1 — 8 ᠳ᠋ᠤᠭᠠᠷ ᠰᠠᠷ᠎ᠠ ᠶᠢᠨ ᠬᠢᠩᠭᠠᠨ ᠠᠶᠢᠮᠠᠭ ᠤᠨ ᠠᠷᠠᠳ ᠤᠨ ᠡᠵᠡᠩᠨᠡᠭᠰᠡᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2023/9/27
     1 — 8 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ  ᠬᠡᠪᠴᠢᠶᠡᠵᠢᠯ  ᠳᠡᠭᠡᠭᠰᠢᠬᠢ ᠠᠷᠠᠳ ᠤᠨ ᠡᠵᠡᠩᠨᠡᠯᠲᠡ ᠶᠢᠨ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1.1% ᠪᠠᠷ ᠨᠡᠮᠡᠭᠳᠡᠵᠦ᠂ ᠪᠥᠬᠦ ᠲᠣᠭᠲᠠᠭᠠᠯ ᠳᠡᠭᠡᠷᠡᠬᠢ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠲᠤ ᠡᠵᠡᠯᠡᠬᠦ ᠶᠡᠷᠦᠩᠬᠡᠶ ᠬᠡᠮᠵᠢᠶ᠎ᠡ ᠶᠢᠨ ᠬᠤᠪᠢ ᠶᠢᠨ ᠵᠢᠩ ᠨᠢ 44.7% ᠪᠠᠶᠢᠪᠠ᠃ ᠠᠷᠠᠳ ᠤᠨ ᠪᠡᠯᠡ ᠣᠷᠣᠭᠤᠯᠤᠯᠲᠠ ᠶᠢᠨ ᠪᠠᠭᠤᠷᠠᠯᠲᠠ ᠶᠢᠨ ᠬᠡᠮᠵᠢᠶ᠎ᠡ ᠪᠠᠭᠠᠰᠪᠠ᠃      1 — 8 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠠᠷᠠᠳ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 6.0% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1 — 7 ᠳ᠋ᠤᠭᠠᠷ ᠰᠠᠷ᠎ᠠ ᠶᠢᠨ ᠬᠢ ᠠᠴᠠ 0.6 ᠵᠠᠭᠤᠨ ᠤ ᠨᠢᠭᠡᠴᠢ ᠪᠠᠭᠠᠰᠴᠤ᠂ ᠪᠥᠬᠦ ᠪᠠᠯᠠ ᠣᠷᠣᠭᠤᠯᠤᠯᠲᠠ ᠶᠢᠨ ᠡᠵᠡᠯᠡᠬᠦ ᠶᠡᠷᠦᠩᠬᠡᠶ ᠬᠡᠮᠵᠢᠶ᠎ᠡ ᠶᠢᠨ ᠬᠤᠪᠢ ᠶᠢᠨ ᠵᠢᠩ ᠨᠢ 34.3% ᠬᠦᠷᠴᠡᠶ᠃ ᠠᠷᠠᠳ ᠤᠨ ᠡᠵᠡᠩᠨᠡᠭᠰᠡᠨ ᠬᠤᠷᠰᠢᠶ᠎ᠠ ᠶᠢᠨ ᠲᠡᠭ ᠲᠤᠭ᠎ᠠ ᠲᠦᠷᠭᠡᠨ ᠢᠶᠠᠷ ᠨᠡᠮᠡᠭᠳᠡᠪᠡ᠃     1 — 8 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠠᠷᠠᠳ ᠤᠨ ᠡᠵᠡᠩᠨᠡᠭᠰᠡᠨ ᠬᠤᠷᠰᠢᠶᠠᠨ ᠤ ᠲᠡᠭ ᠲᠤᠭ᠎ᠠ 92.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.3% ᠪᠠᠷ ᠨᠡᠮᠡᠭᠳᠡᠨ᠂ ᠪᠥᠬᠦ ᠬᠤᠷᠰᠢᠶᠠᠨ ᠤ ᠲᠡᠭ ᠲᠤᠭ᠎ᠠ ᠶᠢᠨ 86.6% ᠶᠢ ᠡᠵᠡᠯᠡᠪᠡ᠃
 
ᠢᠷᠡᠯᠲᠡ᠄ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号