1 — 8 ᠳ᠋ᠤᠭᠠᠷ ᠰᠠᠷ᠎ᠠ ᠶᠢᠨ ᠬᠢᠩᠭᠠᠨ ᠠᠶᠢᠮᠠᠭ ᠤᠨ ᠠᠵᠤ  ᠦᠢᠯᠡᠳᠪᠦᠷᠢ ᠶᠢᠨ ᠠᠵᠤ ᠠᠬᠤᠶ ᠶᠢᠨ ᠭᠤᠤᠯ  ᠭᠦᠢᠴᠡᠳᠭᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2023/9/27
    ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠲᠣᠭᠲᠠᠭᠤᠨ ᠢᠶᠠᠷ ᠨᠡᠮᠡᠭᠳᠡᠪᠡ᠃ 1 — 8 ᠰᠠᠷ᠎ᠠ ᠳᠤ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.1% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.5 ᠵᠠᠭᠤᠨ ᠤ ᠨᠢᠭᠡᠴᠢ ᠳᠡᠭᠡᠭᠰᠢᠯᠡᠵᠡᠶ᠃ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠳᠠᠶᠢᠴᠢᠯᠠᠯᠲᠠ ᠬᠦᠴᠦᠲᠡᠶ ᠪᠣᠯᠪᠠ᠃    1 — 8 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠠᠵᠤ  ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 27.9% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠪᠠᠯᠠ ᠣᠷᠣᠭᠤᠯᠤᠯᠲᠠ ᠠᠴᠠ 12.5 ᠵᠠᠭᠤᠨ ᠤ ᠨᠢᠭᠡᠴᠢ ᠲᠦᠷᠭᠡᠨ ᠪᠣᠯᠵᠣ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 11.2 ᠵᠠᠭᠤᠨ ᠤ ᠨᠢᠭᠡᠴᠢ ᠳᠠᠶᠢᠴᠢᠯᠠᠪᠠ᠃ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠬᠦ ᠬᠡᠮᠵᠢᠶ᠎ᠡ ᠨᠡᠯᠢᠶᠡᠳ ᠲᠦᠷᠭᠡᠨ ᠨᠡᠮᠡᠭᠳᠡᠬᠦ ᠬᠠᠨᠳᠤᠰᠢ ᠪᠠᠨ ᠪᠠᠲᠤᠯᠠᠪᠠ᠃      1 — 8 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠠᠵᠤ ᠦᠢᠯᠡᠳᠪᠦᠷᠢ ᠳᠤ ᠬᠡᠷᠡᠭᠯᠡᠭᠰᠡᠨ ᠴᠠᠬᠢᠯᠭᠠᠨ ᠤ ᠬᠡᠮᠵᠢᠶ᠎ᠡ 23.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠥᠬᠦ ᠨᠡᠶᠢᠭᠡᠮ ᠤᠨ ᠬᠡᠷᠡᠭᠯᠡᠭᠰᠡᠨ ᠴᠠᠬᠢᠯᠭᠠᠨ ᠤ ᠬᠡᠮᠵᠢᠶᠡᠨ ᠤ 56.1% ᠶᠢ ᠡᠵᠡᠯᠡᠪᠡ︔ ᠠᠳᠠᠯᠢ ᠬᠤᠭᠤᠴᠠᠭᠠᠨ ᠤ ᠬᠢ ᠠᠴᠠ 16.3% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 3.3 ᠵᠠᠭᠤᠨ ᠤ ᠨᠢᠭᠡᠴᠢ ᠳᠡᠭᠡᠭᠰᠢᠯᠡᠵᠦ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠬᠦ ᠬᠡᠮᠵᠢᠶ᠎ᠡ ᠶᠢᠨ ᠨᠡᠮᠡᠭᠳᠡᠯ ᠢ 8.9 ᠵᠠᠭᠤᠨ ᠤ ᠨᠢᠭᠡᠴᠢ ᠳᠠᠶᠢᠴᠢᠯᠠᠪᠠ᠃
 
ᠢᠷᠡᠯᠲᠡ᠄ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号