠤᠰᠤ ᠪᠠᠨ ᠨᠤᠭᠤᠭᠠᠷᠠᠭᠤᠯᠵᠤ ᠤᠢ ᠶᠢᠨ ᠵᠢᠮᠢᠰ ᠢᠶᠠᠷ ᠤᠷᠤᠯᠭ᠎ᠠ ᠪᠠᠨ ᠨᠡᠮᠡᠭᠳᠡᠬᠦᠯᠵᠤ ᠪᠠᠶᠢᠭ᠎ᠠ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2023/9/27
    9 ᠰᠠᠷ᠎ᠠ ᠪᠤᠯᠬᠤ ᠳᠤ᠂ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠶᠡᠬᠡᠳᠠᠯ᠎ᠠ ᠤᠢ ᠰᠢᠭᠤᠢ ᠶᠢᠨ ᠲᠠᠯᠠᠪᠠᠢ ᠶᠢᠨ ᠮᠢᠩᠭᠠᠨ ᠮᠤ᠋ ᠤᠯᠠᠭᠠᠨ᠎ᠠ ᠶᠢᠨ ᠰᠠᠭᠤᠷᠢᠨ ᠭᠠᠵᠠᠷ ᠡᠯᠪᠡᠭ ᠬᠤᠷᠢᠶᠠᠯᠳᠠ ᠪᠠᠨ ᠤᠭᠳᠤᠨ ᠠᠪᠴᠢᠷᠠᠯ᠎ᠠ᠃ ᠠᠵᠢᠯᠴᠢᠳ ᠪᠤᠯᠪᠠᠰᠤᠷᠠᠭᠰᠠᠨ ᠵᠢᠮᠢᠰ ᠢ ᠲᠡᠬᠦᠬᠦ᠂ ᠰᠤᠩᠭᠤᠬᠤ᠂ ᠵᠢᠩᠯᠡᠬᠦ ᠭᠡᠬᠦ ᠮᠡᠳᠤ ᠪᠠᠷ ᠲᠤᠬᠠᠢ ᠶᠢᠨ ᠲᠠᠯᠠᠪᠠᠢ ᠳᠤ ᠨᠠᠭᠠᠰᠢ ᠴᠠᠭᠠᠰᠢ ᠰᠦᠯᠵᠢᠯᠳᠤᠨ ᠶᠠᠭᠠᠷᠠᠯᠳᠤᠨ᠎ᠠ᠃ ᠦᠢᠷ᠎ᠠ ᠳᠤ᠂ ᠲᠤᠮᠳᠠᠳᠤ ᠬᠤᠰᠢᠭᠤᠨ ᠤ ᠶᠡᠬᠡᠳᠠᠯ᠎ᠠ ᠤᠢ ᠰᠢᠭᠤᠢ ᠶᠢᠨ ᠲᠠᠯᠠᠪᠠᠢ ᠶᠢᠨ 480 ᠮᠤ᠋ ᠤᠯᠠᠭᠠᠨ᠎ᠠ ᠪᠦᠭᠡᠮ ᠢᠶᠠᠷ ᠪᠤᠯᠪᠠᠰᠤᠷᠠᠵᠤ᠂ ᠤᠨᠠᠯᠳᠠ ᠨᠢ ᠪᠠᠷᠤᠭ 30 ᠲᠦᠮᠡᠡ ᠵᠢᠩ ᠳᠤ ᠬᠦᠷᠴᠤ᠂ ᠠᠵᠤ ᠠᠬᠤᠢ ᠶᠢᠨ ᠦᠷ᠎ᠠ ᠠᠰᠢᠭ ᠨᠢ ᠪᠠᠷᠤᠭ 180 ᠲᠦᠮᠡᠨ ᠲᠦᠬᠦᠷᠢᠭ ᠲᠤ ᠬᠦᠷᠦᠨ᠎ᠠ᠃ ᠲᠤᠰ ᠤᠢ ᠰᠢᠭᠤᠢ ᠶᠢᠨ ᠲᠠᠯᠠᠪᠠᠢ 2022 ᠤᠨ ᠳᠤ 300 ᠲᠡᠭᠰᠢ ᠲᠦᠷᠪᠡᠯᠵᠢᠨ ᠮᠧᠳ᠋ᠷ ᠲᠠᠯᠠᠪᠠᠢ ᠪᠦᠬᠦᠢ ᠰᠤᠷᠭᠤᠭ ᠢᠶᠠᠷ ᠬᠠᠳᠠᠭᠠᠯᠠᠬᠤ ᠬᠦᠢᠳᠡᠨ ᠬᠦᠮᠤᠷᠭᠡ ᠵᠢᠴᠢ ᠵᠢᠮᠢᠰ ᠤᠨ ᠪᠦᠳᠤᠭᠡᠭᠳᠡᠬᠦᠨ ᠢ ᠬᠦᠨᠵᠡᠭᠡᠢ ᠪᠤᠯᠪᠠᠰᠤᠷᠠᠭᠤᠯᠬᠤ ᠬᠤᠶᠠᠷ ᠵᠤᠷᠪᠤᠰ ᠦᠢᠯᠡᠳᠪᠤᠷᠢᠯᠡᠯ ᠤᠨ ᠱᠤᠭᠤᠮ ᠢ ᠰᠢᠨ᠎ᠠ ᠪᠠᠷ ᠪᠠᠶᠢᠭᠤᠯᠵᠤ᠂ ᠤᠯᠠᠭᠠᠨ᠎ᠠ ᠶᠢᠨ ᠯᠠᠰᠠᠳᠤ ᠢᠳᠡᠭᠡᠨ᠂ ᠤᠮᠳᠠᠭᠠᠨ᠂ ᠵᠢᠮᠢᠰ ᠤᠨ ᠲᠠᠷᠤᠰᠢ ᠵᠡᠷᠭᠡ ᠪᠦᠳᠤᠭᠡᠭᠳᠡᠬᠦᠨ ᠢ ᠦᠢᠯᠡᠳᠪᠤᠷᠢᠯᠡᠨ᠂ ᠭᠡᠭᠡᠷ᠎ᠡ ᠳᠠᠷᠢᠭᠰᠠᠨ ᠵᠠᠭᠤᠨ ᠮᠤ᠋ ᠤᠯᠠᠭᠠᠨ᠎ᠠ ᠶᠢ ᠬᠤᠳᠠ ᠶᠢᠨ ᠵᠠᠬ᠎ᠠ ᠲᠡᠯᠭᠡᠬᠦᠷ ᠲᠤ ᠬᠦᠷᠭᠡᠯ᠎ᠠ᠃
