ᠤᠯᠠᠭᠠᠨᠬᠤᠲᠠ ᠨᠠᠮᠤᠷ ᠤᠨ ᠤᠯᠠᠷᠢᠯ ᠤᠨ ᠵᠤᠭᠠᠴᠠᠯ ᠢᠶᠠᠷ ᠲᠠᠷᠢᠶᠠᠯᠠᠩ ᠵᠤᠭᠠᠴᠠᠯ ᠤᠨ ᠠᠭᠤᠰᠤᠯᠴᠠᠯ ᠤᠨ ᠰᠢᠨ᠎ᠡ ᠨᠡᠷ᠎ᠡ ᠶᠢᠨ ᠬᠠᠭᠤᠳᠠᠰᠤ ᠶᠢ ᠪᠣᠶ ᠪᠣᠯᠭᠠᠨ᠎ᠡ
ᠨᠡᠶᠢᠲᠡᠯᠡᠭᠰᠡᠨ ᠴᠠᠭ᠄
2023/9/27
    ᠣᠶᠢᠷ᠎ᠠ ᠶᠢᠨ ᠵᠢᠯ ᠠᠴᠠ ᠨᠠᠰᠢ᠂ ᠤᠯᠠᠭᠠᠨᠬᠤᠲᠠ ᠬᠤᠲᠠ ᠶᠢᠨ ᠲᠡᠭᠦᠷᠭᠡ ᠶᠢᠨ ᠬᠥᠳᠡᠭᠡ ᠲᠣᠰᠬᠤᠨ ᠤ ᠲᠠᠷᠢᠶᠠᠯᠠᠩ ᠵᠤᠭᠠᠴᠠᠯ ᠤᠨ ᠠᠭᠤᠰᠤᠯᠴᠠᠯ ᠤᠨ ᠣᠨᠴᠠᠯᠢᠭ ᠢᠶᠠᠷ ᠭᠠᠷᠳᠠᠴᠠ ᠪᠣᠯᠭᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠨᠠᠮᠤᠷ ᠤᠨ ᠤᠯᠠᠷᠢᠯ ᠤᠨ ᠬᠥᠳᠡᠭᠡ ᠲᠣᠰᠬᠤᠨ ᠤ ᠥᠩᠭᠡ ᠦᠵᠡᠮᠵᠢ᠂ ᠥᠪᠡᠷᠮᠢᠴᠡ ᠣᠨᠴᠠᠯᠢᠭ ᠲᠠᠢ ᠠᠷᠠᠳ ᠤᠨ ᠵᠠᠩ ᠦᠶ᠋ᠯᠡ᠂ ᠲᠠᠷᠢᠶᠠᠯᠠᠩ ᠵᠤᠭᠠᠴᠠᠯ ᠤᠨ ᠪᠦᠲᠦᠭᠡᠭᠳᠡᠬᠦᠨ ᠤ ᠪᠣᠷᠤᠯᠠᠭᠤᠯᠭ᠎ᠠ᠂ ᠬᠥᠳᠡᠭᠡ ᠲᠣᠰᠬᠤᠨ ᠤ ᠰᠡᠯᠡᠭᠦᠴᠡᠯ ᠠᠮᠠᠷᠠᠯᠲᠠ ᠪᠠᠷ ᠭᠤᠣᠯ ᠰᠡᠳᠦᠪ ᠪᠣᠯᠭᠠᠵᠤ᠂ ︽ᠤᠯᠠᠪᠤᠷ ᠰᠢᠷ᠎ᠠ ᠵᠦᠷᠵᠢ ᠨᠣᠭᠤᠭᠠᠨ ᠬᠥᠳᠡᠭᠡ ᠲᠣᠰᠬᠤᠨ ᠤ ᠭᠤᠶᠤ ᠦᠵᠡᠮᠵᠢ︾ ᠪᠠᠷ ᠨᠠᠮᠤᠷ ᠤᠨ ᠤᠯᠠᠷᠢᠯ ᠤᠨ ᠬᠥᠳᠡᠭᠡ ᠲᠣᠰᠬᠤᠨ ᠤ ᠵᠤᠭᠠᠴᠠᠯ ᠤᠨ ᠭᠤᠣᠯ ᠰᠡᠳᠦᠪᠲᠦ ᠵᠠᠮ ᠱᠤᠭᠤᠮ ᠢ ᠲᠥᠯᠥᠪᠯᠡᠨ ᠰᠣᠩᠭᠤᠵᠤ᠂ ᠤᠯᠠᠭᠠᠨᠬᠤᠲᠠ ᠶᠢᠨ ᠵᠤᠭᠠᠴᠠᠯ ᠤᠨ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠨᠠᠩ ᠣᠯᠠᠨ ᠵᠤᠭᠠᠴᠠᠭᠰᠠᠳ ᠢ ᠤᠯᠠᠭᠠᠨᠬᠤᠲᠠ ᠳᠤ ᠲᠡᠳᠡᠨ ᠠᠪᠴᠢᠷᠠᠨ᠎ᠠ᠃    ᠲᠡᠭᠷᠢᠯᠢᠭ ᠬᠦᠪᠡᠭᠦᠨ ᠳᠡᠭᠷᠢ ᠶᠢᠨ ᠬᠦᠯᠦᠭ ᠠᠮᠢ ᠠᠬᠤᠢ ᠶᠢᠨ ᠵᠤᠭᠠᠴᠠᠯ ᠤᠨ ᠠᠮᠠᠷᠠᠯᠲᠠ ᠶᠢᠨ ᠣᠷᠣᠨ ᠳᠤ᠂ ︽ᠠᠮᠢ ᠠᠬᠤᠢ ᠶᠢ ᠲᠡᠷᠢᠭᠦᠨ ᠳᠤ ᠲᠠᠯᠪᠢᠵᠤ ᠪᠣᠬᠢᠷᠲᠤᠯ ᠦᠭᠡᠢ ᠬᠦᠭᠵᠢᠬᠦᠯᠬᠦ︾ ᠤᠷᠢᠶ᠎ᠠ ᠯᠣᠽᠦ᠋ᠩ ᠨᠡᠷᠡᠨ ᠤ ᠭᠡᠷᠡᠯ ᠳᠤ ᠭᠢᠯᠠᠯᠵᠠᠵᠤ᠂ ᠦᠵᠡᠰᠬᠦᠯᠡᠩᠲᠦ ᠰᠠᠶᠢᠬᠠᠨ ᠪᠠᠶᠢᠭᠠᠯᠢ ᠶᠢᠨ ᠦᠵᠡᠮᠵᠢ ᠶᠢ ᠡᠯᠪᠡᠭ ᠪᠠᠶᠠᠯᠢᠭ ᠤᠳᠤ ᠦᠶ᠎ᠡ ᠶᠢᠨ ᠲᠥᠬᠦᠭᠡᠷᠦᠮᠵᠢ ᠲᠠᠢ ᠤᠶᠠᠯᠳᠤᠭᠤᠯᠵᠤ᠂ ᠵᠤᠭᠠᠴᠠᠭᠰᠠᠳ ᠢ ᠰᠡᠳᠭᠢᠯ ᠬᠤᠷᠭᠤᠳᠠᠭᠤᠯᠤᠨ᠎ᠠ᠃ ᠬᠡᠭᠡᠷ᠎ᠡ ᠪᠠᠭᠤᠳᠠᠯᠯᠠᠬᠤ ᠭᠠᠵᠠᠷ᠂ ᠵᠢᠩ ᠬᠤ᠋ ᠴᠡᠩᠭᠡᠯ ᠤᠨ ᠬᠦᠷᠢᠶᠡᠯᠡᠩ ᠵᠡᠷᠭᠡ ᠵᠤᠭ᠎ᠠ ᠴᠡᠩᠭᠡᠯ ᠤᠨ ᠲᠥᠷᠥᠯ ᠵᠦᠢᠯ ᠨᠢ ᠨᠠᠩ ᠴᠤ ᠶᠡᠭᠡ ᠬᠡᠮᠵᠢᠶᠡᠨ ᠤ ᠵᠤᠭᠠᠴᠠᠭᠰᠠᠳ ᠤᠨ ᠠᠩᠬᠠᠷᠤᠯ ᠢ ᠲᠠᠲᠠᠨ ᠠᠪᠴᠢᠷᠠᠯ᠎ᠠ᠃ ᠵᠤᠭᠠᠴᠠᠭᠴᠢ ᠢᠦᠢ ᠠᠪᠠᠭ᠋ᠠᠢ ᠭᠡᠷ ᠤᠨ ᠬᠥᠮᠥᠰ ᠲᠠᠢ ᠪᠠᠨ ᠲᠡᠭᠷᠢᠯᠢᠭ ᠬᠦᠪᠡᠭᠦᠨ ᠳᠡᠭᠷᠢ ᠶᠢᠨ ᠬᠦᠯᠦᠭ ᠠᠮᠢ ᠠᠬᠤᠢ ᠶᠢᠨ ᠵᠤᠭᠠᠴᠠᠯ ᠤᠨ ᠠᠮᠠᠷᠠᠯᠲᠠ ᠶᠢᠨ ᠣᠷᠣᠨ ᠳᠤ ᠦᠵᠡᠮᠵᠢ ᠰᠣᠨᠢᠷᠬᠠᠨ ᠵᠤᠭᠠᠴᠠᠵᠤ᠂ ᠬᠤᠳᠠ ᠶᠢᠨ ᠦᠢᠮᠡᠭᠡᠨ ᠠᠴᠠ ᠭᠠᠳᠠᠨᠠᠬᠢ ᠰᠡᠯᠡᠬᠦᠨ ᠲᠠᠭᠠᠯᠠᠮᠵᠢᠳᠠᠢ ᠪᠠᠶᠢᠳᠠᠯ ᠢ ᠪᠡᠶᠡᠴᠢᠯᠡᠨ ᠣᠶᠢᠯᠠᠭᠠᠨ᠎ᠡ᠃    ᠤᠯᠠᠭᠠᠨᠬᠤᠲᠠ ᠶᠢᠨ ᠨᠠᠮᠤᠷ ᠤᠨ ᠤᠯᠠᠷᠢᠯ ᠤᠨ ᠬᠥᠳᠡᠭᠡ ᠲᠣᠰᠬᠤᠨ ᠤ ᠵᠤᠭᠠᠴᠠᠯ ᠤᠨ ᠭᠤᠣᠯ ᠰᠡᠳᠦᠪᠲᠦ ᠵᠠᠮ ᠱᠤᠭᠤᠮ ᠤᠨ ᠠᠶᠠᠯᠠᠯ ᠳᠤ ︽ᠣᠪᠣᠭᠠᠨ ᠳᠡᠭᠡᠷᠡᠬᠢ ᠠᠭᠤᠯᠵᠠᠯᠲᠠ︾ ᠬᠢᠩᠭᠠᠨ ᠤ ᠲᠤᠲᠤᠷᠭ᠎ᠠ ᠶᠢᠨ ᠲᠡᠯᠡᠶ ᠶᠢᠨ ᠦᠵᠡᠮᠵᠢ ᠶᠢᠨ ᠣᠷᠣᠨ᠂ ᠢᠯᠡᠯᠳᠡ ᠴᠡᠴᠡᠭ ᠬᠤᠸᠠᠷᠳᠤ ᠲᠣᠰᠬᠤᠨ ᠤ ᠵᠢᠵᠢᠭ ᠪᠠᠯᠭᠠᠰᠤ᠂ ᠲᠡᠭᠷᠢᠯᠢᠭ ᠬᠦᠪᠡᠭᠦᠨ ᠳᠡᠭᠷᠢ ᠶᠢᠨ ᠬᠦᠯᠦᠭ ᠠᠮᠢ ᠠᠬᠤᠢ ᠶᠢᠨ ᠵᠤᠭᠠᠴᠠᠯ ᠤᠨ ᠠᠮᠠᠷᠠᠯᠲᠠ ᠶᠢᠨ ᠣᠷᠣᠨ᠂ ᠱᠧᠨ ᠵᠢᠶᠦ᠋ᠨ ᠸᠠᠨ ᠠᠮᠢ ᠠᠬᠤᠢ ᠶᠢᠨ ᠪᠡᠶᠡᠴᠢᠯᠡᠨ ᠤᠶᠢᠯᠠᠭᠠᠬᠤ ᠣᠷᠣᠨ᠂ ᠲᠤᠭᠤᠷ ᠤᠨ ᠭᠤᠤᠯ ᠨᠤᠭᠤ ᠭᠠᠵᠠᠷ ᠤᠨ ᠦᠵᠡᠮᠵᠢᠲᠦ ᠣᠷᠣᠨ᠂ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠲᠣᠰᠬᠤᠨ ᠪᠤᠯᠬᠤ ᠰᠠᠨ ᠾᠧ ᠲᠣᠰᠬᠤᠨ᠂ ᠬᠤᠪᠢᠰᠬᠠᠯᠳᠤ ᠠᠳᠤᠭᠤᠨ ᠰᠤᠶᠤᠯᠳᠤ ᠨᠤᠳᠤᠭ ᠪᠤᠯᠬᠤ ᠭᠡᠭᠡᠨᠰᠦ᠋ᠮ᠎ᠠ ᠪᠠᠯᠭᠠᠰᠤ ᠵᠡᠷᠭᠡ ᠪᠠᠭᠲᠠᠨ᠎ᠠ᠃ ᠵᠠᠮ ᠱᠤᠭᠤᠮ ᠢᠶᠠᠷ ᠳᠠᠮᠵᠢᠭᠤᠯᠤᠨ ᠲᠠᠷᠢᠶᠠᠯᠠᠩ ᠰᠣᠶᠣᠯ ᠵᠤᠭᠠᠴᠠᠯ ᠤᠨ ᠪᠦᠲᠦᠭᠡᠭᠳᠡᠬᠦᠨ ᠢ ᠳᠡᠯᠭᠡᠨ ᠦᠵᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠪᠠ ᠠᠮᠢ ᠠᠬᠤᠢ ᠶᠢᠨ ᠵᠤᠭᠠᠴᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃  
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号