ᠰᠢᠨ ᠴᠧᠩ ᠲᠤᠳᠤᠭᠠᠳᠤ ᠶᠢ ᠬᠠᠮᠠᠭᠠᠯᠠᠬᠤ ᠰᠠᠯᠪᠦᠷᠢ ᠰᠤᠷᠭᠠᠭᠤᠯᠢ ᠶᠢᠨ ᠬᠦᠷᠢᠶᠡᠨ ᠳᠤ ᠬᠦᠷᠴᠦ ᠮᠡᠬᠡᠯᠡᠯ ᠢ ᠡᠰᠡᠷᠭᠦᠴᠡᠬᠦ ᠤᠬᠠᠭᠤᠯᠭ᠎ᠠ ᠬᠢᠵᠡᠢ
ᠨᠡᠶᠢᠲᠡᠯᠡᠭᠰᠡᠨ ᠴᠠᠭ᠄
2023/9/27
      ᠰᠤᠷᠭᠠᠭᠤᠯᠢ ᠶᠢᠨ ᠬᠦᠷᠢᠶᠡᠨ ᠤ ᠪᠠᠭᠰᠢ ᠰᠤᠷᠤᠬᠴᠢᠳ ᠲᠤ ᠮᠡᠬᠡᠯᠡᠯ ᠢ ᠡᠰᠡᠷᠭᠦᠴᠡᠬᠦ ᠠᠮᠦᠷ ᠲᠦᠪᠰᠢᠨ ᠤ ᠬᠦᠮᠤᠵᠢᠯ ᠬᠦᠷᠳᠡᠭᠡᠵᠤ᠂ ᠪᠠᠭᠰᠢ ᠰᠤᠷᠤᠬᠴᠢᠳ ᠤᠨ ᠰᠢᠨ᠎ᠡ ᠬᠡᠯᠪᠡᠷᠢ ᠶᠢᠨ ᠴᠠᠬᠢᠯᠭᠠᠨ ᠬᠤᠯᠪᠤᠭᠠᠨ ᠤ ᠮᠡᠬᠡᠯᠡᠯ ᠢ ᠢᠯᠭᠠᠨ ᠲᠠᠨᠢᠬᠤ ᠴᠢᠳᠠᠪᠦᠷᠢ ᠶᠢ ᠲᠡᠭᠡᠭᠰᠢᠯᠡᠬᠦᠯᠬᠦ ᠶᠢᠨ ᠲᠦᠯᠤᠭᠡ᠂ ᠤᠶᠢᠷ᠎ᠠ ᠳᠤ ᠤᠯᠠᠭᠠᠨᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠰᠢᠨ ᠴᠧᠩ ᠲᠤᠳᠤᠭᠠᠳᠤ ᠶᠢ ᠬᠠᠮᠠᠭᠠᠯᠠᠬᠤ ᠰᠠᠯᠪᠦᠷᠢ ᠬᠠᠷᠢᠶ᠎ᠠ ᠤᠷᠤᠨ ᠤ ᠪᠠᠨ ᠰᠤᠷᠭᠠᠭᠤᠯᠢ ᠪᠠᠷ ᠬᠦᠨᠵᠡᠬᠡᠶᠢᠷᠡᠨ ᠮᠡᠬᠡᠯᠡᠯ ᠢ ᠡᠰᠡᠷᠭᠦᠴᠡᠬᠦ ᠮᠡᠳᠡᠯᠬᠡ ᠶᠢᠨ ᠤᠬᠠᠭᠤᠯᠭ᠎ᠠ ᠦᠷᠨᠢᠬᠦᠯᠵᠡᠢ᠃ ᠠᠵᠢᠯᠯᠠᠭ᠎ᠠ ᠳᠤ᠂ ᠠᠷᠠᠳ ᠤᠨ ᠴᠠᠬᠳᠠᠭ᠎ᠠ ᠠᠴᠠ ᠰᠤᠷᠭᠠᠭᠤᠯᠢ ᠶᠢᠨ ᠬᠦᠷᠢᠶᠡᠨ ᠤ ᠰᠤᠷᠤᠬᠴᠢᠳ ᠤᠨ ᠨᠡᠶᠢᠬᠡᠮ ᠤᠨ ᠲᠤᠷᠰᠢᠯᠭ᠎ᠠ ᠲᠤᠳᠠᠮᠠᠭ᠂ ᠠᠮᠠᠷᠬᠠᠨ ᠮᠡᠬᠡᠯᠡᠭᠳᠡᠬᠦ ᠵᠡᠷᠭᠡ ᠤᠨᠴᠠᠯᠢᠭ ᠲᠤ ᠴᠢᠭᠯᠡᠬᠦᠯᠤᠨ᠂ ᠤᠬᠠᠭᠤᠯᠭ᠎ᠠ ᠶᠢᠨ ᠬᠠᠭᠤᠳᠠᠰᠦ ᠲᠠᠷᠬᠠᠭᠠᠬᠤ ᠪᠠ ᠬᠡᠷᠡᠭ ᠤᠨ ᠵᠢᠱᠢᠶ᠎ᠡ ᠪᠠᠷ ᠨᠠᠷᠢᠯᠢᠭ ᠲᠠᠶᠢᠯᠪᠦᠷᠢᠯᠠᠯᠳᠠ ᠬᠢᠵᠡᠢ᠃ ᠰᠢᠨ ᠴᠧᠩ ᠲᠤᠳᠤᠭᠠᠳᠤ ᠶᠢ ᠬᠠᠮᠠᠭᠠᠯᠠᠬᠤ ᠰᠠᠯᠪᠦᠷᠢ ᠮᠡᠬᠡᠯᠡᠯ ᠢ ᠡᠰᠡᠷᠬᠦᠴᠡᠬᠦ ᠤᠬᠠᠭᠤᠯᠭ᠎ᠠ ᠶᠢᠨ ᠬᠦᠴᠦᠯᠡᠴᠡ ᠪᠠᠨ ᠦᠷᠬᠦᠯᠵᠢᠯᠡᠨ ᠴᠢᠩᠭᠠᠳᠬᠠᠵᠦ᠂ ᠬᠦᠮᠦᠨ ᠪᠦᠬᠦᠨ ᠮᠡᠬᠡᠯᠡᠯ ᠤᠨ ᠠᠷᠭ᠎ᠠ ᠪᠠᠰᠢᠷ ᠪᠠ ᠰᠡᠷᠬᠡᠶᠢᠯᠡᠬᠦ ᠠᠷᠭ᠎ᠠ ᠶᠢ ᠮᠡᠳᠡᠵᠦ᠂ ᠰᠤᠷᠭᠠᠭᠤᠯᠢ ᠶᠢᠨ ᠬᠦᠷᠢᠶᠡᠨ ᠤ ᠪᠠᠭᠰᠢ ᠰᠤᠷᠤᠬᠴᠢᠳ ᠤᠨ ᠡᠳ᠋ ᠬᠤᠬᠰᠢᠯ ᠤᠨ ᠠᠮᠦᠷ ᠲᠦᠪᠰᠢᠨ ᠢ ᠦᠨᠡᠨ ᠬᠦ ᠬᠠᠮᠠᠭᠠᠯᠠᠵᠦ᠂ ᠰᠤᠷᠭᠠᠭᠤᠯᠢ ᠶᠢᠨ ᠬᠦᠷᠢᠶᠡᠨ ᠤ ᠰᠢᠯᠢᠳᠡᠭ ᠤᠷᠴᠢᠨ ᠲᠤᠭᠤᠷᠢᠨ ᠢ ᠪᠤᠢ ᠪᠤᠯᠭᠠᠨ᠎ᠠ᠃ ︵ᠯᠢ ᠵᠢᠶᠠ ᠡᠸ᠋ᠨ ᠰᠡᠷᠬᠦᠯᠡᠩ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号