ᠢᠯᠡᠯᠳᠡ ᠪᠠᠯᠭᠠᠰᠦ ᠶᠢᠨ ᠶᠠᠩ ᠴᠠᠩ ᠽᠢ ᠭᠠᠴᠠᠭ᠎ᠠ ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ ᠲᠤᠬᠯᠠᠯᠳᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2023/9/27
   ᠬᠦᠳᠡᠭᠡ ᠲᠤᠰᠬᠤᠨ ᠤ ᠰᠤᠶᠤᠯ ᠤᠨ ᠦᠷᠨᠢᠩᠬᠦᠢ ᠬᠦᠭᠵᠢᠯᠳᠡ ᠶᠢ ᠠᠬᠢᠭᠤᠯᠵᠦ᠂ ᠲᠤᠰᠬᠤᠨ ᠤ ᠤᠯᠠᠨ ᠲᠦᠮᠡᠨ ᠤ ᠰᠤᠶᠤᠯ ᠤᠨ ᠠᠮᠢᠳᠦᠷᠠᠯ ᠢ ᠪᠠᠶᠠᠯᠢᠬᠵᠢᠭᠤᠯᠬᠤ ᠶᠢᠨ ᠲᠦᠯᠦᠬᠡ᠂ ᠤᠶᠢᠷ᠎ᠠ ᠳᠤ ᠤᠯᠠᠭᠠᠨᠬᠤᠳᠠ ᠶᠢᠨ ᠢᠯᠡᠯᠳᠡ ᠪᠠᠯᠭᠠᠰᠦ ᠶᠢᠨ ᠶᠠᠩ ᠴᠠᠩ ᠽᠢ ᠭᠠᠴᠠᠭ᠎ᠠ ︽ᠬᠦᠳᠡᠭᠡ ᠲᠤᠰᠬᠤᠨ ᠳᠤ ᠬᠦᠰᠡᠯ ᠵᠡᠬᠦᠳᠤ ᠪᠠᠨ ᠲᠡᠷᠬᠡᠯᠰᠢᠬᠦᠯᠦᠶ᠎ᠡ ᠮᠠᠨ ᠤ ᠤᠷᠠᠯᠢᠭ ᠤᠨ ᠲᠡᠪᠴᠡᠩ︾ ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ ᠲᠤᠬᠯᠠᠯᠳᠠ ᠶᠢᠨ ᠠᠵᠢᠯᠯᠠᠭ᠎ᠠ ᠦᠷᠨᠢᠬᠦᠯᠪᠡ᠃ ᠲᠤᠰ ᠤᠳᠠᠭᠠᠨ ᠤ ᠠᠵᠢᠯᠯᠠᠭ᠎ᠠ ᠶᠢ ᠶᠠᠩ ᠴᠠᠩ ᠽᠢ ᠭᠠᠴᠠᠭ᠎ᠠ᠂ ᠢᠯᠡᠯᠳᠡ ᠭᠠᠴᠠᠭ᠎ᠠ᠂ ᠮᠢᠨ ᠡᠾᠧ ᠭᠠᠴᠠᠭ᠎ᠠ᠂ ᠴᠠᠭᠠᠨ ᠭᠠᠴᠠᠭ᠎ᠠ᠂ ᠬᠤᠶᠢᠳᠤ ᠮᠢᠨ ᠡᠾᠧ ᠭᠠᠴᠠᠭ᠎ᠠ ︵ᠬᠦᠢᠯᠡᠷ ᠤᠨ ᠭᠤᠤᠯ ᠭᠠᠴᠠᠭ᠎ᠠ︶ ᠵᠡᠷᠭᠡ ᠲᠠᠪᠦᠨ ᠭᠠᠴᠠᠭᠠᠨ ᠤ ᠵᠢᠷᠭᠤᠭᠠᠨ ᠤᠷᠠᠯᠢᠭ ᠤᠨ ᠪᠦᠯᠬᠦᠮ ᠬᠠᠮᠳᠤᠷᠠᠨ ᠤᠷᠠᠨ ᠰᠠᠶᠢᠬᠠᠨ ᠤ ᠲᠤᠬᠯᠠᠯᠳᠠ ᠭᠠᠷᠭᠠᠪᠠ᠃ ᠦᠷᠬᠡᠨ ᠤᠯᠠᠨ ᠤᠷᠠᠯᠢᠭ ᠤᠨ ᠲᠤᠷ᠎ᠠ ᠪᠠᠭ᠋ᠠᠳᠡᠨ ᠲᠠᠭᠤᠤ ᠪᠦᠵᠢᠭ ᠢᠶᠠᠷ ᠢᠶᠠᠨ ᠡᠬᠡ ᠤᠯᠤᠰ ᠢᠶᠠᠨ ᠮᠠᠬᠳᠠᠨ ᠲᠠᠭᠤᠯᠠᠵᠦ᠂ ᠰᠢᠨ᠎ᠠ ᠴᠠᠭ ᠤᠨ ᠵᠢᠷᠭᠠᠯᠳᠤ ᠠᠮᠢᠳᠦᠷᠠᠯ ᠢᠶᠠᠨ ᠮᠠᠬᠳᠠᠨ ᠲᠠᠭᠤᠯᠠᠬᠰᠠᠨ ᠪᠠᠶᠢᠨ᠎ᠠ᠃ ᠲᠤᠰ ᠤᠳᠠᠭᠠᠨ ᠤ ᠠᠵᠢᠯᠯᠠᠭ᠎ᠠ ᠨᠢ ᠲᠤᠰᠬᠤᠨ ᠤ ᠠᠷᠠᠳ ᠲᠤ ᠬᠠᠷᠢᠯᠴᠠᠨ ᠰᠤᠷᠤᠯᠴᠠᠵᠦ᠂ ᠤᠷ᠎ᠠ ᠠᠪᠢᠶᠠᠰ ᠢᠶᠠᠨ ᠭᠠᠶᠢᠬᠠᠭᠤᠯᠬᠤ ᠵᠠᠪᠰᠢᠶᠠᠨ ᠤᠯᠭᠤᠬᠰᠠᠨ ᠢᠶᠠᠷ ᠪᠠᠷᠠᠬᠤ ᠦᠬᠡᠢ ᠪᠠᠰᠠ ᠰᠢᠨ᠎ᠠ ᠴᠠᠭ ᠤᠨ ᠲᠤᠰᠬᠤᠨ ᠤ ᠠᠷᠠᠳ ᠤᠨ ᠲᠦᠷᠢ ᠲᠦᠷᠬᠦ ᠶᠢ ᠢᠯᠡᠷᠡᠬᠦᠯᠦᠭᠰᠡᠨ ᠪᠠᠶᠢᠨ᠎ᠠ᠃ ︵ᠰᠤᠨᠢᠨ︶  
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号