2023 ᠷᠠᠰᠢᠶᠠᠨ ᠤ ᠰᠣᠶᠣᠯ ᠵᠢᠭᠤᠯᠴᠢᠯᠠᠯ ᠤᠨ ᠶᠠᠷᠢᠶᠠᠨ ᠤ ᠲᠠᠪᠴᠠᠩ ᠶᠠᠪᠤᠭᠳᠠᠪᠠ
ᠨᠡᠶᠢᠲᠡᠯᠡᠭᠰᠡᠨ ᠴᠠᠭ᠄
2023/9/5
       9 ᠰᠠᠷ᠎ᠠ ᠶᠢᠨ 2 ᠤᠨ ᠡᠳᠦᠷ᠂ 2023 ᠳᠤᠮᠳᠠᠳᠤ ᠤᠯᠤᠰ ︵ᠷᠠᠰᠢᠶᠠᠨ︶   ᠤᠨ ᠵᠢᠭᠤᠯᠴᠢᠯᠠᠯ ᠤᠨ ᠶᠡᠭᠡ  ᠬᠤᠷᠠᠯ ᠤᠨ ᠬᠤᠭᠤᠴᠠᠭᠠᠨ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ  ᠵᠤᠷᠭᠠᠨ᠂ ᠳᠤᠮᠳᠠᠳᠤ ᠤᠯᠤᠰ ᠤᠨ ᠵᠢᠭᠤᠯᠴᠢᠯᠠᠯ ᠤᠨ ᠰᠤᠳᠤᠯᠭᠠᠨ ᠤ ᠬᠦᠷᠢᠶᠡᠯᠡᠩ᠂ ᠥᠪᠥᠷ ᠮᠣᠩᠭᠤᠯ ᠤᠨ  ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ᠬᠢᠩᠭᠠᠨ  ᠠᠶᠢᠮᠠᠭ ᠤᠨ ᠵᠠᠬᠢᠷᠭ᠎ᠠ᠂ ᠷᠠᠰᠢᠶᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠬᠢᠯᠡᠭᠰᠡᠨ  ︽ᠰᠤᠶᠤᠯ ᠵᠢᠭᠤᠯᠴᠢᠯᠠᠯ ᠢ ᠠᠭᠤᠰᠤᠯᠴᠠᠭᠤᠯᠤᠨ ᠪᠤᠬᠢᠷᠳᠤᠯ ᠦᠭᠡᠢ ᠬᠦᠭᠵᠢᠯᠳᠡ︾ 2023 ᠷᠠᠰᠢᠶᠠᠨ ᠤ ᠰᠣᠶᠣᠯ  ᠵᠢᠭᠤᠯᠴᠢᠯᠠᠯ ᠤᠨ ᠶᠠᠷᠢᠶᠠᠨ ᠤ ᠲᠠᠪᠴᠠᠩ ᠷᠠᠰᠢᠶᠠᠨ ᠬᠤᠳᠠ ᠶᠢᠨ ᠶᠠᠷᠢᠶᠠᠨ ᠤ ᠲᠠᠪᠴᠠᠩ ᠤᠨ ᠲᠥᠪ ᠲᠤ ᠶᠠᠪᠤᠭᠳᠠᠪᠠ᠃         ᠲᠤᠰ ᠤᠳᠠᠭᠠᠨ ᠤ ᠶᠠᠷᠢᠶᠠᠨ ᠤ ᠲᠠᠪᠴᠠᠩ ᠤᠨ ᠵᠣᠷᠢᠯᠭ᠎ᠠ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ  ᠢᠯᠡᠳᠭᠡᠯ ᠳᠤ ᠳᠤᠷᠠᠳᠤᠭᠰᠠᠨ ︽ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠤᠶᠤᠯ ᠢ  ᠲᠤᠪᠤᠶᠢᠯᠭᠠᠬᠤ ᠶᠢ ᠪᠠᠷᠢᠮᠲᠠᠯᠠᠵᠤ᠂ ᠰᠣᠶᠣᠯ ᠪᠠ ᠵᠢᠭᠤᠯᠴᠢᠯᠠᠯ ᠢ ᠭᠦᠨᠵᠡᠭᠡᠢ ᠠᠭᠤᠰᠤᠯᠴᠠᠭᠤᠯᠤᠨ ᠬᠦᠭᠵᠢᠬᠦᠯᠬᠦ ᠶᠢ  ᠠᠬᠢᠭᠤᠯᠬᠤ︾ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠦ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ  ᠠᠯᠲᠠ ᠮᠥᠩᠭᠦᠨ ᠠᠭᠤᠯᠠ︾ ᠭᠡᠬᠦ ᠰᠢᠨᠵᠢᠯᠡᠬᠦ ᠤᠬᠠᠭᠠᠨᠴᠢ ᠤᠶᠢᠯᠠᠭᠠᠭᠳᠠᠬᠤᠨ ᠢ ᠢᠳᠡᠪᠬᠢᠲᠡᠶ  ᠤᠶᠢᠯᠡᠳᠤᠯᠭᠡᠵᠢᠬᠦᠯᠵᠤ᠂ ᠰᠣᠶᠣᠯ ᠪᠠ ᠵᠢᠭᠤᠯᠴᠢᠯᠠᠯ ᠢ ᠭᠦᠨᠵᠡᠭᠡᠶ ᠠᠭᠤᠰᠤᠯᠴᠠᠭᠤᠯᠤᠨ ᠬᠦᠭᠵᠢᠭᠦᠯᠬᠦ᠂ ᠪᠣᠬᠢᠷᠲᠤᠯ  ᠥᠬᠡᠶ ᠵᠢᠭᠤᠯᠴᠢᠯᠠᠯ ᠤᠨ ᠬᠥᠭᠵᠢᠯᠲᠡ ᠶᠢᠨ ᠴᠢᠭᠯᠡᠯ ᠪᠠ ᠠᠷᠭ᠎ᠠ ᠵᠠᠮ ᠢ ᠭᠦᠨᠵᠡᠭᠡᠶ ᠰᠦᠪᠡᠭᠴᠢᠯᠡᠨ᠂ ᠵᠢᠭᠤᠯᠴᠢᠯᠠᠯ ᠤᠨ  ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠳᠤ ᠠᠰᠢᠭᠳᠠᠢ ᠰᠡᠳᠬᠢᠴᠡ ᠪᠠ ᠰᠠᠨᠠᠭᠤᠯᠭ᠎ᠠ ᠬᠠᠩᠭᠠᠬᠤ  ᠪᠤᠯᠤᠨ᠎ᠠ᠃       ᠶᠠᠷᠢᠶᠠᠨ ᠤ ᠲᠠᠪᠴᠠᠩ ᠤᠨ ᠭᠤᠣᠯ ᠰᠡᠳᠦᠪᠲᠦ ᠶᠠᠷᠢᠶ᠎ᠠ ᠢᠯᠡᠳᠭᠡᠯ ᠤᠨ ᠭᠤᠭᠴᠤᠭ᠎ᠠ ᠳᠤ᠂ ᠳᠤᠮᠳᠠᠳᠤ  ᠤᠯᠤᠰ ᠤᠨ ᠵᠢᠭᠤᠯᠴᠢᠯᠠᠯ ᠤᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠲᠠᠩ ᠰᠢᠶᠤᠤ ᠶᠦᠨ᠂  ᠪᠡᠭᠡᠵᠢᠩ ᠤᠨ ᠬᠠᠭᠠᠨ ᠤ ᠣᠷᠳᠣᠨ ᠤ ᠮᠦᠽᠧᠢ ᠶᠢᠨ ᠳᠡᠳ᠋ ᠳᠠᠷᠤᠭ᠎ᠠ ᠵᠦ ᠬᠤᠩ ᠸᠧᠨ ᠵᠡᠷᠭᠡ 9 ᠨᠡᠷᠡᠳᠦ  ᠵᠢᠭᠤᠯᠴᠢᠯᠠᠯ ᠤᠨ ᠲᠤᠰᠬᠠᠢ ᠮᠡᠷᠭᠡᠵᠢᠯᠲᠡᠨ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠬᠠᠷᠢᠭᠤᠴᠠᠯᠭᠠᠳᠠᠨ  ᠲᠤᠰ ᠲᠤᠰ ᠮᠠᠨ ᠤ ᠤᠯᠤᠰ ᠤᠨ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠰᠢᠨ᠎ᠡ ᠬᠠᠨᠳᠤᠰᠢ᠂ ᠰᠢᠨ᠎ᠡ  ᠡᠵᠡᠩᠨᠡᠯᠲᠡ ᠶᠢᠨ ᠬᠡᠯᠪᠡᠷᠢ᠂ ᠰᠢᠨ᠎ᠡ ᠠᠷᠭ᠎ᠠ ᠵᠠᠮ ᠤᠨ ᠲᠣᠭᠤᠷᠢᠨ ᠳᠤ ᠬᠠᠮᠢᠶ᠎ᠠ ᠪᠦᠬᠦᠢ ᠭᠤᠣᠯ ᠰᠡᠳᠦᠪᠲᠦ ᠶᠠᠷᠢᠶ᠎ᠠ  ᠢᠯᠡᠳᠭᠡᠯ ᠬᠢᠵᠦ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠰᠢᠨ᠎ᠡ ᠬᠠᠷᠠᠭᠠᠰᠤ ᠪᠠ ᠪᠣᠳᠣᠯᠬᠢᠯᠠᠯ ᠬᠠᠩᠭᠠᠵᠠᠢ  ᠃       ᠶᠡᠭᠡ ᠬᠤᠷᠠᠯ ᠠᠴᠠ ᠪᠠᠰᠠ ︽︿ᠰᠠᠶᠢᠨ ᠰᠠᠶᠢᠬᠠᠨ ᠠᠮᠢᠳᠤᠷᠠᠯ ᠢ ᠴᠤᠭᠴᠠᠯᠠᠵᠦ᠂ ᠡᠵᠡᠨ ᠪᠠ ᠵᠤᠴᠢᠨ  ᠬᠠᠮᠳᠦ ᠪᠠᠷ ᠡᠳ᠋ᠯᠡᠬᠦ﹀ ᠠᠮᠠᠷᠠᠯᠲᠠ ᠶᠢᠨ ᠠᠵᠤ ᠤᠶᠢᠯᠡᠰ ᠤᠨ ᠰᠢᠨ᠎ᠡ ᠰᠢᠰᠲ᠋ᠧᠮ ᠢ ᠪᠠᠶᠢᠭᠤᠯᠬᠤ — 2023  ᠳᠤᠮᠳᠠᠳᠤ ᠤᠯᠤᠰ ᠤᠨ ᠵᠢᠭᠤᠯᠴᠢᠯᠠᠨ ᠠᠮᠠᠷᠠᠬᠤ ᠬᠥᠭᠵᠢᠯᠲᠡ ᠶᠢᠨ ᠮᠡᠳᠡᠭᠦᠯᠤᠯᠳᠠ︾ ᠶᠢ ᠨᠡᠶᠢᠲᠡᠯᠡᠪᠡ᠃ ᠲᠣᠰ  ᠮᠡᠳᠡᠭᠦᠯᠤᠯᠳᠠ ᠳᠤ ᠳᠤᠮᠳᠠᠳᠤ ᠤᠯᠤᠰ ᠤᠨ ᠳᠤᠭᠤᠷᠢᠨ ᠵᠤᠭᠠᠴᠠᠵᠤ ᠰᠡᠯᠡᠬᠦᠴᠡᠨ ᠠᠮᠠᠷᠠᠬᠤ ᠣᠳᠣᠬᠢ ᠪᠠᠶᠢᠳᠠᠯ ᠪᠠ  ᠬᠥᠭᠵᠢᠯᠲᠡ ᠶᠢᠨ ᠬᠠᠨᠳᠤᠰᠢ ᠶᠢ ᠨᠠᠷᠢᠯᠢᠭ ᠵᠠᠳᠠᠯᠵᠤ᠂ ᠵᠢᠭᠤᠯᠴᠢᠯᠠᠯ ᠤᠨ ᠤᠶᠢᠯᠡᠰ ᠤᠨ ᠢᠷᠡᠭᠡᠳᠦᠶ ᠶᠢᠨ  ᠬᠥᠭᠵᠢᠯᠲᠡ ᠳᠤ ᠲᠤᠭ᠎ᠠ ᠪᠠᠷᠢᠮᠲᠠ ᠶᠢᠨ ᠳᠡᠮᠵᠢᠯᠭᠡ ᠪᠠ ᠣᠨᠣᠯ ᠤᠨ ᠵᠢᠯᠣᠭᠤᠳᠣᠯᠭ᠎ᠠ ᠬᠠᠩᠭᠠᠭᠰᠠᠨ ᠪᠠᠶᠢᠨ᠎ᠠ᠃                         ︵ ᠴᠧᠨ ᠶᠠᠨ ᠷᠦᠩ    ᠭᠤᠤᠯᠴᠢ︶      
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号