ᠬᠤᠳᠠ ᠶᠢᠨ ᠰᠢᠨᠡᠴᠢᠯᠡᠯᠳᠡ ᠶᠢ ᠲᠦᠷᠭᠡᠳᠭᠡᠵᠤ ᠪᠠᠶᠢᠭ᠎ᠠ — ᠤᠯᠠᠭᠠᠨᠬᠤᠳᠠ
ᠨᠡᠶᠢᠲᠡᠯᠡᠭᠰᠡᠨ ᠴᠠᠭ᠄
2023/9/27
     ᠣᠶᠢᠷ᠎ᠠ ᠶᠢᠨ ᠵᠢᠯ ᠳᠤ᠂ ᠤᠯᠠᠭᠠᠨᠬᠤᠲᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠤᠲᠠ ᠶᠢᠨ ᠰᠢᠨᠡᠴᠢᠯᠡᠯᠲᠡ ᠶᠢ ᠬᠤᠲᠠ ᠶᠢᠨ ᠴᠢᠳᠠᠪᠬᠢ ᠶᠢ ᠲᠡᠭᠦᠯᠳᠡᠷᠵᠢᠭᠦᠯᠬᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠵᠤ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠪᠠ ᠳᠤᠲᠠᠭᠤᠳᠠᠯ ᠪᠠᠭᠤᠷᠠᠢ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠶᠢᠨ ᠣᠷᠭᠠᠨᠢᠭ ᠰᠢᠨᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠩᠭᠠᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠳᠤ ᠲᠥᠷᠥᠭᠳᠡᠯ ᠢ ᠢᠯᠡᠳᠲᠡ ᠨᠡᠮᠡᠭᠳᠡᠭᠦᠯᠤᠨ᠎ᠡ᠃    ᠵᠠᠮ ᠬᠠᠷᠢᠯᠴᠠᠭ᠎ᠠ ᠬᠥᠭᠵᠢᠪᠡᠯ ᠬᠤᠳᠠ ᠬᠥᠭᠵᠢᠵᠦ᠂ ᠬᠤᠳᠠ ᠶᠢᠨ ᠰᠢᠨᠡᠴᠢᠯᠡᠯᠲᠡ ᠶᠢᠨ ᠨᠢᠭᠡ ᠲᠠᠯ᠎ᠠ ᠨᠢ ᠬᠥᠭᠵᠢᠯᠲᠡ ᠲᠠᠢ ᠬᠤᠯᠪᠣᠯᠳᠤᠵᠤ᠂ ᠨᠦᠬᠦᠭᠡ ᠲᠠᠯ᠎ᠠ ᠨᠢ ᠠᠷᠠᠳ ᠤᠨ ᠠᠮᠢᠳᠤᠷᠠᠯ ᠲᠠᠢ ᠬᠤᠯᠪᠣᠯᠳᠤᠨ᠎ᠠ᠃ ᠨᠢᠰᠬᠡᠯ ᠤᠨ ᠪᠠᠭᠤᠳᠠᠯ ᠤᠨ ᠵᠠᠮ ᠠᠴᠠ ᠪᠥᠸᠧ ᠶᠤᠸᠠᠨ ᠯᠠᠨ ᠬᠠᠢ ᠪᠠᠭᠤᠳᠠᠯ ᠳᠠᠭᠠᠤ ᠶᠢᠨ ᠪᠦᠳᠤᠭᠡᠨ ᠪᠠᠶᠢᠭᠤᠯᠬᠤ ᠵᠦᠢᠯᠡᠰ ᠤᠨ ᠭᠤᠣᠯᠳᠠᠯᠭ᠎ᠠ ᠲᠠᠢ ᠵᠠᠮ ᠤᠨ ᠬᠡᠰᠡᠭ ᠤᠨ ᠨᠢᠭᠡ ᠪᠣᠯᠤᠭᠰᠠᠨ ᠤ ᠬᠤᠪᠢ ᠳᠤ᠂ ᠬᠤᠲᠠ ᠶᠢᠨ ᠰᠢᠨᠡᠴᠢᠯᠡᠯᠲᠡ ᠶᠢᠨ ᠲᠦᠷᠤᠯ ᠵᠦᠢᠯ ᠤᠨ ᠬᠤᠷᠳᠤᠴᠠ ᠶᠢᠨ ᠪᠥᠬᠦ ᠲᠠᠯ᠎ᠠ ᠪᠠᠷ ᠲᠦᠷᠭᠡᠳᠬᠦ ᠶᠢ ᠳᠠᠭᠠᠯᠳᠤᠨ᠂ ᠲᠠᠢ ᠺᠠᠩ ᠵᠠᠮ ᠤᠨ ︽ᠲᠦᠷᠢ ᠲᠦᠷᠬᠦ︾ ᠪᠤᠯᠤᠨ ︽ᠠᠭᠤᠯᠤᠭᠳᠠᠬᠤᠨ︾ ᠨᠢ ᠴᠤ ᠲᠠᠰᠤᠷᠠᠯᠲᠠ ᠦᠭᠡᠢ ᠰᠢᠨᠡᠳᠬᠡᠭᠳᠡᠵᠦ ᠂ ᠭᠤᠤᠯ ᠤᠨ ᠵᠡᠬᠦᠨ ᠬᠡᠰᠡᠭ ᠤᠷᠤᠨ ᠤ ᠴᠢᠬᠤᠯᠠ ᠵᠠᠮ ᠬᠠᠷᠢᠯᠴᠠᠭᠠᠨ ᠤ ᠵᠠᠮ ᠱᠤᠭᠤᠮ ᠪᠤᠯᠤᠭᠰᠠᠨ ᠪᠠᠶᠢᠨ᠎ᠠ᠃    ᠢᠮᠠᠬᠤ ᠶᠢᠨ ᠴᠢᠨᠡᠭᠡᠨ ᠭᠠᠵᠠᠷ ᠢ ᠲᠠᠬᠢᠨ ᠲᠡᠰ ᠳᠡᠪᠰᠢᠭᠦᠯᠵᠦ᠂ ᠨᠠᠷᠢᠯᠢᠭ ᠵᠦᠢᠯᠡᠰ ᠠᠴᠠ ᠭᠠᠷᠳᠠᠨ ᠬᠦᠮᠤᠰ ᠤᠨ ᠰᠡᠳᠬᠢᠯ ᠢ ᠳᠤᠯᠠᠭᠠᠴᠠᠭᠤᠯᠤᠨ᠎ᠠ᠃ ᠬᠤᠳᠠ ᠶᠢᠨ ᠪᠦᠳᠤᠭᠡᠨ ᠪᠠᠶᠢᠭᠤᠯᠤᠯᠳᠠ ᠶᠢᠨ ᠲᠤᠮᠳᠠ ︽ᠬᠠᠷᠮᠠᠨ ᠴᠡᠴᠡᠷᠯᠢᠭ︾ ᠨᠢ ᠵᠥᠪᠬᠡᠨ ᠨᠢᠭᠡᠨ ᠪᠢᠴᠢᠯ ᠴᠣᠩᠬᠤᠪᠴᠢ ᠲᠡᠳᠦᠢ ᠶᠤᠮ᠂ ᠭᠡᠪᠡᠴᠦ ᠡᠨᠡ ᠬᠦ ᠪᠢᠴᠢᠯ ᠴᠣᠩᠬᠤᠪᠴᠢ ᠨᠢ ᠬᠤᠲᠠ ᠶᠢᠨ ᠰᠢᠨᠡᠴᠢᠯᠡᠯᠲᠡ ᠪᠠ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠪᠠ ᠶᠠᠰᠤ ᠴᠢᠨᠠᠷ ᠢ ᠲᠤᠰᠬᠠᠵᠤ ᠪᠠᠶᠢᠳᠠᠭ᠃ 2023 ᠣᠨ ᠳᠤ ᠤᠯᠠᠭᠠᠨᠬᠤᠳᠠ᠂ ᠬᠠᠳᠠ ᠵᠡᠭᠡᠯᠢ ᠶᠢᠨ ᠵᠠᠳᠠᠭᠠᠢ ᠭᠠᠵᠠᠷ ᠤᠨ ᠠᠮᠢ ᠠᠬᠤᠢ ᠶᠢᠨ ᠵᠠᠰᠠᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠤᠤᠯ ᠤᠨ ᠪᠠᠶᠢᠭᠰᠠᠨ ᠵᠠᠳᠠᠭᠠᠢ ᠭᠠᠵᠠᠷ ᠢ ᠲᠠᠰ ᠳᠡᠪᠰᠢᠭᠦᠯᠦᠨ ᠪᠠᠶᠢᠭᠤᠯᠵᠤ᠂ ᠦᠵᠡᠮᠤᠷᠢᠳᠤ ᠴᠢᠨᠠᠷ ᠪᠠ ᠪᠤᠳᠠᠳᠤ ᠬᠡᠷᠡᠭᠯᠡᠭᠡᠨ ᠤ ᠴᠢᠨᠠᠷᠲᠠᠢ ᠪᠤᠯᠭᠠᠵᠠᠢ᠃    ᠤᠯᠠᠭᠠᠨᠬᠤᠲᠠ ᠶᠠᠭ ᠬᠤᠸᠠᠷ ᠤᠶᠤᠬᠤ ᠡᠷᠳᠡᠮ ᠢᠶᠠᠷ᠂ ᠨᠢᠭᠡ ᠢᠮᠠᠬᠤ ᠶᠢᠨ ᠨᠠᠷᠢᠯᠢᠭ ᠵᠢᠷᠤᠭᠯᠠᠯ ᠳᠤ ᠬᠤᠲᠠ ᠶᠢᠨ ᠰᠢᠨᠡᠴᠢᠯᠡᠯᠲᠡ ᠶᠢ ᠠᠬᠢᠭᠤᠯᠬᠤ ᠶᠢᠨ ᠬᠠᠮᠳᠤ ᠤᠯᠠᠨ ᠲᠦᠮᠡᠨ ᠳᠤ ᠬᠤᠳᠠ ᠶᠢᠨ ᠰᠢᠨᠡᠴᠢᠯᠡᠯᠲᠡ ᠶᠢᠨ ᠳᠤᠮᠳᠠ ᠬᠤᠪᠢᠷᠠᠯᠲᠠ ᠭᠠᠷᠤᠭᠰᠠᠨ᠂ ᠦᠨᠡᠨ ᠬᠦ ᠠᠰᠢᠭ ᠬᠦᠷᠲᠡᠭᠰᠡᠨ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢ ᠠᠬᠤᠢ ᠶᠢᠨ ᠬᠤᠳᠠ ᠶᠢ ᠪᠠᠶᠢᠭᠤᠯᠤᠨ ᠦᠭᠴᠤ ᠪᠤᠢ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号