ᠶᠠᠭᠤ ᠶᠢ ᠬᠤᠯᠤᠭᠠᠨ᠎ᠠ ᠶᠢᠨ ᠬᠢᠵᠢᠭ ᠬᠡᠳᠡᠭ ᠪᠤᠢ︖
ᠨᠡᠶᠢᠲᠡᠯᠡᠭᠰᠡᠨ ᠴᠠᠭ᠄
2023/9/27
     ᠬᠤᠯᠤᠭᠠᠨ᠎ᠠ ᠶᠢᠨ ᠬᠢᠵᠢᠭ ᠪᠤᠯ ᠬᠤᠯᠤᠭᠠᠨ᠎ᠠ ᠶᠢᠨ ᠬᠢᠵᠢᠭ ᠤᠨ ᠶᠧᠷᠰᠧᠨ ᠪᠠᠺᠲ᠋ᠧᠷᠢ ᠠᠴᠠ ᠡᠬᠦᠰᠦᠭᠰᠡᠨ ᠪᠠᠶᠢᠭᠠᠯᠢ ᠶᠢᠨ ᠬᠢᠵᠢᠭ ᠤᠨ ᠡᠬᠦᠰᠦᠯ ᠤᠨ ᠴᠢᠨᠠᠷᠲᠠᠢ ᠡᠪᠡᠳᠴᠢᠨ ᠮᠦᠨ᠂ ᠶᠡᠷᠦ ᠳᠡᠭᠡᠨ ᠮᠡᠷᠡᠭᠴᠢ ᠠᠮᠢᠲᠠᠨ ᠤ ᠬᠤᠭᠤᠷᠤᠨᠳᠤ ᠳᠡᠯᠬᠡᠷᠡᠵᠤ᠂ ᠬᠠᠶᠠ ᠬᠦᠮᠦᠨ ᠳᠤ ᠬᠠᠯᠳᠠᠪᠤᠷᠢᠯᠠᠭᠳᠠᠨ ᠳᠡᠯᠭᠡᠷᠡᠳᠡᠭ᠃ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠳᠤ ᠬᠤᠯᠤᠭᠠᠨ᠎ᠠ ᠶᠢᠨ ᠬᠢᠵᠢᠭ ᠢ ᠬᠦᠬᠡ ᠲᠦᠷᠦᠯ ᠤᠨ ᠬᠠᠯᠳᠠᠪᠤᠷᠢᠲᠤ ᠡᠪᠡᠳᠴᠢᠨ ᠢᠶᠠᠷ ᠵᠢᠭᠰᠠᠭᠠᠵᠤ᠂ ᠲᠡᠬᠦᠨ ᠢ ᠪᠠᠰᠠ ︽ᠨᠢᠬᠡᠳᠦᠬᠡᠷ ᠨᠤᠮᠧᠷᠲᠤ ᠡᠪᠡᠳᠴᠢᠨ︾ ᠬᠡᠳᠡᠭ᠂ ᠲᠡᠷᠡ ᠨᠢ ᠡᠪᠡᠳᠴᠢᠯᠡᠬᠦ ᠴᠠᠭ ᠨᠢ ᠲᠦᠷᠬᠡᠨ ᠮᠦᠷᠲᠡᠭᠡᠨ ᠤᠬᠤᠷ᠂ ᠦᠬᠦᠬᠦ ᠨᠤᠷᠮ᠎ᠠ ᠨᠢ ᠦᠨᠳᠦᠷ᠂ ᠬᠠᠯᠳᠠᠪᠤᠷᠢᠯᠠᠬᠤ ᠴᠢᠨᠠᠷ ᠢᠶᠠᠷ ᠴᠢᠩᠭ᠎ᠠ᠂ ᠳᠠᠷᠬᠠᠬᠤ ᠨᠢ ᠲᠦᠷᠬᠡᠨ ᠵᠡᠷᠭᠡ ᠤᠨᠴᠠᠯᠢᠭ ᠲᠠᠢ ᠪᠠᠶᠢᠳᠠᠭ᠃     ᠬᠤᠯᠤᠭᠠᠨ᠎ᠠ ᠶᠢᠨ ᠬᠢᠵᠢᠭ ᠶᠠᠭᠠᠬᠢᠵᠤ ᠬᠦᠮᠦᠨ ᠳᠤ ᠬᠠᠯᠳᠠᠪᠤᠷᠢᠯᠠᠳᠠᠭ ᠪᠤᠢ︖     1. ᠠᠮᠢᠲᠠᠨ — ᠨᠤᠬᠠᠢ ᠶᠢᠨ ᠪᠦᠬᠡᠰᠤ — ᠬᠦᠮᠦᠨ ᠤ ᠬᠠᠯᠳᠠᠪᠤᠷᠢᠯᠠᠯ     2. ᠬᠦᠮᠦᠨ — ᠬᠦᠮᠦᠨ ᠤ ᠬᠤᠭᠤᠷᠤᠨᠳᠤ ᠰᠢᠯᠦᠰᠤ ᠪᠠᠷ ᠳᠠᠮᠵᠢᠨ ᠬᠠᠯᠳᠠᠪᠤᠷᠢᠯᠠᠵᠤ ᠠᠭᠤᠰᠬᠢᠨ ᠤ ᠬᠤᠯᠤᠭᠠᠨ᠎ᠠ ᠶᠢᠨ ᠬᠢᠵᠢᠭ ᠢ ᠡᠬᠦᠰᠭᠡᠨ᠎ᠡ᠃      3. ᠬᠤᠯᠤᠭᠠᠨ᠎ᠠ ᠶᠢᠨ ᠬᠢᠵᠢᠭ ᠲᠤ ᠨᠡᠷᠪᠡᠭᠳᠡᠵᠤ ᠦᠬᠦᠭᠰᠡᠨ ᠠᠮᠢᠲᠠᠨ ᠤ ᠮᠢᠬ᠎ᠠ ᠶᠢ ᠢᠳᠡᠪᠡᠯ ᠬᠤᠯᠤᠭᠠᠨ᠎ᠠ ᠶᠢᠨ ᠬᠢᠵᠢᠭ ᠤᠨ ᠪᠠᠺᠲ᠋ᠧᠷᠢ ᠰᠢᠭᠤᠳ ᠠᠮᠠᠨ ᠬᠦᠨᠳᠡᠢ ᠪᠠᠷ ᠳᠠᠮᠵᠢᠨ ᠬᠠᠯᠳᠠᠪᠤᠷᠢᠯᠠᠵᠤ᠂ ᠪᠤᠯᠴᠢᠷᠬᠠᠢ ᠶᠢᠨ ᠬᠤᠯᠤᠭᠠᠨ᠎ᠠ ᠶᠢᠨ ᠬᠢᠵᠢᠭ᠂ ᠠᠭᠤᠰᠬᠢᠨ ᠤ ᠬᠤᠯᠤᠭᠠᠨ᠎ᠠ ᠶᠢᠨ ᠬᠢᠵᠢᠭ ᠪᠠ ᠴᠢᠰᠤ ᠦᠵᠢᠷᠡᠬᠦ ᠡᠪᠡᠳᠴᠢᠨ ᠬᠡᠮ ᠤᠨ ᠬᠤᠯᠤᠭᠠᠨ᠎ᠠ ᠶᠢᠨ ᠬᠢᠵᠢᠭ ᠢ ᠡᠬᠦᠰᠭᠡᠨ᠎ᠡ᠃     ᠬᠤᠯᠤᠭᠠᠨ᠎ᠠ ᠶᠢᠨ ᠬᠢᠵᠢᠭ ᠲᠤ ᠬᠠᠯᠳᠠᠪᠤᠷᠢᠯᠠᠭᠳᠠᠬᠤ ᠡᠬᠢ ᠰᠤᠷᠪᠤᠯᠵᠢ    1. ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠨ ᠪᠤᠶᠤ ᠦᠬᠦᠭᠰᠡᠨ ᠡᠯ᠎ᠡ ᠵᠦᠢᠯ ᠤᠨ ᠠᠮᠢᠲᠠᠨ᠂ ᠳᠠᠷᠪᠠᠭ᠎ᠠ ᠲᠠᠤᠯᠠᠢ ᠵᠡᠷᠬᠡ ᠬᠡᠬᠡᠷ᠎ᠡ ᠶᠢᠨ ᠠᠮᠢᠲᠠᠨ    2. ᠠᠮᠢᠲᠠᠨ ᠤ ᠪᠡᠶ᠎ᠡ ᠳᠡᠭᠡᠷ᠎ᠡ ᠴᠢᠰᠦ ᠰᠤᠷᠤᠵᠤ ᠠᠮᠢᠳᠤᠷᠠᠵᠤ ᠪᠠᠶᠢᠭ᠎ᠠ ᠪᠦᠬᠡᠰᠦ ᠵᠡᠷᠭᠡ ᠮᠦᠯᠵᠢᠬᠦᠦ ᠬᠤᠷᠤᠬᠠᠢ      