| | 9 ᠰᠠᠷ᠎ᠠ ᠶᠢᠨ 22 ᠤᠨ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ | ᠳᠤᠭᠤᠶᠢᠯᠠᠩ ᠤᠨ 2023 ᠣᠨ ᠤ 8 ᠳ᠋ᠤᠭᠠᠷ ᠤᠳᠠᠭ᠎ᠠ ᠶᠢᠨ ᠰᠤᠷᠤᠯᠴᠠᠬᠤ ᠬᠤᠷᠠᠯ ᠵᠢᠴᠢ ᠠᠶᠢᠮᠠᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠣᠮ ᠤᠩᠰᠢᠬᠤ | ᠠᠩᠬᠢ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ | ᠵᠦᠸᠧ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ | ᠠᠵᠢᠯ ᠤᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠰᠠᠨᠠᠯ ᠢᠶᠠᠨ ᠰᠣᠯᠢᠯᠴᠠᠬᠤ | ᠶᠠᠷᠢᠶ᠎ᠠ ᠲᠠᠯᠪᠢᠪᠠ᠃ ᠬᠤᠷᠠᠯ ᠠᠴᠠ ︽ᠰᠢ ᠶᠢᠨ ᠫᠢᠩ ᠤᠨ ᠵᠣᠬᠢᠶᠠᠯ ᠤᠨ ᠰᠣᠩᠭᠤᠮᠠᠯ︾ ᠤᠨ ᠬᠤᠶᠠᠳᠤᠭᠠᠷ | ᠪᠤᠳᠢ ᠶᠢᠨ ᠬᠠᠮᠢᠶ᠎ᠠ ᠪᠦᠬᠦᠢ ᠠᠭᠤᠯᠭ᠎ᠠ ᠪᠣᠯᠤᠨ ︽ᠥᠪᠥᠷ ᠮᠣᠩᠭᠤᠯ ᠤᠨ ᠠᠵᠢᠯ ᠤᠨ ᠲᠤᠬᠠᠢ ᠰᠢ ᠶᠢᠨ ᠫᠢᠩ ᠤ | ᠥᠭᠦᠯᠡᠯᠲᠡ ᠶᠢᠨ ᠲᠡᠭᠦᠪᠦᠷᠢ︾ ︵ᠬᠡᠰᠡᠭᠯᠡᠯ︶ ᠶᠢᠨ ᠬᠠᠮᠢᠶ᠎ᠠ ᠪᠦᠬᠦᠢ ᠠᠭᠤᠯᠭ᠎ᠠ ᠶᠢ ᠰᠤᠷᠤᠯᠴᠠᠵᠠᠢ᠃ | ᠬᠤᠷᠠᠯ ᠠᠴᠠ᠂ ᠪᠦᠬᠦ ᠠᠶᠢᠮᠠᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠢᠨ ᠭᠤᠣᠯ ᠰᠡᠳᠦᠪ ᠭᠤᠣᠯ ᠰᠢᠵᠢᠮ ᠢᠶᠠᠨ ᠳᠤᠪᠤᠶᠢᠯᠭᠠᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠶᠤᠨ | ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠡᠭᠦᠨ ᠳᠤ | ᠲᠤᠭᠤᠰᠢᠯᠠᠭᠳᠠᠵᠤ ᠪᠠᠶᠢᠭ᠎ᠠ ᠶᠢᠷᠲᠢᠨᠴᠦ ᠶᠢᠨ ᠦᠵᠡᠯᠲᠡ᠂ ᠠᠷᠭ᠎ᠠ ᠶᠢᠨ ᠤᠨᠤᠯ ᠢ ᠰᠠᠶᠢᠲᠤᠷ ᠪᠠᠷᠢᠮᠲᠠᠯᠠᠨ ᠰᠠᠶᠢᠲᠤᠷ | ᠬᠡᠷᠡᠭᠯᠡᠵᠦ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ | ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | |