1 — 8 ᠳ᠋ᠤᠭᠠᠷ ᠰᠠᠷ᠎ᠠ ᠳᠤ ᠬᠢᠩᠭᠠᠨ ᠠᠶᠢᠮᠠᠭ ᠤᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠰᠡᠨ ᠭᠤᠷᠪᠠᠨ ᠢᠯᠡ ᠠᠮᠵᠢᠯᠲᠠ ᠪᠦᠲᠦᠮᠵᠢ
ᠨᠡᠶᠢᠲᠡᠯᠡᠭᠰᠡᠨ ᠴᠠᠭ᠄
2023/9/27
   ᠡᠨᠡ ᠵᠢᠯ ᠠᠴᠠ ᠨᠠᠰᠢ᠂ ᠠᠵᠤ ᠠᠬᠤᠶ ᠨᠡᠶᠢᠭᠡᠮ ᠤᠨ ᠪᠥᠬᠦ ᠲᠠᠯ᠎ᠠ ᠪᠠᠷ ᠰᠡᠷᠭᠦᠵᠦ ᠪᠠᠶᠢᠩᠭᠤᠵᠢᠭᠰᠠᠨ ᠠᠵᠢᠯᠯᠠᠭᠠᠨ ᠢ ᠳᠠᠭᠠᠯᠳᠤᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠢᠯᠡᠳᠲᠡ ᠦᠷ᠎ᠡ ᠪᠦᠲᠦᠮᠵᠢ ᠣᠯᠵᠤ᠂ ᠪᠥᠬᠦ ᠠᠶᠢᠮᠠᠭ ᠤᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠨᠡᠯᠢᠶᠡᠳ ᠰᠠᠶᠢᠨ ᠠᠮᠵᠢᠯᠲᠠ ᠪᠦᠲᠦᠮᠵᠢ ᠣᠯᠤᠭᠰᠠᠨ ᠪᠠᠶᠢᠨ᠎ᠠ᠃ ᠲᠣᠨᠣᠭᠯᠠᠯ ᠦᠢᠯᠡᠳᠬᠦ ᠦᠢᠯᠡᠰ ᠳᠡᠭᠡᠳᠦ ᠬᠤᠷᠳᠤᠴᠠ ᠪᠠᠷ ᠨᠡᠮᠡᠭᠳᠡᠪᠡ᠃    1 — 8 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠲᠣᠭᠲᠠᠭᠠᠯ ᠳᠡᠭᠡᠷᠡᠬᠢ ᠲᠣᠨᠤᠭ ᠲᠥᠬᠦᠭᠡᠷᠦᠮᠵᠢ  ᠦᠢᠯᠡᠳᠬᠦ  ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 47.9% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠣᠭᠲᠠᠭᠠᠯ ᠳᠡᠭᠡᠷᠡᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠴᠠ 38.8 ᠵᠠᠭᠤᠨ ᠤ ᠨᠢᠭᠡᠴᠢ ᠥᠨᠳᠥᠷ ᠪᠣᠯᠵᠠᠶ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠬᠤᠷᠳᠤᠴᠠ ᠶᠢ ᠦᠷᠭᠦᠯᠵᠢᠯᠡᠨ ᠲᠦᠷᠭᠡᠳᠬᠡᠪᠡ᠃    1 — 8 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠲᠣᠭᠲᠠᠭᠠᠭᠰᠠᠨ ᠠᠵᠤ ᠦᠢᠯᠡᠳᠪᠦᠷᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 25.4% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1 — 7 ᠳ᠋ᠤᠭᠠᠷ ᠰᠠᠷ᠎ᠠ ᠶᠢᠨ ᠬᠢ ᠠᠴᠠ 1.4 ᠵᠠᠭᠤᠨ ᠤ ᠨᠢᠭᠡᠴᠢ ᠳᠡᠭᠡᠭᠰᠢᠯᠡᠵᠡᠶ᠃ ᠰᠢᠨ᠎ᠡ ᠡᠨᠧᠷᠭᠢ ᠶᠢᠨ ᠰᠤᠷᠪᠤᠯᠵᠢ ᠶᠢᠨ ᠦᠢᠯᠡᠳᠬᠦᠨ ᠤ ᠪᠣᠷᠣᠯᠠᠭᠤᠯᠬᠤ ᠬᠤᠪᠢ ᠶᠢᠨ ᠵᠢᠩ ᠳᠡᠭᠡᠭᠰᠢᠯᠡᠪᠡ᠃    1 — 8 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠬᠢᠵᠠᠭᠠᠷᠯᠠᠭᠰᠠᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 126.2% ᠨᠡᠮᠡᠭᠳᠡᠵᠦ᠂ ᠬᠢᠵᠠᠭᠠᠷᠯᠠᠭᠰᠠᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠬᠡᠮᠵᠢᠶ᠎ᠡ ᠳᠤ ᠡᠵᠡᠯᠡᠬᠦ ᠬᠤᠪᠢ ᠶᠢᠨ ᠵᠢᠩ ᠨᠢ ᠲᠦᠷᠦᠭᠦᠤ ᠵᠢᠯ ᠤᠨ ᠠᠳᠠᠯᠢ ᠬᠤᠭᠤᠴᠠᠭᠠᠨ ᠤ 2.3% ᠪᠠᠶᠢᠭᠰᠠᠨ ᠠᠴᠠ ᠪᠠᠨ 6.7% ᠪᠣᠯᠵᠣ ᠳᠡᠭᠡᠭᠰᠢᠯᠡᠵᠡᠶ᠃
 
ᠢᠷᠡᠯᠲᠡ᠄ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号