ᠬᠤᠯᠤᠭᠠᠨ᠎ᠠ ᠶᠢᠨ ᠬᠢᠵᠢᠭ ᠲᠤ ᠬᠠᠯᠳᠠᠪᠤᠷᠢᠯᠠᠭᠳᠠᠭᠰᠠᠨ ᠡᠪᠡᠳᠴᠢᠲᠡᠨ ᠬᠦᠮᠦᠨ ᠤ ᠬᠤᠯᠤᠭᠠᠨ᠎ᠠ ᠶᠢᠨ ᠬᠢᠵᠢᠭ ᠤᠨ ᠪᠠᠺᠲ᠋ᠧᠷᠢ ᠳᠤ ᠬᠠᠯᠳᠠᠪᠤᠷᠢᠯᠠᠭᠳᠠᠬᠤ ᠠᠷᠭ᠎ᠠ ᠵᠠᠮ ᠨᠢ ᠴᠦ ᠭᠤᠷᠪᠠᠨ ᠵᠦᠢᠯ ᠪᠠᠶᠢᠳᠠᠭ᠄     1. ᠬᠤᠯᠤᠭᠠᠨ᠎ᠠ ᠶᠢᠨ ᠬᠢᠵᠢᠭ ᠤᠨ ᠡᠪᠡᠳᠴᠢᠨ ᠲᠠᠢ ᠠᠮᠢᠲᠠᠨ ᠲᠠᠢ ᠤᠶᠢᠷᠠᠳᠬᠤ     2. ᠬᠤᠯᠤᠭᠠᠨ᠎ᠠ ᠶᠢᠨ ᠬᠢᠵᠢᠭ ᠤᠨ ᠪᠠᠺᠲ᠋ᠧᠷᠢ ᠲᠠᠢ ᠨᠤᠬᠠᠢ ᠶᠢᠨ ᠪᠦᠭᠡᠰᠦᠨ ᠳᠤ ᠬᠠᠵᠠᠭᠳᠠᠬᠤ     3. ᠬᠤᠯᠤᠭᠠᠨ᠎ᠠ ᠶᠢᠨ ᠬᠢᠵᠢᠭ ᠲᠠᠢ ᠡᠪᠡᠳᠴᠢᠨ ᠠᠴᠠ ᠬᠠᠯᠳᠠᠪᠤᠷᠢᠯᠠᠨ᠎ᠠ ᠬᠤᠯᠤᠭᠠᠨ᠎ᠠ ᠶᠢᠨ ᠬᠢᠵᠢᠭ ᠤᠨ ᠡᠮᠴᠢᠯᠡᠬᠡᠨ ᠤ ᠢᠯᠡᠷᠡᠯ ᠪᠠ ᠬᠠᠯᠳᠠᠪᠤᠷᠢᠯᠠᠭᠳᠠᠭᠰᠠᠨ ᠢᠯᠡᠷᠡᠯ᠄ ᠬᠤᠯᠤᠭᠠᠨ᠎ᠠ ᠶᠢᠨ ᠬᠢᠵᠢᠭ ᠤᠨ ᠡᠪᠡᠳᠴᠢᠨ ᠡᠬᠦᠰᠬᠦ ᠨᠢ ᠴᠤᠴᠢᠮᠠᠭ ᠪᠠᠶᠢᠵᠤ᠂ ᠬᠡᠨᠡᠳᠲᠡ ᠳᠠᠭᠠᠷᠠᠳᠠᠰᠤ ᠬᠦᠷᠬᠦ᠂ ᠦᠨᠳᠦᠷ ᠬᠠᠯᠠᠭᠤᠷᠠᠬᠤ᠂ ᠲᠤᠯᠤᠭᠠᠢ ᠡᠪᠡᠳᠬᠦ᠂ ᠪᠦᠬᠡᠯᠵᠢᠬᠦ᠂ ᠨᠢᠭᠤᠷ ᠴᠢᠷᠠᠢ ᠤᠯᠠᠶᠢᠬᠤ᠂ ᠨᠢᠲᠤ ᠤᠯᠠᠶᠢᠬᠤ᠂ ᠠᠷᠠᠰᠤᠨ ᠳᠡᠭᠡᠷ᠎ᠡ ᠴᠢᠰᠤ ᠭᠠᠷᠤᠭᠰᠠᠨ ᠳᠤᠯᠪᠤ ᠢᠯᠡᠷᠡᠬᠦ ᠵᠡᠷᠭᠡ ᠪᠠᠶᠢᠳᠠᠯ ᠤᠳ ᠡᠬᠦᠰᠳᠡᠭ᠃
 
ᠢᠷᠡᠯᠲᠡ᠄ ᠦᠤᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号