ᠠᠷᠪᠠᠨ ᠨᠠᠢᠮᠠᠳᠤᠭᠠᠷ ᠬᠤᠭᠤᠴᠠᠭᠠᠨ ᠤ ᠪᠠᠷᠠᠭᠤᠨ ᠣᠷᠣᠨ ᠤ ᠬᠠᠤᠯᠢᠵᠢᠯ ᠤᠨ ᠶᠠᠷᠢᠶᠠᠨ ᠤ ᠲᠠᠪᠴᠠᠩ ᠷᠠᠰᠢᠶᠠᠨ ᠬᠤᠳᠠ ᠳᠤ ᠶᠠᠪᠤᠭᠳᠠᠵᠠᠢ
ᠨᠡᠶᠢᠲᠡᠯᠡᠭᠰᠡᠨ ᠴᠠᠭ᠄
2023/9/27
     9 ᠰᠠᠷ᠎ᠠ ᠶᠢᠨ 20 ᠤ ᠡᠳᠦᠷ᠂ ᠠᠷᠪᠠᠨ ᠨᠠᠢᠮᠠᠳᠤᠭᠠᠷ ᠬᠤᠭᠤᠴᠠᠭᠠᠨ ᠤ ᠪᠠᠷᠠᠭᠤᠨ ᠣᠷᠣᠨ ᠤ ᠬᠠᠤᠯᠢᠵᠢᠯ ᠤᠨ ᠶᠠᠷᠢᠶᠠᠨ ᠤ ᠲᠠᠪᠴᠠᠩ ᠷᠠᠰᠢᠶᠠᠨ ᠬᠤᠳᠠ ᠳᠤ ᠶᠠᠪᠤᠭᠳᠠᠪᠠ᠃ ᠲᠣᠰ ᠬᠤᠭᠤᠴᠠᠭᠠᠨ ᠤ ᠶᠠᠷᠢᠶᠠᠨ ᠤ ᠲᠠᠪᠴᠠᠩ ᠤᠨ ᠭᠤᠤᠯ ᠰᠡᠳᠦᠪ ᠨᠢ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠪᠠᠷᠠᠭᠤᠨ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ︾ ᠪᠤᠯᠤᠨ᠎ᠠ᠃ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠵᠠᠩ ᠰᠤ᠋ ᠵᠢᠶᠦ᠋ᠨ ᠸᠢᠳᠢᠣ᠋ ᠬᠡᠯᠪᠡᠷᠢ ᠪᠠᠷ ᠶᠠᠷᠢᠶᠠᠨ ᠤ ᠲᠠᠪᠴᠠᠩ ᠤᠨ ᠡᠬᠢᠯᠡᠯᠲᠡ ᠶᠢᠨ ᠶᠣᠰᠣᠯᠠᠯ ᠳᠤ ᠶᠠᠷᠢᠶ᠎ᠠ ᠲᠠᠯᠪᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠳᠡᠳ᠋ ᠱᠦᠵᠢ ᠴᠢᠨ ᠵᠢᠶᠠᠨ ᠹᠧᠩ ᠶᠠᠷᠢᠶᠠᠨ ᠤ ᠲᠠᠪᠴᠠᠩ ᠳᠤ ᠣᠷᠣᠯᠴᠠᠨ ᠶᠠᠷᠢᠶ᠎ᠠ ᠲᠠᠯᠪᠢᠵᠤ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠢᠦᠢ ᠯᠢ ᠶᠦᠨ ᠪᠠᠶᠠᠷ ᠤᠨ ᠦᠭᠡ ᠬᠡᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠠᠮ ᠤᠨ ᠬᠤᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠳᠡᠳ᠋ ᠳᠠᠷᠤᠭ᠎ᠠ ᠵᠢᠶᠠᠨ ᠰᠢᠶᠤᠤ ᠸᠧᠨ ᠶᠠᠷᠢᠶᠠᠨ ᠤ ᠲᠠᠪᠴᠠᠩ ᠤᠨ ᠡᠬᠢᠯᠡᠯᠳᠡ ᠶᠢᠨ ᠶᠤᠰᠤᠯᠠᠯ ᠢ ᠡᠷᠬᠢᠯᠡᠪᠡ᠃    ᠵᠠᠩ ᠰᠤ᠋ ᠵᠢᠶᠦ᠋ᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠶᠠᠳᠤᠭᠠᠷ ᠡᠭᠡᠯᠵᠢ ᠶᠢᠨ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠴᠢᠬᠤᠯᠠ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠬᠠᠤᠯᠢ ᠶᠢᠨ ᠤᠬᠠᠭᠠᠨ ᠤ ᠤᠨᠤᠯ ᠤᠨ ᠰᠤᠳᠤᠯᠭᠠᠨ ᠢ ᠤᠯᠠᠮ ᠨᠢᠭᠡ ᠠᠯᠬᠤᠮ ᠴᠡᠴᠡᠭᠯᠡᠭᠦᠯᠦᠨ ᠬᠥᠭᠵᠢᠭᠦᠯᠵᠦ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠬᠤ᠂ ᠰᠤᠳᠤᠯᠬᠤ᠂ ᠤᠬᠠᠭᠤᠯᠬᠤ᠂ ᠲᠠᠶᠢᠯᠪᠤᠷᠢᠯᠠᠬᠤ ᠦᠨᠳᠦᠷᠴᠡ ᠶᠢ ᠢᠳᠡᠪᠬᠢᠲᠡᠶ ᠪᠠᠷ ᠪᠤᠢ ᠪᠣᠯᠭᠠᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠶᠢ ᠦᠨᠡᠨᠴᠢ ᠰᠢᠳᠤᠷᠭᠤ ᠪᠠᠷ ᠡᠷᠬᠢᠮᠯᠡᠭᠴᠢ᠂ ᠤᠬᠠᠮᠰᠠᠷ ᠠᠴᠠ ᠪᠠᠨ ᠵᠢᠷᠤᠮᠯᠠᠭᠴᠢ᠂ ᠡᠷᠡᠰ ᠪᠠᠲᠤ ᠬᠠᠮᠠᠭᠠᠯᠠᠭᠴᠢ ᠶᠢ ᠰᠠᠶᠢᠳᠤᠷ ᠬᠥᠮᠦᠵᠢᠭᠦᠯᠬᠦ ᠬᠡᠷᠡᠭᠲᠡᠶ᠃ ᠠᠵᠢᠯ ᠤᠨ ᠶᠡᠭᠡ ᠲᠠᠯ᠎ᠠ ᠳᠤ ᠦᠢᠯᠡᠴᠢᠯᠡᠬᠦ᠂ ᠤᠨᠤᠯ ᠢ ᠪᠣᠳᠠᠲᠠᠢ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠬᠠᠮᠲᠤ ᠶᠢᠨ ᠪᠠᠶᠢᠴᠠᠭᠠᠨ ᠰᠤᠳᠤᠯᠤᠯᠲᠠ ᠬᠢᠬᠦ ᠪᠠ ᠬᠠᠮᠲᠤᠷᠠᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠴᠢᠨᠠᠷ ᠰᠠᠶᠢᠲᠠᠢ ᠬᠡᠷᠡᠭᠯᠡᠭᠡᠨ ᠤ ᠴᠢᠨᠠᠷᠲᠠᠢ ᠰᠤᠳᠤᠯᠭᠠᠨ ᠤ ᠦᠷ᠎ᠡ ᠪᠦᠲᠦᠭᠡᠯ ᠢ ᠢᠯᠡᠭᠦᠬᠡᠨ ᠭᠠᠷᠭᠠᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠰᠢᠢᠳᠪᠦᠷᠢᠯᠡᠬᠦ ᠲᠥᠰᠦᠯ ᠪᠠ ᠠᠷᠭᠠᠴᠠᠭᠠᠬᠤ ᠪᠤᠳᠤᠯᠭ᠎ᠠ ᠰᠠᠨᠠᠭᠤᠯᠭ᠎ᠠ ᠶᠢ ᠢᠯᠡᠭᠦᠬᠡᠨ ᠳᠤᠷᠠᠳᠴᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠠᠭᠠᠨ ᠯᠠᠪᠯᠠᠯᠲᠠ ᠪᠣᠯᠭᠠᠬᠤ ᠳᠤ ᠬᠠᠩᠭᠠᠵᠤ᠂ ᠪᠠᠷᠠᠭᠤᠨ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ ᠬᠠᠤᠯᠢ ᠶᠢᠨ ᠤᠬᠠᠭᠠᠨ ᠤ ᠤᠨᠤᠯ ᠤᠨ ᠲᠤᠯᠭᠠᠭᠤᠷᠢᠯᠠᠯ ᠪᠠ ᠤᠶᠤᠨ ᠤ ᠳᠡᠮᠵᠢᠯᠭᠡ ᠬᠠᠩᠭᠠᠬᠤ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠭᠠᠵᠠᠷ ᠣᠷᠣᠨ ᠤ ᠬᠤᠭᠤᠷᠣᠨᠳᠣᠬᠢ᠂ ᠰᠢᠨᠵᠢᠯᠡᠭᠡᠨ ᠤ ᠰᠠᠯᠠᠭ᠎ᠠ ᠶᠢᠨ ᠬᠤᠭᠤᠷᠣᠨᠳᠣᠬᠢ᠂ ᠶᠡᠭᠡ ᠳᠡᠭᠡᠳᠦ ᠰᠤᠷᠭᠠᠭᠤᠯᠢ ᠶᠢᠨ ᠬᠤᠭᠤᠷᠣᠨᠳᠣᠬᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠪᠣᠯᠤᠨ ᠪᠣᠳᠠᠲᠤ ᠶᠠᠪᠤᠳᠠᠯ ᠤᠨ ᠰᠠᠯᠠᠭ᠎ᠠ ᠮᠥᠴᠢᠷ ᠤᠨ ᠬᠤᠭᠤᠷᠣᠨᠳᠣᠬᠢ ᠰᠣᠯᠢᠯᠴᠠᠭ᠎ᠠ᠂ ᠰᠡᠩᠬᠡᠷᠡᠭᠦᠯᠦᠯ᠂ ᠬᠠᠷᠢᠯᠴᠠᠨ ᠠᠬᠢᠭᠤᠯᠬᠤ ᠶᠢ ᠴᠢᠬᠤᠯᠠᠴᠢᠯᠠᠨ ᠴᠢᠩᠭᠠᠳᠬᠠᠵᠤ᠂ ᠡᠷᠳᠡᠮ ᠰᠢᠨᠵᠢᠯᠡᠭᠡᠨ ᠤ ᠪᠠᠶᠢᠭᠤᠯᠤᠮᠵᠢ ᠪᠣᠯᠤᠨ ᠪᠣᠳᠠᠲᠤ ᠶᠠᠪᠤᠳᠠᠯ ᠤᠨ ᠰᠠᠯᠠᠭ᠎ᠠ ᠮᠥᠴᠢᠷ ᠤᠨ ᠬᠠᠮᠲᠤᠷᠠᠨ ᠪᠣᠭᠤᠮᠲᠠ ᠰᠢᠪᠲᠤᠯᠬᠤ ᠶᠢ ᠠᠬᠢᠭᠤᠯᠵᠤ᠂ ᠰᠢᠨᠵᠢᠯᠡᠭᠡᠨ ᠤ ᠰᠠᠯᠠᠭ᠎ᠠ ᠠᠯᠤᠰᠯᠠᠭᠰᠠᠨ᠂ ᠬᠦᠷᠢᠶ᠎ᠡ ᠠᠯᠤᠰᠯᠠᠭᠰᠠᠨ ᠰᠣᠯᠪᠢᠴᠠᠯ ᠤᠨ ᠴᠢᠨᠠᠷᠲᠠᠢ᠂ ᠶᠡᠷᠦᠩᠬᠡᠶᠢᠯᠡᠭᠰᠡᠨ ᠴᠢᠨᠠᠷᠲᠠᠢ ᠰᠤᠳᠤᠯᠭᠠᠨ ᠢ ᠠᠬᠢᠭᠤᠯᠵᠤ᠂ ᠣᠷᠣᠨ ᠪᠦᠰᠡ ᠶᠢᠨ ᠬᠠᠤᠯᠢᠵᠢᠯ ᠤᠨ ᠬᠠᠮᠲᠤᠷᠠᠯᠴᠠᠭ᠎ᠠ ᠪᠣᠯᠤᠨ ᠰᠣᠯᠢᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠡᠢ᠃    ᠴᠢᠨ ᠵᠢᠶᠠᠨ ᠹᠧᠩ᠂ ᠲᠣᠰ ᠬᠤᠭᠤᠴᠠᠭᠠᠨ ᠤ ᠶᠠᠷᠢᠶᠠᠨ ᠤ ᠲᠠᠪᠴᠠᠩ ᠷᠠᠰᠢᠶᠠᠨ ᠬᠤᠲᠠ ᠳᠤ ᠶᠠᠪᠤᠭᠳᠠᠭᠰᠠᠨ ᠨᠢ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠳᠣᠲᠣᠨᠣ ᠪᠠᠷ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠢᠯᠠᠩᠭᠤᠶ᠎ᠠ ᠬᠠᠤᠯᠢ ᠪᠠᠷ ᠵᠠᠰᠠᠬᠤ ᠥᠪᠥᠷ ᠮᠣᠩᠭᠤᠯ ᠤᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠲᠡᠶ ᠵᠢᠯᠣᠭᠤᠳᠣᠯᠭ᠎ᠠ ᠪᠠ ᠠᠬᠢᠭᠤᠯᠤᠯ ᠪᠣᠯᠤᠭᠰᠠᠨ ᠪᠠᠶᠢᠨ᠎ᠠ᠃ ᠪᠦᠬᠦ ᠣᠷᠣᠨ ᠤ ᠡᠯ᠎ᠡ ᠱᠠᠲᠤᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠪᠣᠯᠤᠨ ᠥᠷᠭᠡᠨ ᠤᠯᠠᠨ ᠬᠠᠤᠯᠢ ᠶᠢᠨ ᠤᠬᠠᠭᠠᠨ ᠤ ᠬᠠᠤᠯᠢ ᠴᠠᠭᠠᠵᠠ ᠶᠢᠨ ᠠᠵᠢᠯᠲᠠᠳ᠂ ᠲᠤᠰ ᠤᠳᠠᠭ᠎ᠠ ᠶᠢᠨ ᠶᠠᠷᠢᠶᠠᠨ ᠤ ᠲᠠᠪᠴᠠᠩ ᠢᠶᠠᠷ ᠠᠵᠠ ᠲᠣᠬᠢᠶᠠᠯ ᠪᠣᠯᠭᠠᠵᠤ᠂ ᠤᠯᠤᠰ ᠲᠦᠷᠦ ᠶᠢᠨ ᠵᠢᠯᠤᠭᠤᠳᠤᠯᠭ᠎ᠠ ᠪᠠᠨ ᠴᠢᠩᠭᠠᠳᠬᠠᠵᠤ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠡᠩ ᠴᠢᠩᠭ᠎ᠠ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠪᠣᠯᠤᠨ ᠨᠡᠶᠢᠭᠡᠮ ᠤᠨ ᠬᠠᠷᠢᠭᠤᠴᠠᠯᠭ᠎ᠠ ᠪᠠᠷ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠂ ᠬᠠᠤᠯᠢᠵᠢᠯ ᠤᠨ ᠳᠤᠮᠳᠠᠳᠤ ᠤᠯᠤᠰ ᠤᠨ ᠪᠠᠶᠢᠭᠤᠯᠤᠯᠲᠠ ᠳᠤ ᠦᠢᠯᠡᠴᠢᠯᠡᠬᠦ ᠬᠡᠷᠡᠭᠲᠡᠢ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠰᠤᠳᠤᠯᠵᠤ ᠲᠤᠭᠤᠰᠢᠯᠠᠭᠤᠯᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠪᠣᠳᠠᠲᠠᠢ ᠰᠤᠳᠤᠯᠭᠠᠨ ᠤ ᠨᠡᠩ ᠤᠯᠠᠨ ᠤᠨᠤᠯ ᠤᠨ ᠦᠷ᠎ᠡ ᠪᠦᠲᠦᠭᠡᠯ ᠲᠠᠢ ᠨᠢᠭᠲᠠ ᠤᠶᠠᠯᠳᠤᠭᠤᠯᠵᠤ᠂ ᠪᠠᠷᠠᠭᠤᠨ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠬᠠᠤᠯᠢᠵᠢᠯ ᠤᠨ ᠤᠨᠤᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ᠃ ᠬᠠᠤᠯᠢᠵᠢᠯ ᠤᠨ ᠤᠬᠠᠭᠤᠯᠭ᠎ᠠ ᠶᠢ ᠭᠦᠨᠵᠡᠭᠡᠶᠢᠷᠡᠭᠦᠯᠵᠦ᠂ ︽ᠵᠠᠭᠤᠨ ᠨᠡᠷᠡᠰ ᠬᠠᠤᠯᠢ ᠶᠢᠨ ᠤᠬᠠᠭᠠᠨᠲᠠᠨ ᠵᠠᠭᠤᠨ ᠲᠠᠯᠠᠪᠤᠷ ᠮᠡᠳᠡᠭᠦᠯᠦᠯᠲᠡ ᠶᠢᠨ ᠬᠤᠷᠠᠯ︾᠂ ︽ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠵᠠᠯᠠᠭᠤ ᠰᠠᠶᠢᠨ ᠲᠤᠷᠠᠴᠤᠤᠯ ᠤᠨ ᠬᠠᠤᠯᠢᠵᠢᠯ ᠤᠨ ᠰᠣᠶᠣᠯ ᠤᠨ ᠦᠨᠳᠦᠰᠦᠨ ᠱᠠᠲᠤᠨ ᠤ ᠠᠶᠠᠯᠠᠯ︾ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠦᠬᠦ ᠨᠡᠶᠢᠭᠡᠮ ᠢᠶᠠᠷ ᠢᠶᠠᠨ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠬᠠᠤᠯᠢᠵᠢᠯ ᠤᠨ ᠦᠢᠯᠡᠳᠦᠯᠭᠡ ᠳᠤ ᠦᠢᠯᠡᠴᠢᠯᠡᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃    ᠲᠤᠰ ᠤᠳᠠᠭ᠎ᠠ ᠶᠢᠨ ᠶᠠᠷᠢᠶᠠᠨ ᠤ ᠲᠠᠪᠴᠠᠩ ᠢ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠠᠴᠠ ᠵᠢᠯᠣᠭᠤᠳᠴᠤ᠂ ᠥᠪᠥᠷ ᠮᠣᠩᠭᠤᠯ᠂ ᠭᠤᠸᠠᠩᠰᠢ᠂ ᠴᠦᠩᠴᠢᠩ᠂ ᠰᠧᠴᠤᠸᠠᠨ᠂ ᠭᠦᠢᠵᠧᠦ᠂ ᠶᠦᠨᠨᠠᠨ᠂ ᠲᠥᠪᠡᠳ᠂ ᠱᠠᠨᠰᠢ᠂ ᠭᠠᠨᠰᠦ᠂ ᠬᠥᠬᠡᠨᠠᠭᠤᠷ᠂ ᠨᠢᠩᠰᠢᠶᠠ᠂ ᠰᠢᠨᠵᠢᠶᠠᠩ ᠵᠢᠴᠢ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠠᠴᠠ ᠬᠠᠮᠲᠤᠷᠠᠨ ᠡᠷᠬᠢᠯᠡᠵᠦ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠬᠢᠩᠭᠠᠨ ᠠᠶᠢᠮᠠᠭ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠵᠢᠴᠢ ᠷᠠᠰᠢᠶᠠᠨ ᠬᠤᠳᠠ ᠶᠢᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠷᠠᠰᠢᠶᠠᠨ ᠬᠤᠳᠠ ᠶᠢᠨ ᠬᠠᠤᠯᠢ ᠶᠢᠨ ᠤᠬᠠᠭᠠᠨ ᠤ ᠨᠡᠶᠢᠭᠡᠮᠯᠢᠭ ᠳᠠᠭᠠᠭᠠᠴᠢᠯᠠᠨ ᠡᠷᠬᠢᠯᠡᠪᠡ᠃ ᠡᠬᠢᠯᠡᠯᠲᠡ ᠶᠢᠨ ᠶᠣᠰᠣᠯᠠᠯ ᠳᠡᠭᠡᠷ᠎ᠡ ᠪᠠᠰᠠ ︽ᠠᠷᠪᠠᠨ ᠨᠠᠢᠮᠠᠳᠤᠭᠠᠷ ᠬᠤᠭᠤᠴᠠᠭᠠᠨ ᠤ ᠪᠠᠷᠠᠭᠤᠨ ᠣᠷᠣᠨ ᠤ ᠬᠠᠤᠯᠢᠵᠢᠯ ᠤᠨ ᠶᠠᠷᠢᠶᠠᠨ ᠤ ᠲᠠᠪᠴᠠᠩ ᠤᠨ ᠭᠤᠣᠯ ᠰᠡᠳᠦᠪᠲᠦ ᠵᠣᠬᠢᠶᠠᠯ ᠡᠯᠰᠡᠬᠦ ᠱᠠᠩᠨᠠᠯ ᠣᠯᠤᠭᠰᠠᠨ ᠥᠭᠦᠯᠡᠯ ᠤᠨ ᠵᠣᠬᠢᠶᠠᠭᠴᠢ ᠪᠣᠯᠤᠨ ᠰᠢᠯᠢᠳᠡᠭ ᠵᠣᠬᠢᠶᠠᠨ ᠪᠠᠶᠢᠭᠤᠯᠬᠤ ᠨᠢᠭᠡᠴᠢ ᠶᠢ ᠬᠥᠬᠢᠭᠦᠯᠦᠨ ᠰᠠᠶᠢᠰᠢᠶᠠᠬᠤ ᠲᠤᠬᠠᠢ ᠲᠣᠭᠲᠠᠭᠠᠯ︾ ᠢ ᠤᠩᠰᠢᠨ ᠨᠡᠶᠢᠲᠡᠯᠡᠪᠡ᠃    ᠲᠤᠰ ᠬᠤᠭᠤᠴᠠᠭᠠᠨ ᠤ ᠶᠠᠷᠢᠶᠠᠨ ᠤ ᠲᠠᠪᠴᠠᠩ ᠨᠢ ᠪᠠᠷᠠᠭᠤᠨ ᠣᠷᠣᠨ ᠤ ᠬᠠᠤᠯᠢᠵᠢᠯ ᠤᠨ ᠪᠠᠶᠢᠭᠤᠯᠤᠯᠲᠠ ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠪᠣᠳᠠᠲᠤ ᠠᠰᠠᠭᠤᠳᠠᠯ ᠤᠨ ᠲᠣᠭᠤᠷᠢᠨ ᠳᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ︽ᠨᠢᠭᠡ ᠪᠦᠰᠡ ᠨᠢᠭᠡ ᠵᠠᠮ︾ ᠤᠨ ᠠᠮᠤᠷ ᠲᠦᠪᠰᠢᠨ ᠪᠣᠯᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠤᠯᠢᠵᠢᠯ ᠤᠨ ᠪᠠᠲᠤᠯᠠᠭ᠎ᠠ᠂ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠬᠠᠤᠯᠢᠵᠢᠯ ᠤᠨ ᠪᠠᠶᠢᠭᠤᠯᠤᠯᠲᠠ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠪᠣᠯᠤᠨ ᠬᠢᠯᠢ ᠬᠢᠵᠠᠭᠠᠷ ᠤᠨ ᠵᠠᠰᠠᠯᠲᠠ ᠶᠢᠨ ᠣᠳᠣᠬᠢᠴᠢᠯᠠᠯᠲᠠ ᠵᠡᠷᠭᠡ ᠰᠡᠳᠦᠪ ᠢ ᠲᠤᠬᠢᠷᠠᠭᠤᠯᠪᠠ᠃ ᠭᠤᠣᠯ ᠰᠡᠳᠦᠪ ᠤᠨ ᠲᠣᠭᠤᠷᠢᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠵᠡᠷᠭᠡ ᠶᠢᠨ ᠠᠷᠠᠳ ᠤᠨ ᠰᠢᠭᠦᠬᠦ ᠬᠤᠷᠢᠶ᠎ᠠ ᠶᠢᠨ ᠪᠠᠶᠢᠩᠭᠤ ᠶᠢᠨ ᠳᠡᠳ᠋ ᠬᠤᠷᠢᠶᠠᠨ ᠳᠠᠷᠤᠭ᠎ᠠ ᠸᠠᠩ ᠰᠢᠤᠢ ᠵᠢᠶᠦ᠋ᠨ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠵᠦ᠂ ᠱᠠᠩᠨᠠᠯ ᠬᠦᠷᠳᠡᠭᠰᠠᠨ 13 ᠲᠥᠯᠥᠭᠡᠯᠡᠭᠴᠢ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠪᠠᠷᠠᠭᠤᠨ ᠣᠷᠣᠨ ᠤ ᠬᠥᠭᠵᠢᠯᠲᠡ ᠶᠢ ᠲᠦᠷᠭᠡᠳᠬᠡᠬᠦ ᠪᠣᠯ ᠮᠠᠨ ᠤ ᠤᠯᠤᠰ ᠤᠨ ᠣᠳᠣᠬᠢᠴᠢᠯᠠᠯᠲᠠ ᠶᠢᠨ ᠪᠠᠶᠢᠯᠳᠤᠬᠤ ᠪᠤᠳᠤᠯᠭ᠎ᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠨᠠᠮ ᠤᠨ ᠲᠥᠪ ᠬᠤᠷᠢᠶ᠎ᠠ ᠠᠴᠠ ᠠᠯᠤᠰ ᠢ ᠪᠠᠷᠠᠯᠠᠨ᠂ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ ᠪᠠᠶᠢᠭᠠᠳ ᠭᠠᠷᠭᠠᠭᠰᠠᠨ ᠴᠢᠬᠤᠯᠠ ᠶᠡᠭᠡ ᠰᠢᠢᠳᠪᠤᠷᠢᠳᠦ ᠪᠤᠳᠤᠯᠭ᠎ᠠ ᠮᠥᠨ᠃ ᠪᠠᠷᠠᠭᠤᠨ ᠣᠷᠣᠨ ᠤ ᠬᠠᠤᠯᠢᠵᠢᠯ ᠤᠨ ᠶᠠᠷᠢᠶᠠᠨ ᠤ ᠲᠠᠪᠴᠠᠩ ᠨᠢ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠵᠢᠯᠣᠭᠤᠳᠤᠭᠰᠠᠨ ᠳᠣᠯᠣᠭᠠᠨ ᠶᠡᠭᠡ ᠣᠷᠣᠨ ᠪᠦᠰᠡ ᠶᠢᠨ ᠬᠠᠤᠯᠢᠵᠢᠯ ᠤᠨ ᠶᠠᠷᠢᠶᠠᠨ ᠤ ᠲᠠᠪᠴᠠᠩ ᠤᠨ 2006 ᠣᠨ ᠳᠤ ᠲᠠᠪᠴᠠᠩ ᠨᠡᠭᠡᠭᠡᠭᠰᠡᠨ ᠠᠴᠠ ᠨᠠᠭᠠᠰᠢ᠂ ᠮᠠᠨ ᠤ ᠤᠯᠤᠰ ᠤᠨ ᠪᠠᠷᠠᠭᠤᠨ ᠣᠷᠣᠨ ᠤ ᠬᠠᠤᠯᠢ ᠶᠢᠨ ᠤᠬᠠᠭᠠᠨ ᠤ ᠡᠲᠡᠭᠡᠳ᠂ ᠬᠠᠤᠯᠢ ᠴᠠᠭᠠᠵᠠ ᠶᠢᠨ ᠡᠲᠡᠭᠡᠳ ᠤᠨ ᠡᠷᠳᠡᠮ ᠰᠢᠨᠵᠢᠯᠡᠭᠡᠨ ᠤ ᠰᠣᠯᠢᠯᠴᠠᠭᠠᠨ ᠤ ᠴᠢᠬᠤᠯᠠ ᠲᠠᠪᠴᠠᠩ ᠪᠣᠯᠵᠣ᠂ ᠬᠠᠤᠯᠢ ᠶᠢᠨ ᠤᠬᠠᠭᠠᠨ ᠤ ᠰᠤᠳᠤᠯᠭᠠᠨ ᠢ ᠴᠡᠴᠡᠭᠯᠡᠭᠦᠯᠦᠨ ᠬᠥᠭᠵᠢᠭᠦᠯᠬᠦ᠂ ᠬᠠᠤᠯᠢᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠪᠠᠷᠠᠭᠤᠨ ᠣᠷᠣᠨ ᠤ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠦ᠂ ᠪᠠᠷᠠᠭᠤᠨ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠠᠤᠯᠢᠵᠢᠯ ᠤᠨ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ᠃ ᠡᠨᠡ ᠵᠢᠯ ᠷᠠᠰᠢᠶᠠᠨ ᠳᠤ ᠦᠪᠡᠳᠡᠭᠰᠢ ᠴᠤᠭᠯᠠᠭᠠᠨ ᠬᠤᠷᠠᠨ ᠴᠤᠭᠯᠠᠷᠠᠵᠤ᠂ ᠡᠷᠬᠢᠮ ᠵᠣᠴᠢᠳ ᠳᠦᠭᠦᠷᠡᠩ ᠰᠠᠭᠠᠲᠠᠵᠤ᠂ ︽ᠷᠠᠰᠢᠶᠠᠨ ᠤ ᠰᠤᠷᠭᠠᠭᠤᠯᠢ ᠶᠢᠨ ᠨᠠᠶᠢᠵᠠ ᠨᠠᠷ ᠤᠨ ᠠᠵᠤ ᠠᠬᠤᠶ ᠶᠢᠨ ᠶᠠᠷᠢᠶᠠᠨ ᠤ ᠲᠠᠪᠴᠠᠩ︾ ᠢ ᠵᠠᠯᠭᠠᠭ᠎ᠠ ᠪᠠᠷ ᠳᠥᠷᠪᠡᠨ ᠬᠤᠭᠤᠴᠠᠭ᠎ᠠ ᠡᠷᠭᠢᠯᠡᠵᠦ᠂ ᠠᠩᠬ᠎ᠠ ᠤᠳᠠᠭ᠎ᠠ ᠡᠷᠭᠢᠯᠡᠭᠰᠡᠨ ︽ᠲᠣᠮᠣ ᠢᠳᠡᠭᠡᠨ ᠤ ᠦᠵᠡᠯᠲᠡ · ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠷᠠᠰᠢᠶᠠᠨ ᠤ ᠲᠦᠷᠦᠭᠦᠴᠦᠳ ᠤᠨ ᠬᠤᠷᠠᠯ︾ ᠵᠢᠴᠢ ᠰᠠᠶ᠋ᠢᠬᠠᠨ ᠲᠡᠭᠦᠰᠦᠭᠰᠡᠨ ︽2023 ᠳᠤᠮᠳᠠᠳᠤ ᠤᠯᠤᠰ ︵ᠷᠠᠰᠢᠶᠠᠨ︶ ᠤᠨ ᠵᠤᠭᠠᠴᠠᠯ ᠤᠨ ᠶᠡᠭᠡ ᠬᠤᠷᠠᠯ︾ ᠨᠢ ᠴᠥᠮ ᠷᠠᠰᠢᠶᠠᠨ ᠬᠤᠲᠠ ᠶᠢᠨ ᠨᠡᠷ᠎ᠡ ᠠᠯᠳᠠᠷᠰᠢᠯ ᠢ ᠨᠡᠮᠡᠭᠳᠡᠭᠦᠯᠵᠦ᠂ ᠴᠢᠨᠠᠷ ᠰᠠᠶᠢᠲᠠᠶ ᠬᠤᠪᠣᠷ ᠴᠤᠬᠠᠭ ᠪᠠᠶᠢᠭᠠᠯᠢ ᠶᠢᠨ ᠡᠬᠢ ᠪᠠᠶᠠᠯᠢᠭ ᠪᠠ ᠴᠡᠪᠡᠷ ᠲᠤᠩᠭᠠᠯᠠᠭ ᠠᠭᠤᠷ ᠠᠮᠢᠰᠬᠤᠯ ᠤᠨ ᠨᠥᠬᠦᠴᠡᠯ ᠨᠢ ᠷᠠᠰᠢᠶᠠᠨ ᠳᠤ ᠬᠢᠵᠠᠭᠠᠯᠠᠰᠢ ᠥᠬᠡᠶ ᠢᠷᠠᠭᠤ ᠠᠯᠳᠠᠷ ᠢ ᠣᠯᠭᠤᠭᠰᠠᠨ ᠪᠠᠶᠢᠨ᠎ᠠ᠃ ᠲᠤᠰ ᠤᠳᠠᠭ᠎ᠠ ᠶᠢᠨ ᠶᠠᠷᠢᠶᠠᠨ ᠤ ᠲᠠᠪᠴᠠᠩ ᠨᠢ ᠷᠠᠰᠢᠶᠠᠨ ᠬᠤᠳᠠ ᠶᠢᠨ ᠬᠠᠤᠯᠢᠵᠢᠯ ᠤᠨ ᠪᠠᠶᠢᠭᠤᠯᠤᠯᠲᠠ ᠶᠢᠨ ᠠᠵᠢᠯ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠠᠪᠴᠢᠷᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠪᠣᠯᠤᠨ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ ᠣᠶᠢᠯᠠᠭᠠᠭᠰᠠᠨ ᠢᠶᠠᠷ᠂ ᠠᠷᠪᠠ ᠶᠢᠰᠦᠳᠦᠭᠡᠷ ᠬᠤᠭᠤᠴᠠᠭᠠᠨ ᠤ ᠪᠠᠷᠠᠭᠤᠨ ᠣᠷᠣᠨ ᠤ ᠬᠠᠤᠯᠢᠵᠢᠯ ᠤᠨ ᠶᠠᠷᠢᠶᠠᠨ ᠤ ᠲᠠᠪᠴᠠᠩ ᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠠᠴᠠ ᠡᠷᠬᠢᠯᠡᠬᠦ ᠪᠤᠯᠤᠨ᠎ᠠ᠃
 
ᠢᠷᠡᠯᠲᠡ᠄ ᠷᠠᠰᠢᠶᠠᠨ ᠬᠤᠲᠠ ᠵᠢᠨ‌ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号