ᠪᠠᠢ ᠯᠠᠩ ᠪᠠᠯᠭᠠᠰᠤ ᠶᠢᠨ ᠪᠠᠢ ᠬᠤᠸᠠ ᠯᠢᠨ ᠨᠡᠶᠢᠭᠡᠮ ᠲᠣᠭᠤᠷᠢᠭ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠢᠵᠡᠢ
ᠨᠡᠶᠢᠲᠡᠯᠡᠭᠰᠡᠨ ᠴᠠᠭ᠄
2023/9/27
  ︽ᠤᠯᠤᠰ ᠤᠨ ᠪᠠᠶᠠᠷ︾᠂ ︽ᠨᠠᠢᠮᠠᠨ ᠰᠠᠷ᠎ᠠ ᠶᠢᠨ ᠠᠷᠪᠠᠨ ᠲᠠᠪᠤᠨ ᠤ ᠳᠡᠷᠭᠡᠯ ᠪᠠᠶᠠᠷ︾ ᠬᠦᠷᠴᠦ ᠢᠷᠡᠬᠦ ᠲᠠᠰᠢᠷᠠᠮ ᠢᠶᠠᠷ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠴᠢᠩᠭᠠᠳᠬᠠᠵᠤ᠂ ᠠᠮᠢᠨ ᠬᠡᠷᠡᠭ ᠡᠭᠦᠰᠬᠦ ᠠᠮᠤᠷ ᠲᠦᠪᠰᠢᠨ ᠤ ᠭᠡᠮ ᠰᠣᠭᠤᠭ ᠢ ᠡᠬᠢ ᠡᠭᠦᠰᠦᠯ ᠠᠴᠠ ᠨᠢ ᠰᠡᠷᠭᠡᠶᠢᠯᠡᠬᠦ ᠪᠠ ᠪᠠᠭᠠᠰᠬᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠦᠯᠦᠭᠡ᠂ 9 ᠰᠠᠷ᠎ᠠ ᠶᠢᠨ 20 ᠤ ᠡᠳᠦᠷ᠂ ᠷᠠᠰᠢᠶᠠᠨ ᠬᠤᠳᠠ ᠶᠢᠨ ᠪᠠᠶ ᠯᠠᠩ ᠪᠠᠯᠭᠠᠰᠤᠨ ᠤ ᠪᠠᠶ ᠬᠤᠸᠠ ᠯᠢᠨ ᠨᠡᠶᠢᠭᠡᠮ ᠲᠣᠭᠤᠷᠢᠭ᠂ ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ ᠶᠢᠨ ᠪᠠᠶ ᠯᠠᠩ ᠬᠤᠪᠢᠶᠠᠷᠢ ᠨᠡᠶᠢᠭᠡᠮᠯᠢᠭ ᠲᠠᠢ ᠬᠠᠮᠲᠤᠷᠠᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠭᠴᠢ᠂ ᠰᠠᠶᠢᠨ ᠲᠤᠷᠠᠴᠤᠤᠯ ᠬᠠᠷᠢᠶ᠎ᠠ ᠣᠷᠣᠨ ᠤ ᠪᠠᠨ ᠵᠡᠭᠡᠯᠢ ᠳᠠᠭᠠᠤ ᠳᠡᠯᠭᠡᠭᠦᠷ ᠢᠶᠠᠷ ᠭᠦᠨᠵᠡᠭᠡᠶᠢᠷᠡᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠨᠢᠭᠤᠷᠲᠠᠨ ᠤᠬᠠᠭᠤᠯᠤᠨ ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠦᠭᠦᠮ ᠣᠶᠢᠯᠠᠭᠠᠮᠵᠢᠲᠠᠶ ᠦᠭᠡ ᠬᠡᠯᠡ ᠪᠠᠷ ᠣᠯᠠᠨ ᠲᠦᠮᠡᠨ ᠳᠤ ᠠᠮᠢᠨ ᠬᠡᠷᠡᠭ ᠢ ᠡᠭᠦᠰᠭᠡᠭᠰᠡᠨ ᠭᠤᠣᠯ ᠰᠢᠯᠲᠠᠭᠠᠨ ᠵᠢᠴᠢ ᠡᠭᠦᠷᠭᠡᠯᠡᠬᠦ ᠶᠣᠰᠣᠲᠠᠶ ᠬᠠᠤᠯᠢ ᠴᠠᠭᠠᠵᠠ ᠶᠢᠨ ᠦᠷ᠎ᠡ ᠳ᠋ᠦᠩ ᠵᠡᠷᠭᠡ ᠶᠢ ᠲᠠᠶᠢᠯᠪᠤᠷᠢᠯᠠᠨ ᠥᠭᠴᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠠᠴᠢ ᠬᠤᠯᠪᠣᠭᠳᠠᠯ ᠪᠠ ᠬᠤᠯᠪᠣᠭᠳᠠᠯ ᠪᠦᠬᠦᠢ ᠠᠭᠤᠯᠭ᠎ᠠ ᠶᠢ ᠤᠯᠠᠨ ᠲᠦᠮᠡᠨ ᠳᠤ ᠨᠡᠩ ᠭᠦᠨᠵᠡᠭᠡᠶ ᠣᠶᠢᠯᠠᠭᠠᠭᠤᠯᠵᠤ᠂ ᠬᠠᠤᠯᠢ ᠪᠠᠷ ᠵᠠᠰᠠᠬᠤ ᠤᠬᠠᠮᠰᠠᠷ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠵᠤ᠂ ︽ᠠᠵᠢᠯ ᠶᠠᠪᠤᠳᠠᠯ ᠬᠢᠬᠦ ᠳᠡᠭᠡᠨ ᠬᠠᠤᠯᠢ ᠶᠢ ᠪᠠᠷᠢᠮᠳᠠᠯᠠᠬᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠤᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ︾ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠳᠤ ᠬᠠᠤᠯᠢ ᠪᠠᠷ ᠵᠠᠰᠠᠬᠤ ᠬᠦᠴᠦᠨ ᠢ ᠨᠡᠮᠡᠷᠢᠯᠡᠵᠠᠢ᠃    ᠲᠠᠷᠠᠭᠠᠴᠢ ᠶᠢᠨ ᠠᠯᠬᠤᠮ ᠳᠤ᠂ ᠪᠠᠶ ᠬᠤᠸᠠ ᠯᠢᠨ ᠨᠡᠶᠢᠭᠡᠮ ᠲᠣᠭᠤᠷᠢᠭ ᠤᠬᠠᠭᠤᠯᠭ᠎ᠠ ᠶᠢᠨ ᠠᠵᠢᠯ ᠤᠨ ᠵᠠᠭᠪᠤᠷ ᠢᠶᠠᠨ ᠲᠠᠰᠤᠷᠠᠯᠲᠠ ᠥᠬᠡᠶ ᠰᠢᠨᠡᠳᠭᠡᠵᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠦᠷᠭᠦᠯᠵᠢᠯᠡᠨ ᠥᠷᠨᠢᠭᠦᠯᠵᠦ᠂ ᠣᠯᠠᠨ ᠲᠦᠮᠡᠨ ᠤ ᠠᠮᠢᠨ ᠬᠡᠷᠡᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ︽ᠤᠯᠤᠰ ᠤᠨ ᠪᠠᠶᠠᠷ︾᠂ ︽ᠨᠠᠢᠮᠠᠨ ᠰᠠᠷ᠎ᠠ ᠶᠢᠨ ᠠᠷᠪᠠᠨ ᠲᠠᠪᠤᠨ ᠤ ᠲᠡᠷᠭᠡᠯ ᠪᠠᠶᠠᠷ︾ ᠤᠨ ᠬᠤᠤᠰ ᠪᠠᠶᠠᠷ ᠤᠨ ᠬᠤᠭᠤᠴᠠᠭᠠᠨ ᠤ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃
 
ᠢᠷᠡᠯᠲᠡ᠄ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号