ᠯᠢᠨ ᠬᠠᠢ ᠵᠡᠭᠡᠯᠢ ᠶᠢᠨ ᠲᠢᠶᠠᠨ ᠶᠤᠸᠠᠨ ᠨᠡᠶᠢᠭᠡᠮ ᠲᠣᠭᠤᠷᠢᠭ ᠲᠤ ᠵᠡᠮᠳᠡᠭᠴᠦᠳ ᠢ ᠲᠤᠰᠠᠯᠠᠬᠤ ᠠᠯᠪᠠᠨ  ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/5
     ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠬᠠᠶᠢᠷ᠎ᠠ ᠶᠢᠨ  ᠬᠠᠶᠢᠷ᠎ᠠ ᠬᠠᠯᠠᠮᠵᠢ ᠶᠢ ᠳᠠᠮᠵᠢᠭᠤᠯᠣᠨ᠂ ᠣᠨᠴᠠᠭᠠᠢ ᠬᠥᠮᠥᠰ ᠲᠤ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠲᠡᠭᠡᠬᠦᠯᠬᠦ   ᠶᠢᠨ ᠲᠦᠯᠣᠭᠡ᠂ 9 ᠰᠠᠷ᠎ᠠ ᠶᠢᠨ 1  ᠤ ᠡᠳᠦᠷ᠂  ᠷᠡᠰᠢᠶᠠᠨ ᠬᠤᠳᠡ ᠶᠢᠨ ᠯᠢᠨ ᠬᠠᠢ ᠵᠡᠭᠡᠯᠢ ᠶᠢᠨ ᠲᠢᠶᠠᠨ ᠶᠤᠸᠠᠨ  ᠨᠡᠶᠢᠭᠡᠮ ᠲᠣᠭᠤᠷᠢᠭ ᠤᠨ ᠬᠢᠨ ᠬᠢᠩᠭᠠᠨ ᠠᠶᠢᠮᠠᠭ ᠤᠨ ᠨᠡᠶᠢᠭᠡᠮ ᠤᠨ ᠠᠵᠢᠯᠴᠢᠨ ᠤ ᠨᠡᠶᠢᠭᠡᠮᠯᠢᠭ ᠲᠠᠢ ᠬᠠᠮᠲᠤᠷᠠᠨ  ᠬᠠᠷᠢᠶ᠎ᠠ ᠲᠣᠭᠤᠷᠢᠭ ᠤᠨ ᠵᠡᠮᠳᠡᠭᠴᠦᠳ ᠤᠨ ᠭᠡᠷ ᠢᠶᠠᠷ ᠭᠦᠨᠵᠡᠭᠡᠶᠢᠷᠡᠵᠦ᠂ ᠬᠠᠶᠢᠷ᠎ᠠ ᠬᠠᠯᠠᠮᠵᠢ ᠪᠠᠷ ᠵᠡᠮᠳᠡᠭᠴᠦᠳ ᠢ  ᠲᠤᠰᠠᠯᠠᠬᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃        ᠲᠣᠰ ᠤᠳᠠᠭᠠᠨ ᠤ ᠠᠵᠢᠯᠯᠠᠭ᠎ᠠ ᠨᠢ ᠭᠤᠣᠯᠳᠠᠭᠤ ᠵᠡᠮᠳᠡᠭ ᠬᠦᠮᠣᠰ ᠲᠤ ᠵᠣᠷᠢᠭᠤᠯᠤᠭᠰᠠᠨ ᠦᠢᠯᠡᠴᠢᠯᠡᠭᠡ  ᠪᠣᠯᠣᠨ᠎ᠠ᠂ ᠠᠵᠢᠯᠯᠠᠭ᠎ᠠ ᠶᠢᠨ ᠠᠭᠤᠯᠭ᠎ᠠ ᠳᠤ ᠴᠢᠰᠤᠨ ᠳᠠᠷᠤᠯᠲᠠ ᠶᠢ ᠬᠡᠮᠵᠢᠬᠦ᠂ ᠵᠡᠭᠦᠦ ᠲᠥᠭᠡᠨᠡᠯᠭᠡ᠂ ᠢᠯᠢᠵᠦ  ᠨᠤᠬᠤᠯᠠᠬᠤ᠂ ᠹᠢᠽᠢᠺ ᠵᠠᠰᠠᠯ ᠵᠡᠷᠭᠡ ᠪᠠᠭᠲᠠᠨ᠎ᠠ᠃ ᠠᠵᠢᠯᠯᠠᠭ᠎ᠠ ᠶᠢᠨ ᠳᠤᠮᠳᠠ ᠡᠮᠨᠡᠯᠭᠡ ᠶᠢᠨ ᠠᠵᠢᠯᠲᠠᠳ  ᠬᠦᠯᠢᠴᠡᠩᠭᠦᠢ ᠪᠠᠷ ᠵᠡᠮᠳᠡᠭᠴᠦᠳ ᠲᠤ ᠦᠨᠳᠦᠰᠦᠨ ᠰᠤᠪᠢᠯᠠᠯᠲᠠ ᠬᠢᠵᠦ᠂ ᠵᠡᠮᠳᠡᠭᠴᠦᠳ ᠲᠤ ᠡᠷᠡᠭᠦᠯᠵᠢᠯ ᠤᠨ  ᠮᠡᠳᠡᠯᠭᠡ ᠶᠢ ᠣᠶᠢᠯᠠᠭᠠᠭᠤᠯᠤᠨ ᠡᠵᠡᠮᠰᠢᠭᠦᠯᠵᠡᠢ᠃ ᠵᠡᠮᠳᠡᠭᠴᠦᠳ ᠪᠣᠯᠣᠨ ᠭᠡᠷ ᠪᠦᠯᠢ ᠶᠢᠨ ᠬᠢᠨ ᠳᠤ ᠡᠷᠡᠭᠦᠯ  ᠮᠡᠨᠳᠦ ᠪᠠᠷ ᠢᠳᠡᠵᠦ ᠤᠤᠭᠤᠵᠤ᠂ ᠪᠡᠶ᠎ᠡ ᠮᠠᠬᠠᠪᠤᠳ ᠤᠨ ᠪᠣᠯᠪᠠᠰᠤᠷᠠᠯ ᠢᠶᠠᠨ ᠴᠢᠩᠭᠠᠳᠬᠠᠨ᠂ ᠠᠵᠢᠯᠯᠠᠵᠤ  ᠠᠮᠠᠷᠠᠬᠤ ᠢᠶᠠᠨ ᠵᠣᠬᠢᠰᠳᠡᠢ ᠲᠣᠬᠢᠷᠡᠭᠤᠯᠬᠤ ᠶᠢᠨ ᠬᠠᠮᠲᠤ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠰᠠᠶᠢᠨ  ᠳᠤᠷ᠎ᠠ ᠶᠢᠨ ᠦᠢᠯᠡᠴᠢᠯᠡᠭᠴᠢ ᠲᠠᠢ ᠴᠠᠭ ᠢᠮᠠᠬᠳᠡ ᠬᠠᠷᠢᠯᠴᠠᠵᠣ᠂ ᠵᠡᠮᠳᠡᠭᠴᠦᠳ ᠤᠨ ᠪᠠᠶᠢᠳᠠᠯ ᠢ ᠴᠠᠭ ᠲᠤᠬᠠᠢ ᠳᠤᠨᠢ  ᠲᠡᠮᠳᠡᠭᠯᠡᠵᠦ᠂ ᠵᠡᠮᠳᠡᠭᠴᠦᠳ ᠲᠤ ᠠᠰᠢᠭ ᠬᠦᠷᠲᠡᠭᠡᠬᠦ ᠬᠠᠮᠤᠭ ᠤᠨ ᠰᠢᠨ᠎ᠡ ᠲᠦᠷᠣ ᠶᠢᠨ ᠪᠣᠳᠣᠯᠬ᠎ᠠ ᠶᠢ ᠣᠬᠠᠭᠤᠯᠣᠨ  ᠲᠠᠶᠢᠯᠪᠣᠷᠢᠯᠡᠪᠡ᠃          ᠲᠣᠰ ᠤᠳᠠᠭᠠᠨ ᠤ ᠦᠢᠯᠡᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠤᠨ᠂ ᠨᠠᠮ ᠪᠠ ᠵᠠᠰᠠᠭ ᠤᠨ ᠣᠷᠳᠣᠨ ᠤ  ᠵᠡᠮᠳᠡᠭᠴᠦᠳ ᠲᠤ ᠬᠠᠨᠳᠤᠭᠤᠯᠤᠭᠰᠠᠨ ᠬᠠᠯᠠᠮᠵᠢᠯᠠᠯ ᠢ ᠲᠡᠳᠡᠨ ᠤ ᠳᠡᠷᠭᠡᠳᠡ ᠬᠦᠷᠭᠡᠵᠦ᠂ ᠵᠡᠮᠳᠡᠭᠴᠦᠳ ᠢ ᠬᠠᠪᠰᠤᠷᠤᠨ  ᠵᠡᠮᠳᠡᠭᠴᠦᠳ ᠢ ᠲᠡᠳᠬᠦᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠨᠡᠶᠢᠭᠡᠮ ᠲᠣᠭᠤᠷᠢᠭ ᠤᠨ  ᠵᠡᠮᠳᠡᠭᠴᠦᠳ ᠲᠤ ᠦᠢᠯᠡᠴᠢᠯᠡᠬᠦ ᠶᠠᠰᠤ ᠴᠢᠨᠠᠷ ᠤᠨ ᠬᠢᠷᠢ ᠲᠦᠪᠰᠢᠨ ᠢ ᠳᠡᠭᠡᠭᠰᠢᠯᠡᠭᠦᠯᠪᠡ᠂ ᠲᠠᠷᠠᠭᠠᠴᠢ ᠶᠢᠨ  ᠠᠯᠬᠤᠮ ᠳᠤ ᠲᠢᠶᠠᠨ ᠶᠤᠸᠠᠨ ᠨᠡᠶᠢᠭᠡᠮ ᠲᠣᠭᠤᠷᠢᠭ ᠦᠷᠭᠦᠯᠵᠢᠯᠡᠨ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠲᠠᠢ  ᠬᠠᠮᠵᠢᠯᠴᠠᠵᠣ᠂ ᠣᠨᠴᠠᠭᠠᠶ  ᠡᠳᠡᠭᠡᠳ ᠲᠤ ᠨᠠᠩ ᠣᠯᠠᠨ ᠨᠠᠩ ᠰᠢᠯᠢᠳᠡᠭ ᠦᠢᠯᠡᠴᠢᠯᠡᠭᠡ ᠬᠠᠩᠭᠠᠨ᠎ᠠ᠃      
 
ᠢᠷᠡᠯᠲᠡ᠄ ᠷᠠᠰᠢᠶᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号