ᠠᠶᠢᠮᠠᠭ ᠤᠨ ᠵᠠᠬᠢᠷᠭ᠎ᠠ ᠬᠢᠭᠡᠳ ᠤᠯᠤᠰ ᠤᠨ ᠮᠠᠰᠢᠨ ᠮᠧᠬᠠᠨᠢᠭ ᠤᠨ ᠢ ᠯᠦᠩ ᠡᠨᠧᠷᠭᠢ ᠠᠷᠪᠢᠯᠠᠬᠤ ᠤᠰᠤᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2023/9/27
   9 ᠰᠠᠷ᠎ᠠ ᠶᠢᠨ 23 ᠤ ᠡᠳᠦᠷ᠂ ᠠᠶᠢᠮᠠᠭ ᠤᠨ ᠵᠠᠬᠢᠷᠭ᠎ᠠ ᠨᠢ ᠤᠯᠤᠰ ᠤᠨ ᠮᠠᠰᠢᠨ ᠮᠧᠬᠠᠨᠢᠭ ᠤᠨ ᠢ ᠯᠦᠩ ᠡᠨᠧᠷᠭᠢ ᠠᠷᠪᠢᠯᠠᠬᠤ ᠤᠰᠤᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠶᠠᠷᠢᠯᠴᠠᠬᠤ ᠬᠤᠷᠠᠯ ᠬᠢᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠢ ᠡᠷᠭᠢᠯᠡᠪᠡ᠃    ᠰᠦᠬᠡ ᠤᠯᠤᠰ ᠤᠨ ᠮᠠᠰᠢᠨ ᠮᠧᠬᠠᠨᠢᠭ ᠤᠨ ᠢ ᠯᠦᠩ ᠡᠨᠧᠷᠭᠢ ᠠᠷᠪᠢᠯᠠᠬᠤ ᠤᠰᠤᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠧᠨ ᠠᠢ ᠵᠢᠶᠦ᠋ᠨ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠤᠢᠢᠷ᠎ᠠ ᠶᠢᠨ ᠵᠢᠯ ᠠᠴᠠ ᠬᠢᠩᠭᠠᠨ ᠠᠶᠢᠮᠠᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠲᠣᠭᠤᠷᠢᠨ ᠳᠤ᠂ ᠤᠳᠤ ᠦᠶ᠎ᠡ ᠶᠢᠨ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠯᠤᠭ᠎ᠠ ᠥᠨᠳᠥᠷ ᠪᠦᠲᠦᠮᠵᠢᠲᠡᠢ ᠤᠰᠤ ᠠᠷᠪᠢᠯᠠᠬᠤ ᠲᠠᠷᠢᠶᠠᠯᠠᠩ ᠵᠡᠷᠭᠡ ᠲᠠᠯ᠎ᠠ ᠪᠠᠷ ᠥᠷᠭᠡᠨ ᠠᠭᠤᠳᠠᠮ ᠬᠠᠮᠲᠤᠷᠠᠯᠴᠠᠭᠠᠨ ᠤ ᠣᠷᠣᠨ ᠵᠠᠢ ᠲᠠᠢ ᠪᠣᠯᠪᠠ᠂ ᠬᠤᠶᠠᠷ ᠲᠠᠯ᠎ᠠ ᠪᠠᠷ ᠢᠶᠠᠨ ᠵᠣᠯᠭᠠᠯᠴᠠᠭ᠎ᠠ ᠰᠣᠯᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃    ᠴᠧᠨ ᠠᠢ ᠵᠢᠶᠦ᠋ᠨ ᠠᠵᠤ ᠠᠬᠤᠶᠢᠯᠠᠯ ᠤᠨ ᠬᠥᠭᠵᠢᠯᠲᠡ ᠪᠣᠯᠤᠨ ᠲᠦᠷᠦᠯ ᠵᠦᠢᠯ ᠤᠨ ᠲᠥᠯᠥᠪᠵᠢᠭᠦᠯᠭᠡ ᠶᠢᠨ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ᠂ ᠤᠯᠤᠰ ᠤᠨ ᠮᠠᠰᠢᠨ ᠮᠧᠬᠠᠨᠢᠭ ᠤᠨ ᠢ ᠯᠦᠩ ᠡᠨᠧᠷᠭᠢ ᠠᠷᠪᠢᠯᠠᠬᠤ ᠤᠰᠤᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠮᠡᠷᠭᠡᠵᠢᠯ ᠪᠣᠯᠤᠨ ᠪᠦᠲᠦᠭᠡᠭᠳᠡᠬᠦᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠢᠩᠭᠠᠨ ᠠᠶᠢᠮᠠᠭ ᠤᠨ ᠡᠬᠢ ᠪᠠᠶᠠᠯᠢᠭ ᠤᠨ ᠤᠭ ᠰᠤᠷᠪᠤᠯᠵᠢ ᠪᠣᠯᠤᠨ ᠠᠵᠤ ᠦᠢᠯᠡᠰ ᠤᠨ ᠰᠠᠭᠤᠷᠢ ᠶᠢᠨ ᠲᠣᠭᠤᠷᠢᠨ ᠳᠤ᠂ ᠬᠠᠮᠲᠤᠷᠠᠯᠴᠠᠭᠠᠨ ᠤ  ᠬᠦᠷᠢᠶ᠎ᠡ ᠪᠠᠨ ᠳᠠᠰᠤᠷᠠᠯᠳᠠ ᠦᠬᠡᠢ ᠥᠷᠭᠡᠳᠬᠡᠵᠦ᠂ ᠬᠢᠩᠭᠠᠨ ᠠᠶᠢᠮᠠᠭ ᠤᠨ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号