   ︽ᠡ᠊ᠨᠠ ᠵᠢᠯ ᠤᠯᠠᠭᠠᠨ᠎ᠠ ᠲᠠᠷᠢᠬᠤ ᠲᠠᠯᠠᠪᠠᠢ ᠪᠠᠨ ᠪᠠᠰᠠ 300 ᠮᠤ᠋ ᠦᠷᠭᠡᠳᠭᠡᠵᠤ᠂ ᠠᠮᠢ ᠠᠬᠤᠢ ᠶᠢᠨ ᠦᠷ᠎ᠠ ᠠᠰᠢᠭ ᠪᠠ ᠠᠵᠤ ᠠᠬᠤᠢ ᠶᠢᠨ ᠦᠷ᠎ᠠ ᠠᠰᠢᠭ ᠢ ᠤᠯᠠᠮ ᠨᠢᠭᠡ ᠠᠯᠬᠤᠮ ᠲᠡᠭᠡᠭᠰᠢᠯᠡᠬᠦᠯᠵᠠᠢ᠃ ᠪᠢᠳᠠᠨ ᠤ ᠡᠬᠦᠳᠥᠭᠰᠡᠨ ᠤᠯᠠᠭᠠᠨ᠎ᠠ ᠶᠢᠨ ᠪᠦᠳᠤᠭᠡᠭᠳᠡᠬᠦᠨ — ︿ᠬᠢᠩᠭᠠᠨ ᠺᠠᠯᠼᠳᠤ ᠵᠢᠮᠢᠰ 1 ᠨᠤᠮᠧᠷᠳᠤ﹀ ᠨᠢ ᠪᠠᠰᠠ ᠪᠦᠬᠦ ᠤᠷᠤᠨ ᠤ ᠵᠢᠮᠢᠰ ᠤᠨ ᠮᠤᠳᠤᠨ ᠤ ᠠᠵᠤ ᠠᠬᠤᠢ ᠶᠢᠨ ᠨᠡᠷ᠎ᠠ ᠶᠢᠨ ᠬᠠᠭᠤᠳᠠᠰᠤ ᠪᠤᠯᠬᠤ ᠪᠠᠷ ᠪᠠᠶᠢᠨ᠎ᠠ︾ ᠭᠡᠵᠤ ᠲᠤᠮᠳᠠᠳᠤ ᠬᠤᠰᠢᠭᠤᠨ ᠤ ᠤᠢ ᠰᠢᠭᠤᠢ ᠶᠢᠨ ᠲᠤᠪᠴᠢᠶᠠᠨ ᠤ ᠲᠡᠳ᠋ ᠲᠠᠷᠤᠭ᠎ᠠ ᠶᠢᠨ ᠵᠤᠸᠠᠩ ᠶᠠᠷᠢᠨ᠎ᠠ᠃ ᠤᠶᠢᠷ᠎ᠠ ᠶᠢᠨ ᠵᠢᠯ ᠠᠴᠠ ᠨᠠᠭᠠᠰᠢ᠂ ᠬᠢᠩᠭᠠᠨ ᠠᠶᠢᠮᠠᠭ ︽ᠨᠤᠭᠤᠭᠠᠷᠠᠭᠤᠯᠤᠯᠳᠠ ᠶᠢ ᠨᠡᠮᠡᠭᠳᠡᠬᠦᠯᠬᠦ ᠪᠤᠯ ᠲᠠᠷᠤᠢ ᠲᠠᠪᠠᠭᠤᠯᠢᠭ ᠢᠶᠠᠨ ᠨᠡᠮᠡᠭᠳᠡᠬᠦᠯᠵᠤ ᠂ ᠤᠢ ᠮᠤᠳᠤ ᠶᠢ ᠬᠠᠮᠠᠭᠠᠯᠠᠬᠤ ᠪᠤᠯ ᠲᠠᠷᠤᠢ ᠡᠳ᠋ ᠪᠠᠶᠠᠯᠢᠭ ᠢᠶᠠᠨ ᠬᠠᠮᠠᠭᠠᠯᠠᠬᠤ︾ ᠤᠨᠤᠯᠵᠢᠬᠤᠨ ᠢ ᠪᠠᠳᠤ ᠱᠤᠭᠤᠵᠤ᠂ ᠤᠨᠴᠠᠯᠢᠭᠳᠤ ᠡᠬᠢ ᠪᠡᠶᠡᠯᠢᠬ ᠲᠠᠭᠠᠨ ᠰᠠᠭᠤᠷᠢᠯᠠᠨ᠂ ᠤᠢ ᠶᠢᠨ ᠵᠢᠮᠢᠰ ᠤᠨ ᠠᠵᠤ ᠦᠢᠯᠡᠰ ᠢ ᠬᠦᠴᠤᠷᠬᠡᠭᠵᠢᠬᠦᠯᠵᠤ᠂ ᠠᠵᠤ ᠦᠢᠯᠡᠰ ᠤᠨ ᠬᠡᠯᠬᠢᠶ᠎ᠠ ᠶᠢ ᠤᠷᠳᠤᠳᠬᠠᠨ᠂ ᠪᠤᠷᠤᠯᠠᠭᠤᠯᠬᠤ ᠵᠠᠮ ᠢ ᠦᠷᠭᠡᠳᠭᠡᠵᠤ᠂ ᠨᠡᠷᠡᠳᠤ ᠳᠡᠮᠳᠡᠭ ᠤᠨ ᠦᠷᠳᠡᠭ ᠢ ᠬᠦᠨᠵᠡᠭᠡᠢ ᠠᠭᠤᠳᠠᠯᠯᠠᠨ᠂ ᠤᠯᠠᠨ ᠲᠦᠮᠡᠨ ᠤ ᠠᠮᠢᠳᠤᠷᠠᠯ ᠢ ᠪᠠᠶᠠᠯᠢᠭᠵᠢᠭᠤᠯᠵᠤ᠂ ᠠᠮᠢ ᠠᠬᠤᠢ ᠶᠢ ᠰᠠᠶᠢᠵᠢᠷᠠᠭᠤᠯᠪᠠ᠃ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠶᠢᠨ ᠺᠸᠣ ᠸᠧᠢ ᠢᠳᠡᠭᠡᠨ ᠤ ᠵᠦᠢᠯᠡᠰ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠦᠢᠯᠡᠳᠪᠤᠷᠢᠯᠡᠯ ᠤᠨ ᠲᠠᠰᠤᠭ ᠲᠤ ᠠᠭᠠᠯᠢᠭ ᠠᠯᠢᠮ᠎ᠠ ᠶᠢ ᠵᠢᠮᠢᠰ ᠤᠨ ᠲᠠᠷᠤᠰᠢ ᠪᠤᠯᠭᠠᠨ᠂ ᠨᠠᠷᠯᠢᠭ ᠰᠠᠶᠢᠬᠠᠨ ᠪᠠᠭᠤᠳᠠᠯᠯᠠᠭᠰᠠᠨ ᠤ ᠲᠠᠷᠠᠭ᠎ᠠ ᠪᠦᠬᠦ ᠤᠯᠤᠰ ᠤᠨ ᠡᠯ᠎ᠠ ᠭᠠᠵᠠᠷ ᠲᠤ ᠪᠤᠷᠤᠯᠠᠭᠤᠯᠵᠤ ᠪᠤᠢ᠃
   ᠤᠶᠢᠷ᠎ᠠ ᠶᠢᠨ ᠵᠢᠯ ᠠᠴᠠ ᠨᠠᠭᠠᠰᠢ᠂ ᠡᠮᠤᠨᠡᠳᠤ ᠬᠤᠰᠢᠭᠤ ᠠᠭᠠᠯᠢᠭ ᠠᠯᠢᠮ ᠎ᠠ ᠶᠢᠨ ᠠᠵᠤ ᠦᠢᠯᠡᠰ ᠢ ᠠᠵᠤ ᠦᠢᠯᠡᠰ ᠤᠨ ᠪᠦᠳᠤᠴᠠ ᠶᠢ ᠲᠤᠬᠢᠷᠠᠭᠤᠯᠬᠤ᠂ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠶᠢᠨ ᠭᠤᠥᠯᠳᠠᠯᠭ᠎ᠠ ᠲᠠᠢ ᠭᠠᠷᠳᠠᠴᠠ ᠪᠤᠯᠭᠠᠵᠤ᠂ ᠠᠭᠠᠯᠢᠭ ᠠᠯᠢᠮ᠎ᠠ ᠶᠢ ᠲᠠᠷᠢᠵᠤ ᠤᠷᠭᠤᠭᠤᠯᠬᠤ ᠰᠠᠭᠤᠷᠢᠨ ᠭᠠᠵᠠᠷ ᠤᠨ ᠪᠦᠳᠤᠭᠡᠨ ᠪᠠᠶᠢᠭᠤᠯᠤᠯᠳᠠ ᠶᠢ ᠲᠠᠰᠤᠷᠠᠯᠳᠠ ᠦᠭᠡᠢ ᠦᠷᠭᠡᠳᠭᠡᠵᠤ᠂ ᠬᠦᠨᠵᠡᠭᠡᠢ ᠪᠤᠯᠪᠠᠰᠤᠷᠠᠭᠤᠯᠬᠤ ᠠᠵᠤ ᠠᠬᠤᠶᠢᠯᠠᠯ ᠢ ᠤᠷᠤᠭᠤᠯᠤᠨ ᠠᠪᠴᠢᠷᠠᠵᠤ᠂ ᠬᠡᠯᠬᠢᠶ᠎ᠠ ᠶᠢ ᠤᠷᠳᠤᠳᠬᠠᠨ᠂ ᠤᠢ ᠶᠢᠨ ᠵᠢᠮᠢᠰ ᠤᠨ ᠠᠵᠤ ᠦᠢᠯᠡᠰ ᠢ ᠬᠦᠴᠤᠷᠬᠡᠭᠵᠢᠬᠦᠯᠪᠡ᠃ ᠤᠳᠤᠬᠠᠨ ᠳᠤ᠂ ᠪᠦᠬᠦ ᠬᠤᠰᠢᠭᠤᠨ ᠳᠤ 11 ᠲᠦᠮᠡᠨ ᠮᠤ᠋ ᠠᠭᠠᠯᠢᠭ ᠠᠯᠢᠮ᠎ᠠ ᠲᠠᠢ ᠪᠠᠶᠢᠵᠤ᠂ ᠵᠢᠯ ᠤᠨ ᠦᠢᠯᠡᠳᠭᠦᠨ ᠤ ᠦᠷᠳᠡᠭ ᠨᠢ 1.2 ᠳ᠋ᠦᠩᠰᠢᠭᠤᠷ ᠲᠦᠬᠦᠷᠢᠭ ᠲᠤ ᠬᠦᠷᠴᠤ᠂ ᠵᠢᠯ ᠪᠦᠷᠢ ᠵᠢᠮᠢᠰ ᠤᠨ ᠬᠠᠳᠠᠭᠠᠮᠠᠯ᠂ ᠵᠢᠮᠢᠰ ᠤᠨ ᠲᠠᠷᠤᠰᠢ᠂ ᠵᠢᠮᠢᠰ ᠤᠨ ᠤᠮᠳᠠᠭᠠᠨ᠂ ᠵᠢᠮᠢᠰ ᠤᠨ ᠠᠷᠢᠬᠢ ᠵᠡᠷᠭᠡ ᠪᠦᠳᠤᠭᠡᠭᠳᠡᠬᠦᠨ ᠢ 2 ᠲᠦᠮᠡᠨ ᠳᠤᠨ ᠦᠢᠯᠡᠳᠪᠦᠷᠢᠯᠡᠵᠤ ᠪᠤᠢ᠃ ᠡᡁᠧᠩ ᠵᠢᠶᠠ᠂ ᠮᠧᠩ ᠬᠦᠸᠧ᠂ ᠪᠸᠢ ᠭᠦᠸᠧ ᠴᠤᠸᠠᠨ ᠴᠢ ᠵᠡᠷᠭᠡ ᠤᠢ ᠶᠢᠨ ᠵᠢᠮᠢᠰ ᠤᠨ ᠨᠡᠷᠡᠳᠤ ᠲᠡᠮᠳᠡᠭ ᠨᠢ ᠠᠶᠢᠮᠠᠭ ᠤᠨ ᠳᠤᠳᠤᠨ᠎ᠠ ᠭᠠᠳᠠᠨ᠎ᠠ ᠠᠯᠳᠠᠷᠰᠢᠵᠠᠢ᠃ ᠠᠵᠤ ᠦᠢᠯᠡᠰ ᠤᠨ ᠬᠡᠯᠬᠢᠶᠠᠨ ᠤ ᠲᠡᠬᠦᠯᠳᠡᠷᠵᠢᠭᠰᠡᠨ ᠨᠢ ᠰᠤᠷᠭᠤᠭ ᠵᠢᠮᠢᠰ ᠢ ᠬᠠᠳᠠᠭᠠᠯᠠᠬᠤ᠂ ᠵᠦᠭᠡᠭᠡᠪᠤᠷᠢᠯᠡᠬᠦ ᠳᠤ ᠬᠦᠴᠢᠷ ᠠᠰᠠᠭᠤᠳᠠᠯ ᠢ ᠪᠦᠳᠤᠮᠵᠢᠳᠠᠢ ᠰᠶᠢᠳᠪᠤᠷᠢᠯᠡᠭᠰᠡᠨ ᠢᠶᠠᠷ ᠪᠠᠷᠠᠬᠤ ᠦᠭᠡᠢ ︽ᠬᠢᠩᠭᠠᠨ ᠠᠶᠢᠮᠠᠭ︾ ᠢ ᠨᠡᠩ ᠤᠯᠠᠨ ᠬᠡᠷᠡᠭᠯᠡᠭᠴᠢᠳ ᠤᠨ ᠬᠠᠷᠠᠭᠠᠨ ᠳᠤ ᠲᠤᠳᠤᠷᠠᠭᠤᠯᠤᠯ᠎ᠠ᠃ ᠬᠦᠬᠡᠮᠳᠥᠭ ᠨᠤᠭᠤᠭᠠᠨ ᠠᠭᠤᠯᠠ ᠤᠰᠤ ᠪᠠᠨ ᠰᠠᠶᠢᠳᠤᠷ ᠬᠠᠮᠠᠭᠠᠯᠠᠪᠠᠯ ᠰᠠᠶ᠋ᠢ ᠠᠯᠳᠠ ᠮᠦᠩᠬᠦᠨ ᠠᠭᠤᠯᠠ ᠪᠤᠯᠭᠠᠵᠤ ᠴᠢᠳᠠᠨ᠎ᠠ᠃ ᠤᠢ ᠶᠢᠨ ᠵᠢᠮᠢᠰ ᠤᠨ ᠠᠵᠤ ᠦᠢᠯᠡᠰ ᠢ ᠬᠦᠭᠵᠢᠬᠦᠯᠬᠦ ᠲᠠᠯ᠎ᠠ ᠪᠠᠷ ᠂ ᠬᠢᠩᠭᠠᠨ ᠠᠶᠢᠮᠠᠭ ᠠᠮᠢ ᠠᠬᠤᠢ ᠪᠠᠷ ᠤᠷᠢᠳᠠᠯ ᠪᠤᠯᠭᠠᠬᠤ ᠬᠦᠭᠵᠢᠯᠳᠠ ᠶᠢᠨ ᠤᠨᠤᠯᠵᠢᠬᠤᠨ ᠢ ᠪᠠᠷᠢᠮᠳᠠᠯᠠᠵᠤ᠂ ᠡᠯ᠎ᠠ ᠬᠤᠰᠢᠭᠤ ᠰᠢᠶᠠᠨ ᠤ ᠲᠠᠪᠠᠭᠤᠯᠢᠭ ᠪᠠ ᠤᠨᠴᠠᠯᠢᠭ ᠢ ᠦᠨᠳᠤᠰᠤᠯᠡᠨ᠂ ᠬᠦᠭᠵᠢᠯᠳᠠ ᠶᠢᠨ ᠠᠵᠤ ᠦᠢᠯᠡᠰ ᠢ ᠲᠤᠭᠳᠠᠭᠠᠨ᠂ ᠠᠮᠢ ᠠᠬᠤᠢ ᠶᠢᠨ ᠲᠠᠪᠠᠭᠤᠯᠢᠭ ᠢ ᠬᠦᠭᠵᠢᠯᠳᠠ ᠶᠢᠨ ᠲᠠᠪᠠᠭᠤᠯᠢᠭ ᠲᠡᠶᠢᠰᠢ ᠬᠤᠪᠢᠷᠠᠭᠤᠯᠵᠤ ᠪᠤᠢ᠃
   ᠲᠦᠴᠢᠣᠸᠠᠨ ᠰᠢᠶᠠᠨ ᠭᠡᠭᠡᠷ᠎ᠠ ᠶᠢᠨ ᠲᠠᠥᠯᠠᠢ ᠶᠢᠨ ᠪᠦᠭᠡᠷ᠎ᠠ ᠶᠢᠨ ᠵᠢᠮᠢᠰ ᠤᠨ ᠠᠵᠤ ᠦᠢᠯᠡᠰ ᠲᠤ ᠲᠦᠰᠢᠭᠯᠡᠨ᠂ ᠠᠮᠢ ᠠᠬᠤᠢ ᠶᠢᠨ ᠦᠷ᠎ᠠ ᠠᠰᠢᠭ ᠢ ᠠᠵᠤ ᠠᠬᠤᠢ ᠶᠢᠨ ᠦᠷ᠎ᠠ ᠠᠰᠢᠭ ᠪᠤᠯᠭᠠᠨ ᠬᠤᠪᠢᠷᠠᠭᠤᠯᠵᠤ᠂ ᠤᠢ ᠶᠢᠨ ᠵᠢᠮᠢᠰ ᠤᠨ ᠠᠵᠤ ᠠᠬᠤᠢ ᠶᠢ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ᠂ ᠤᠯᠠᠨ ᠲᠦᠮᠡᠨ ᠢ ᠪᠠᠶᠠᠵᠢᠭᠤᠯᠬᠤ ᠶᠢᠨ ︽ᠡᠷᠳᠡᠨᠢ ᠶᠢᠨ ᠰᠠᠩ︾ ᠪᠤᠯᠭᠠᠯ᠎ᠠ᠃ ᠤᠳᠤᠬᠠᠨ ᠳᠤ᠂ ᠲᠦᠴᠢᠣᠸᠠᠨ ᠰᠢᠶᠠᠨ ᠤ ᠭᠡᠭᠡᠷ᠎ᠠ ᠶᠢᠨ ᠲᠠᠥᠯᠠᠢ ᠶᠢᠨ ᠪᠦᠭᠡᠷ᠎ᠠ ᠶᠢᠨ ᠲᠠᠷᠢᠮᠠᠯ ᠤᠨ ᠲᠠᠯᠠᠪᠠᠢ 7 ᠲᠦᠮᠠ ᠭᠠᠷᠤᠢ ᠮᠤ᠋ ᠳᠤ ᠲᠤᠯᠵᠤ᠂ ᠬᠢᠩᠭᠠᠨ ᠠᠶᠢᠮᠠᠭ ᠲᠤ ᠭᠡᠭᠡᠷ᠎ᠡ ᠶᠢᠨ ᠳᠠᠤᠯᠠᠢ ᠶᠢᠨ ᠪᠦᠬᠡᠷ᠎ᠡ ᠶᠢ ᠬᠦᠮᠤᠨ ᠤ ᠬᠦᠴᠤ ᠪᠠᠷ ᠲᠠᠷᠢᠵᠤ ᠤᠷᠭᠤᠭᠤᠯᠤᠭᠰᠠᠨ ᠬᠠᠮᠤᠭ ᠶᠡᠭᠡ ᠲᠠᠯᠠᠪᠠᠢ ᠲᠠᠢ ᠬᠤᠰᠢᠭᠤ ᠰᠢᠶᠠᠨ ᠪᠤᠯᠵᠠᠢ᠃ ᠭᠡᠭᠡᠷ᠎ᠠ ᠶᠢᠨ ᠲᠠᠥᠯᠠᠢ ᠶᠢᠨ ᠪᠦᠭᠡᠷ᠎ᠠ ᠶᠢᠨ ᠶᠡᠷᠤᠩᠬᠡᠢ ᠦᠷᠳᠡᠭ ᠢ ᠠᠭᠤᠳᠠᠯᠯᠠᠬᠤ ᠪᠠᠷ ᠲᠦᠴᠢᠣᠸᠠᠨ ᠰᠢᠶᠠᠨ ᠭᠡᠭᠡᠷ᠎ᠠ ᠶᠢᠨ ᠲᠠᠥᠯᠠᠢ ᠶᠢᠨ ᠪᠦᠭᠡᠷ᠎ᠠ ᠶᠢᠨ ᠪᠦᠬᠦ ᠬᠡᠯᠬᠢᠶᠡᠨ ᠤ ᠶᠡᠷᠤᠩᠬᠡᠶᠢᠯᠡᠭᠰᠡᠨ ᠲᠤᠷᠰᠢᠯᠳᠠ ᠶᠢᠨ ᠵᠢᠱᠢᠶᠡᠴᠢ ᠤᠷᠤᠨ ᠢ ᠡᠬᠦᠳᠴᠤ᠂ ᠪᠤᠯᠪᠠᠰᠤᠷᠠᠭᠤᠯᠬᠤ ᠲᠤᠨᠤᠭ ᠲᠦᠬᠦᠭᠡᠷᠤᠮᠵᠢ ᠤᠷᠤᠭᠤᠯᠤᠨ᠂ ᠭᠡᠭᠡᠷ᠎ᠠ ᠶᠢᠨ ᠲᠠᠥᠯᠠᠢ ᠶᠢᠨ ᠪᠦᠭᠡᠷ᠎ᠠ ᠶᠢᠨ ᠲᠤᠰᠤ᠂ ᠴᠠᠢ ᠵᠡᠷᠭᠡ ᠪᠦᠳᠤᠭᠡᠭᠳᠡᠬᠦᠨ ᠢ ᠦᠢᠯᠡᠳᠪᠤᠷᠢᠯᠡᠵᠤ ᠂ ︽ᠬᠢᠩᠭᠠᠨ ᠤ ᠭᠡᠭᠡᠷ᠎ᠠ ᠶᠢᠨ ᠲᠠᠥᠯᠠᠢ ᠶᠢᠨ ᠪᠦᠭᠡᠷ᠎ᠠ︾ ᠶᠢ ᠨᠡᠩ ᠦᠷᠭᠡᠨ ᠲᠡᠯᠭᠡᠷ ᠲᠠᠪᠴᠠᠩ ᠳᠤ ᠭᠠᠷᠭᠠᠯ᠎ᠠ᠃ ︽ᠭᠡᠭᠡᠷ᠎ᠠ ᠶᠢᠨ ᠲᠠᠥᠯᠠᠢ ᠶᠢᠨ ᠪᠦᠭᠡᠷ᠎ᠠ ᠶᠢ ᠲᠠᠷᠢᠭᠠᠳ 7 ᠵᠢᠯ ᠪᠤᠯᠤᠭᠰᠠᠨ ᠤ ᠲᠠᠷᠠᠭ᠎ᠠ ᠦᠢᠯᠡᠳᠪᠤᠷᠢᠯᠡᠭᠰᠡᠨ ᠴᠠᠢ ᠪᠠ ᠢᠳᠡᠭᠡᠨ ᠤ ᠲᠤᠰᠤ ᠵᠡᠷᠭᠡ ᠶᠢᠨ ᠮᠤ᠋ ᠪᠦᠷᠢ ᠶᠢᠨ ᠦᠢᠯᠡᠳᠭᠦᠨ ᠤ ᠦᠷᠳᠡᠭ ᠨᠢ 1.5 ᠲᠦᠮᠡᠨ ᠲᠦᠬᠦᠷᠢᠭ ᠠᠴᠠ ᠲᠡᠭᠡᠭᠰᠢ ᠬᠦᠷᠴᠤ᠂ ᠬᠡᠷᠪᠡ ᠤᠢ ᠶᠢᠨ ᠠᠵᠤ ᠠᠬᠤᠢ ᠶᠢᠨ ᠲᠠᠷᠢᠮᠠᠯ ᠲᠠᠢ ᠠᠯᠠᠭᠯᠠᠨ ᠲᠠᠷᠢᠬᠤ ᠪᠤᠶᠤ ᠤᠢ ᠶᠢᠨ ᠮᠦᠬᠦ ᠲᠠᠢ ᠠᠯᠠᠭᠯᠠᠨ ᠲᠠᠷᠢᠪᠠᠯ᠂ ᠮᠤ᠋ ᠪᠦᠷᠢ ᠶᠢᠨ ᠦᠢᠯᠡᠳᠭᠦᠨ ᠤ ᠦᠷᠳᠡᠭ ᠨᠢ 0.5 ᠲᠦᠮᠡᠨ ᠲᠦᠬᠦᠷᠢᠭ ᠠᠴᠠ ᠲᠡᠭᠡᠭᠰᠢ ᠨᠡᠮᠡᠭᠳᠡᠵᠤ᠂ ᠠᠵᠤ ᠠᠬᠤᠢ ᠶᠢᠨ ᠠᠰᠢᠭ ᠤᠷᠤᠯᠭ᠎ᠠ ᠲᠦᠢᠯ ᠤᠨ ᠦᠨᠳᠤᠷ ᠪᠢᠯᠠ︾ ᠭᠡᠵᠤ ᠲᠦᠴᠢᠣᠸᠠᠨ ᠰᠢᠶᠠᠨ ᠤ ᠳ᠋ᠦᠩ ᠹᠧᠩ ᠤᠢ ᠰᠢᠭᠤᠢ ᠶᠢᠨ ᠲᠠᠯᠠᠪᠠᠢ ᠶᠢᠨ ᠲᠠᠷᠤᠭ᠎ᠠ ᠯᠤ᠋ ᠬᠠᠢ ᠪᠦᠸᠧ ᠲᠠᠨᠢᠯᠴᠠᠭᠤᠯᠤᠨ᠎ᠠ᠃
   ᠡᠬᠦᠨ ᠲᠠᠢ ᠠᠳᠠᠯᠢ ᠪᠠᠷ ᠤᠶᠢᠷ᠎ᠠ ᠶᠢᠨ ᠵᠢᠯ ᠠᠴᠠ ᠨᠠᠭᠠᠰᠢ᠂ ᠵᠠᠯᠠᠶᠢᠳ ᠬᠤᠰᠢᠭᠤ ᠤᠢ ᠮᠤᠳᠤᠨ ᠤ ᠡᠬᠢ ᠪᠠᠶᠠᠯᠢᠭ ᠢᠶᠠᠨ ᠬᠦᠢᠴᠡᠳ ᠠᠰᠢᠭᠯᠠᠵᠤ᠂ ᠰᠢᠳ ᠬᠦᠢᠯᠡᠰᠤ ᠲᠠᠷᠢᠵᠤ ᠤᠷᠭᠤᠭᠤᠯᠤᠨ᠂ ᠬᠡᠳᠤᠬᠡᠨ ᠵᠢᠯ ᠤᠨ ᠲᠤᠳᠤᠷ᠎ᠠ 2.3 ᠲᠦᠮᠡᠨ ᠮᠤ᠋ ᠰᠢᠳ ᠭᠦᠢᠯᠡᠰᠤ ᠪᠤᠯᠭᠠᠨ ᠬᠦᠭᠵᠢᠭᠦᠯᠪᠡ᠂ ᠡᠬᠦᠨ ᠤ ᠳᠤᠳᠤᠷ᠎ᠠ ᠠᠯᠳᠠᠷᠳᠤ ᠰᠤᠮᠤ ᠶᠢᠨ ᠳᠠᠷᠢᠭᠰᠠᠨ ᠰᠢᠳ ᠬᠦᠢᠯᠡᠰᠤ ᠨᠢ ᠬᠠᠮᠤᠭ ᠤᠨ ᠲᠦᠯᠤᠭᠡᠯᠡᠭᠴᠢ ᠴᠢᠨᠠᠷᠳᠠᠢ ᠶᠤᠮ᠃ ᠲᠤᠰ ᠰᠤᠮᠤ ᠲᠡᠮᠡᠭᠡᠨ ᠭᠠᠴᠠᠭᠠᠨ ᠤ ᠬᠠᠮᠳᠤ ᠨᠡᠶᠢᠳᠠ ᠶᠢᠨ ᠤᠢ ᠶᠢᠨ ᠭᠠᠵᠠᠷ ᠢ ᠠᠰᠢᠭᠯᠠᠨ᠂ 350 ᠲᠦᠮᠡᠨ ᠲᠦᠬᠦᠷᠢᠭ ᠤᠨ ᠪᠡᠯᠡ ᠮᠦᠩᠬᠦ ᠵᠠᠷᠤᠴᠠᠭᠤᠯᠤᠨ᠂ ᠠᠵᠤ ᠠᠬᠤᠢ ᠶᠢᠨ ᠤᠢ ᠶᠢᠨ ᠪᠦᠳᠤᠭᠡᠨ ᠪᠠᠶᠢᠭᠤᠯᠤᠯᠳᠠ ᠶᠢᠨ ᠲᠦᠷᠤᠯ ᠵᠦᠢᠯ ᠢ ᠬᠡᠷᠡᠭᠵᠢᠬᠦᠯᠪᠡ᠃ ᠲᠤᠰ ᠲᠦᠷᠤᠯ ᠵᠦᠢᠯ ᠨᠢ ︽ᠰᠢᠳ ᠬᠦᠢᠯᠡᠰᠤ + ᠡᠮ ᠤᠨ ᠮᠠᠲ᠋ᠧᠷᠢᠶᠠᠯ︾ ᠢ ᠲᠠᠷᠢᠵᠤ ᠤᠷᠭᠤᠭᠤᠯᠬᠤ ᠬᠡᠯᠪᠡᠷᠢ ᠪᠠᠷ ᠂ 260 ᠮᠤ᠋ ᠰᠢᠳ ᠬᠦᠢᠯᠡᠰᠤ ᠶᠢ ᠲᠠᠷᠢᠵᠤ ᠤᠷᠭᠤᠭᠤᠯᠵᠤ᠂ ᠰᠢᠳ ᠬᠦᠢᠯᠡᠰᠤ ᠪᠠ ᠴᠢᠨ᠋ᠸ᠎ᠠ ᠶᠢᠨ ᠬᠠᠯᠳᠠᠷ ᠢ ᠠᠯᠠᠭᠯᠠᠨ ᠲᠠᠷᠢᠬᠤ ᠪᠠᠷ ᠲᠠᠮᠵᠢᠨ᠂ ᠤᠢ ᠰᠢᠭᠤᠢ ᠶᠢᠨ ᠭᠠᠵᠠᠷ ᠢ ᠬᠡᠷᠡᠭᠯᠡᠬᠦ ᠨᠤᠷᠮ᠎ᠠ ᠶᠢ ᠲᠡᠭᠡᠭᠰᠢᠯᠡᠬᠦᠯᠦᠭᠰᠡᠨ ᠢᠶᠠᠷ ᠪᠠᠷᠠᠬᠤ ᠦᠭᠡᠢ ᠠᠵᠤ ᠠᠬᠤᠢ ᠶᠢᠨ ᠤᠷᠤᠯᠭ᠎ᠠ ᠶᠢ ᠴᠤ ᠨᠡᠮᠡᠭᠳᠡᠬᠦᠯᠪᠠ᠃ ᠤᠳᠤᠬᠠᠨ ᠳᠤ᠂ ᠵᠠᠯᠠᠶᠢᠳ ᠬᠤᠰᠢᠭᠤ ᠭᠤᠤᠯ ᠤᠢ ᠰᠢᠭᠤᠢ ᠶᠢᠨ ᠲᠠᠯᠠᠪᠠᠢ ᠪᠠ ᠬᠦᠷᠡᠯ ᠪᠠᠯᠭᠠᠰᠤᠨ ᠤ ᠮᠠᠨᠳᠤᠯᠳᠤ 2 ᠭᠠᠵᠠᠷ ᠲᠤ 10000 ᠮᠤ᠋ ᠰᠢᠳ ᠬᠦᠢᠯᠡᠰᠤ ᠲᠠᠷᠢᠵᠤ ᠤᠷᠭᠤᠭᠤᠯᠬᠤ ᠰᠠᠭᠤᠷᠢᠨ ᠭᠠᠵᠠᠷ ᠢ ᠪᠠᠶᠢᠭᠤᠯᠵᠤ᠂ ᠬᠠᠮᠳᠤ ᠨᠡᠶᠢᠳᠠ ᠶᠢᠨ ᠠᠵᠤ ᠠᠬᠤᠢ ᠶᠢ ᠬᠦᠴᠤᠷᠬᠡᠭᠵᠢᠬᠦᠯᠬᠦ᠂ ᠠᠵᠤ ᠠᠬᠤᠶᠢᠯᠠᠯ ᠢ ᠡᠷᠡᠬᠦᠯ ᠢᠶᠠᠷ ᠬᠦᠭᠵᠢᠬᠦᠯᠬᠦ᠂ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠬᠠᠷᠠᠯᠳᠠ ᠶᠢ ᠪᠡᠶᠡᠯᠡᠬᠦᠯᠪᠠ᠃ 5 ᠰᠢᠶᠠᠩ ᠪᠠᠯᠭᠠᠰᠤ ᠶᠢ ᠨᠦᠯᠤᠭᠡᠯᠡᠨ ᠳᠠᠶᠢᠴᠢᠯᠠᠵᠤ ᠬᠦᠷᠢᠶ᠎ᠠ ᠬᠠᠰᠢᠶᠠᠨ ᠤ ᠠᠵᠤ ᠠᠬᠤᠢ ᠶᠢ ᠬᠦᠭᠵᠢᠭᠦᠯᠪᠡ᠃ ᠤᠳᠤᠬᠠᠨ ᠳᠤ ᠳᠠᠷᠢᠭᠠᠳ ᠪᠠᠶᠢᠭ᠎ᠠ ᠰᠢᠳ ᠭᠦᠢᠯᠡᠰᠤ 5 ᠵᠢᠯ ᠤᠨ ᠲᠠᠷᠠᠭ᠎ᠠ ᠵᠢᠮᠢᠰ ᠡᠯᠪᠡᠭ ᠬᠤᠷᠢᠶᠠᠬᠤ ᠬᠤᠭᠤᠴᠠᠭᠠᠨ ᠳᠤ ᠤᠷᠤᠵᠤ᠂ ᠵᠢᠯ ᠤᠨ ᠦᠢᠯᠡᠳᠭᠦᠨ ᠤ ᠦᠷᠳᠡᠭ ᠨᠢ 2 ᠳ᠋ᠦᠩᠰᠢᠭᠤᠷ ᠲᠦᠬᠦᠷᠢᠭ ᠲᠤ ᠬᠦᠷᠬᠦ ᠪᠤᠯᠤᠨ᠎ᠠ᠃
   ᠤᠳᠤᠬᠠᠨ ᠳᠤ᠂ ᠬᠢᠩᠭᠠᠨ ᠠᠶᠢᠮᠠᠭ ᠤᠨ ᠠᠵᠤ ᠠᠬᠤᠢ ᠶᠢᠨ ᠤᠢ ᠶᠢᠨ ᠶᠡᠷᠦᠩᠬᠡᠢ ᠲᠠᠯᠠᠪᠠᠢ 35.2 ᠲᠦᠮᠡᠨ ᠮᠤ᠋ ᠳᠤ ᠬᠦᠷᠴᠤ᠂ 10 ᠲᠦᠮᠡᠨ ᠮᠤ᠋ ᠨᠢ ᠵᠢᠮᠢᠰ ᠡᠯᠪᠡᠭ ᠬᠤᠷᠢᠶᠠᠬᠤ ᠬᠤᠭᠤᠴᠠᠭᠠᠨ ᠳᠤ ᠤᠷᠤᠪᠠ᠃ ᠡᠳᠡᠭᠡᠷ ᠵᠢᠮᠢᠰ ᠤᠨ ᠬᠦᠷᠢᠶᠡᠯᠡᠩ ᠨᠢ ᠵᠢᠯ ᠪᠦᠷᠢ 4 ᠳ᠋ᠦᠩᠰᠢᠭᠤᠷ ᠵᠢᠩ ᠰᠤᠷᠭᠤᠭ ᠵᠢᠮᠢᠰ ᠬᠤᠷᠢᠶᠠᠪᠠᠯ᠂ ᠶᠡᠷᠤᠩᠬᠡᠢ ᠦᠢᠯᠡᠳᠪᠤᠷᠢᠯᠡᠯ ᠤᠨ ᠦᠷᠳᠡᠭ ᠨᠢ 3.2 ᠳ᠋ᠦᠩᠰᠢᠭᠤᠷ ᠲᠦᠬᠦᠷᠢᠭ ᠲᠤ ᠲᠤᠯᠤᠨ᠎ᠠ᠃
   2022 ᠤᠨ ᠳᠤ᠂ ᠬᠢᠩᠭᠠᠨ ᠠᠶᠢᠮᠠᠭ ᠤᠢ ᠶᠢᠨ ᠵᠢᠮᠢᠰ ᠤᠨ ᠠᠵᠤ ᠦᠢᠯᠡᠰ ᠢ ᠬᠦᠭᠵᠢᠬᠦᠯᠬᠦ ᠬᠦᠴᠤᠯᠡᠴᠠ ᠪᠠᠨ ᠨᠡᠮᠡᠭᠳᠡᠬᠦᠯᠵᠤ᠂ 300 ᠲᠦᠮᠡᠨ ᠮᠤ᠋ ᠲᠤᠮᠳᠠᠳᠤ ᠤᠯᠤᠰ ᠤᠨ ᠤᠮᠠᠷᠠᠳᠤ ᠶᠢᠨ ᠮᠤᠳᠤᠯᠢᠭ ᠲᠤᠰᠤᠨ ᠮᠠᠲ᠋ᠧᠷᠢᠶᠠᠯ ᠤᠨ ᠰᠠᠭᠤᠷᠢᠨ ᠭᠠᠵᠠᠷ ᠪᠠ 200 ᠲᠦᠮᠡᠨ ᠮᠤ᠋ ᠠᠵᠤ ᠠᠬᠤᠢ ᠶᠢᠨ ᠤᠢ ᠵᠢᠴᠢ ᠤᠢ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠪᠦᠳᠤᠭᠡᠨ ᠪᠠᠶᠢᠭᠤᠯᠤᠯᠳᠠ ᠶᠢᠨ ᠲᠦᠷᠤᠯ ᠵᠦᠢᠯ ᠢ ᠲᠦᠯᠤᠪᠯᠡᠨ ᠬᠡᠷᠡᠭᠵᠢᠬᠦᠯᠵᠠᠢ ᠃ ᠬᠢᠩᠭᠠᠨ ᠠᠶᠢᠮᠠᠭ ᠤᠢ ᠶᠢᠨ ᠵᠢᠮᠢᠰ ᠲᠠᠷᠢᠵᠤ ᠤᠷᠭᠤᠭᠤᠯᠬᠤ ᠲᠠᠯᠠᠪᠠᠢ ᠶᠢ ᠦᠷᠭᠡᠳᠭᠡᠬᠦ ᠶᠢᠨ ᠳᠠᠭᠠᠤ ᠠᠵᠤ ᠦᠢᠯᠡᠰ ᠤᠨ ᠬᠡᠯᠬᠢᠶᠠᠨ ᠤ ᠬᠦᠭᠵᠢᠯᠳᠠ ᠶᠢ ᠴᠢᠬᠤᠯᠠᠴᠢᠯᠠᠵᠤ᠂ ᠮᠤᠳᠤᠯᠢᠭ ᠲᠤᠰᠤᠨ ᠮᠠᠲ᠋ᠧᠷᠢᠶᠠᠯ᠂ ᠬᠠᠳᠠᠭᠠᠭᠰᠠᠨ ᠰᠤᠷᠭᠤᠭ ᠵᠢᠮᠢᠰ ᠤᠨ ᠪᠦᠳᠤᠭᠡᠭᠳᠡᠬᠦᠨ᠂ ᠵᠢᠮᠢᠰ ᠤᠨ ᠤᠮᠳᠠᠭᠠᠨ᠂ ᠡᠷᠡᠬᠦᠯ ᠬᠠᠮᠠᠭᠠᠯᠠᠯ ᠤᠨ ᠦᠢᠯᠡᠳᠬᠦᠨ ᠵᠡᠷᠭᠡ ᠨᠠᠷᠢᠯᠢᠭ ᠬᠦᠨᠵᠡᠭᠡᠢ ᠪᠤᠯᠪᠠᠰᠤᠷᠠᠭᠤᠯᠬᠤ ᠠᠵᠤ ᠦᠢᠯᠡᠰ ᠢ ᠤᠷᠳᠤᠳᠬᠠᠨ ᠬᠦᠭᠵᠢᠬᠦᠯᠬᠦ ᠪᠠᠷ ᠲᠦᠯᠤᠪᠯᠡᠵᠤ᠂ ᠡᠳᠡᠭᠡᠷ ᠠᠵᠤ ᠦᠢᠯᠡᠰ ᠤᠨ ᠦᠢᠯᠡᠳᠭᠦᠨ ᠤ ᠦᠷᠳᠡᠭ ᠢ ᠲᠡᠭᠡᠭᠰᠢᠯᠡᠬᠦᠯᠵᠤ᠂ ᠮᠤᠳᠤᠯᠢᠭ ᠲᠤᠰᠤᠨ ᠮᠠᠲ᠋ᠧᠷᠢᠶᠠᠯ᠂ ᠤᠢ ᠶᠢᠨ ᠵᠢᠮᠢᠰ ᠵᠢᠴᠢ ᠤᠢ ᠶᠢᠨ ᠠᠵᠤ ᠦᠢᠯᠡᠰ ᠢ ᠪᠦᠬᠦ ᠤᠯᠤᠰ ᠲᠤ ᠠᠯᠳᠠᠷᠳᠠᠢ ︽ᠤᠷᠤᠨ ᠨᠤᠳᠤᠭ ᠤᠨ ᠭᠠᠷᠤᠯᠳᠠ︾ ᠶᠢᠨ ᠨᠡᠷᠡᠳᠤ ᠲᠡᠮᠳᠡᠭ ᠪᠤᠯᠭᠠᠨ ᠡᠬᠦᠳᠬᠦ ᠪᠠᠷ ᠬᠠᠷᠠᠯᠳᠠ ᠪᠠᠨ ᠪᠤᠯᠭᠠᠵᠤ ᠪᠤᠢ᠃    ︵ᠲᠤᠰ ᠡᠬᠡ ᠪᠢᠴᠢᠭ ᠪᠠ ᠭᠡᠷᠡᠯ ᠵᠢᠷᠤᠭ ᠢ ᠵᠠᠩ ᠸᠧᠢ ᠨᠠᠨ ᠬᠠᠩᠭᠠᠪᠠ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号