ᠡᠨᠡ ᠵᠢᠯ ᠠᠴᠠ ᠨᠠᠰᠢ᠂ ᠪᠥᠬᠦ ᠠᠶᠢᠮᠠᠭ ᠤᠨ ᠬᠢᠨ ︽ᠲᠠᠪᠤᠨ ᠶᠡᠭᠡ ᠡᠭᠦᠷᠭᠡ︾ ᠶᠢᠨ ᠭᠤᠤᠯᠳᠠᠯᠭ᠎ᠠ ᠲᠠᠢ | ᠠᠵᠢᠯ ᠢ ᠲᠣᠭᠲᠠᠭᠠᠵᠤ᠂ ︽ᠬᠤᠶᠠᠷ ᠰᠠᠭᠤᠷᠢᠨ ᠭᠠᠵᠠᠷ︾ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ | ᠠᠬᠢᠭᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ 1 — 8 ᠳ᠋ᠤᠭᠠᠷ ᠰᠠᠷ᠎ᠠ ᠳᠤ᠂ ᠪᠥᠬᠦ | ᠠᠶᠢᠮᠠᠭ ᠤᠨ ᠰᠢᠨ᠎ᠡ ᠡᠨᠧᠷᠭᠢ ᠶᠢᠨ ᠪᠥᠲᠥᠭᠡᠨ ᠪᠠᠶᠢᠭᠤᠯᠤᠯᠲᠠ ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠬᠠᠩᠭᠠᠯᠭ᠎ᠠ ᠶᠢ ᠨᠡᠯᠢᠶᠡᠳ ᠲᠦᠷᠭᠡᠨ ᠨᠡᠮᠡᠭᠳᠡᠭᠦᠯᠵᠦ᠂ ︽ᠬᠤᠶᠠᠷ ᠰᠠᠭᠤᠷᠢᠨ ᠭᠠᠵᠠᠷ︾ ᠤᠨ | ᠪᠥᠲᠥᠭᠡᠨ ᠪᠠᠶᠢᠭᠤᠯᠤᠯᠲᠠ ᠳᠤ ᠰᠠᠭᠤᠷᠢ ᠲᠠᠯᠪᠢᠵᠤ ᠡᠨᠧᠷᠭᠢ ᠣᠯᠭᠤᠪᠠ᠃ | 1 — 8 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 54.5% ᠪᠠᠷ ᠨᠡᠮᠡᠭᠳᠡᠵᠦ᠂ ᠪᠥᠬᠦ ᠲᠣᠭᠲᠠᠮᠠᠯ ᠬᠥᠷᠥᠩᠭᠡ ᠶᠢᠨ | ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ ᠲᠦᠷᠦᠭᠦᠤ ᠵᠢᠯ ᠤᠨ ᠠᠳᠠᠯᠢ ᠬᠤᠭᠤᠴᠠᠭᠠᠨ ᠤ 24. | 9% ᠪᠠᠶᠢᠭᠰᠠᠨ ᠠᠴᠠ ᠪᠠᠨ ᠳᠡᠭᠡᠭᠰᠢᠯᠡᠭᠡᠳ 35.4% ᠪᠣᠯᠵᠠᠶ᠃ ᠪᠥᠬᠦ ᠠᠶᠢᠮᠠᠭ ᠤᠨ ᠲᠣᠭᠲᠠᠭᠠᠭᠰᠠᠨ ᠰᠢᠨ᠎ᠡ | ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ 57.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 74.0% ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠲᠣᠭᠲᠠᠭᠠᠭᠰᠠᠨ ᠴᠠᠬᠢᠯᠭᠠᠨ ᠭᠠᠷᠭᠠᠬᠤ | ᠬᠡᠮᠵᠢᠶ᠎ᠡ ᠶᠢᠨ 43.2% ᠢ ᠡᠵᠡᠯᠡᠪᠡ᠃ | 1 — 8 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠨᠢᠭᠡᠳᠦᠭᠡᠷ ᠠᠵᠤ ᠦᠢᠯᠡᠰ ᠤᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 25.5% ᠨᠡᠮᠡᠭᠳᠡᠪᠡ︔ ᠲᠠᠷᠢᠶᠠᠯᠠᠩ ᠣᠶ ᠰᠢᠭᠤᠶ ᠤᠰᠤᠨ ᠤ | ᠶᠠᠪᠤᠳᠠᠯ ᠤᠨ ᠡᠳ᠋ ᠤᠨ ᠵᠠᠰᠠᠭ ᠤᠨ ᠵᠠᠷᠤᠯᠭ᠎ᠠ 57.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 47.5% ᠪᠠᠷ ᠨᠡᠮᠡᠭᠳᠡᠪᠡ︔ ᠲᠣᠭᠲᠠᠭᠠᠯ ᠳᠡᠭᠡᠷᠡᠬᠢ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7. | 4% ᠨᠡᠮᠡᠭᠳᠡᠪᠡ᠃ | |