ᠭᠡᠷ ᠪᠦᠯᠢ ᠶᠢᠨ ᠬᠦᠴᠦᠷᠬᠡᠭᠯᠡᠯ ᠪᠣᠯ ᠨᠢᠭᠡᠨ ᠨᠡᠶᠢᠭᠡᠮ ᠤᠨ ᠠᠰᠠᠭᠤᠳᠠᠯ ᠮᠥᠨ᠂ ᠭᠡᠷ ᠪᠦᠯᠢ ᠶᠢᠨ | ᠬᠦᠴᠦᠷᠬᠡᠭᠯᠡᠯ ᠢ ᠦᠨᠳᠦᠰᠦᠨ ᠠᠴᠠ ᠨᠢ ᠬᠤᠷᠢᠭᠯᠠᠨ ᠵᠤᠭᠰᠤᠭᠠᠬᠤ ᠳᠤ ᠡᠷᠬᠡᠪᠰᠢ ᠪᠦᠬᠦ ᠨᠡᠶᠢᠭᠡᠮ ᠢᠶᠠᠷ ᠢᠶᠠᠨ | ᠬᠠᠮᠲᠤ ᠪᠠᠷ ᠴᠢᠷᠮᠠᠶᠢᠵᠤ᠂ ᠲᠠᠨᠢᠯᠲᠠ ᠪᠠᠨ ᠳᠡᠭᠡᠭᠰᠢᠯᠡᠭᠦᠯᠤᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠤ᠂ | ᠪᠠᠶᠢᠭᠤᠯᠤᠮᠵᠢ ᠲᠣᠭᠲᠠᠴᠠ ᠪᠠᠨ ᠪᠦᠷᠢᠨᠰᠢᠭᠦᠯᠬᠦ ᠬᠡᠷᠡᠭᠲᠡᠢ ᠪᠠᠶᠢᠳᠠᠬ᠃ ᠢᠡᠭᠭᠢᠪᠡᠯ ᠰᠠᠶ᠋ᠢ ᠥᠩᠭᠡᠨ ᠲᠠᠯ᠎ᠠ ᠪᠠ | ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ᠂ ᠭᠡᠷ ᠪᠦᠯᠢ ᠶᠢᠨ ᠬᠦᠴᠦᠷᠬᠡᠭᠯᠡᠯ ᠡᠭᠦᠰᠭᠦ ᠶᠢ ᠪᠦᠲᠦᠮᠵᠢᠲᠡᠶ | ᠬᠤᠷᠢᠭᠯᠠᠨ ᠵᠣᠭᠰᠣᠭᠠᠵᠤ᠂ ᠨᠡᠶᠢᠭᠡᠮ ᠪᠠ ᠭᠡᠷ ᠪᠦᠯᠢ ᠶᠢ ᠪᠣᠯᠪᠠᠰᠤᠨ ᠤ ᠳᠠᠪᠰᠢᠯᠲᠠ ᠪᠠ ᠡᠮᠡᠭᠲᠡᠶᠢᠴᠦᠳ ᠤᠨ ᠡᠷᠬᠡ | ᠠᠰᠢᠭ ᠤᠨ ᠪᠠᠲᠤᠯᠠᠭ᠎ᠠ ᠶᠢ ᠠᠬᠢᠭᠤᠯᠵᠤ᠂ ᠵᠢᠩᠬᠢᠨᠢ ᠤᠳᠭ᠎ᠠ ᠠᠭᠤᠯᠭ᠎ᠠ ᠳᠡᠭᠡᠷᠡᠬᠢ ᠡᠷᠡᠭᠲᠡᠶ ᠡᠮᠡᠭᠲᠡᠶ ᠡᠷᠬᠡ ᠲᠡᠭᠰᠢ | ᠪᠠᠶᠢᠬᠤ ᠶᠢ ᠪᠡᠶᠡᠯᠡᠭᠦᠯᠵᠤ ᠴᠢᠳᠠᠨ᠎ᠠ᠃ | ᠲᠡᠭᠡᠪᠡᠯ ᠰᠢᠭᠦᠭᠦ ᠬᠤᠷᠢᠶ᠎ᠠ ᠨᠢ ᠭᠡᠷ ᠪᠦᠯᠢ ᠶᠢᠨ ᠬᠦᠴᠦᠷᠭᠡᠭᠯᠡᠯ ᠢ ᠡᠰᠡᠷᠭᠦᠴᠡᠬᠦ ᠳᠤᠮᠳᠠ ᠶᠠᠮᠠᠷ ᠦᠢᠯᠡᠳᠦᠯ | ᠦᠵᠡᠭᠦᠯᠳᠡᠭ ᠪᠤᠯ︖ | ᠬᠡᠷᠡᠭ ᠤᠨ ᠵᠢᠱᠢᠶ᠎ᠠ᠄ ᠨᠢᠭᠡ᠂ ᠭᠤᠶᠤᠴᠢᠯᠠᠭᠴᠢ ᠰᠦᠨ ᠣᠪᠣᠭᠲᠤ ᠪᠣᠯᠤᠨ ᠭᠤᠶᠤᠴᠢᠯᠠᠭᠳᠠᠭᠴᠢ ᠭᠤᠤ | ᠣᠪᠣᠭᠲᠤ ᠬᠠᠨᠢᠯᠠᠨ ᠰᠠᠭᠤᠭᠰᠠᠨ ᠬᠠᠷᠢᠴᠠᠭ᠎ᠠ ᠲᠠᠢ᠃ ᠡᠨᠡ ᠬᠦ ᠬᠤᠭᠤᠴᠠᠭᠠᠨ ᠳᠤ ᠭᠤᠶᠤᠴᠢᠯᠠᠭᠳᠠᠭᠴᠢ ᠭᠤᠤ | ᠣᠪᠣᠭᠲᠤ ᠣᠯᠠᠨ ᠤᠳᠠᠭ᠎ᠠ ᠬᠦᠴᠤᠷᠭᠡᠭᠯᠡᠯ ᠤᠨ ᠠᠷᠭ᠎ᠠ ᠪᠡᠷᠢᠯ ᠬᠡᠷᠡᠭᠯᠡᠨ ᠭᠤᠶᠤᠴᠢᠯᠠᠭᠴᠢ ᠰᠦᠨ ᠣᠪᠣᠭᠲᠤ ᠶᠢ | ᠬᠠᠷᠢᠶᠠᠵᠤ᠂ ᠣᠯᠠᠨ ᠤᠳᠠᠭ᠎ᠠ ᠵᠠᠪᠰᠢᠶᠠᠨ ᠣᠯᠭᠤᠭᠰᠠᠨ ᠴᠤ ᠭᠡᠮᠰᠢᠨ ᠵᠠᠰᠠᠷᠠᠬᠤ ᠦᠭᠡᠢ ᠪᠠᠶᠢᠪᠠ᠃ ᠤᠳᠤ | ᠭᠤᠶᠤᠴᠢᠯᠠᠭᠴᠢ ᠰᠦᠨ ᠣᠪᠣᠭᠲᠤ ᠦᠪᠡᠷ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠳᠠᠬᠤ ᠦᠭᠡᠢ | ᠪᠠᠶᠢᠬᠤ ᠶᠢ ᠬᠠᠮᠠᠭᠠᠯᠠᠭᠤᠯᠬᠤ ᠪᠠᠷ ᠠᠷᠠᠳ ᠤᠨ ᠰᠢᠭᠦᠬᠦ ᠬᠤᠷᠢᠶ᠎ᠠ ᠳᠤ ᠭᠤᠶᠤᠴᠢᠯᠠᠪᠠ᠃ ᠰᠢᠭᠦᠬᠦ ᠬᠤᠷᠢᠶ᠎ᠠ ᠠᠴᠠ | ᠬᠢᠨᠠᠨ ᠪᠠᠶᠢᠴᠠᠭᠠᠭᠰᠠᠨ ᠤ ᠳᠠᠷᠠᠭ᠎ᠠ᠂ ᠬᠠᠤᠯᠢ ᠴᠠᠭᠠᠵᠠ ᠶᠢ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ︽ | ᠬᠥᠮᠦᠨ ᠤ ᠪᠡᠶ᠎ᠡ ᠶᠢ ᠬᠠᠮᠠᠭᠠᠯᠠᠬᠤ ᠵᠠᠷᠯᠢᠭ︾ ᠭᠠᠷᠭᠠᠵᠤ᠂ ᠭᠤᠶᠤᠴᠢᠯᠠᠭᠳᠠᠭᠴᠢ ᠭᠤᠤ ᠤᠪᠤᠬᠳᠦ ᠠᠴᠠ | ᠭᠤᠶᠤᠴᠢᠯᠠᠭᠴᠢ ᠰᠦᠨ ᠤᠪᠤᠬᠳᠦ ᠶᠢ ᠦᠢᠮᠡᠭᠦᠯᠬᠦ᠂ ᠮᠥᠷᠳᠡᠬᠦ᠂ ᠬᠠᠷᠢᠯᠴᠠᠬᠤ ᠶᠢ ᠬᠤᠷᠢᠬᠯᠠᠨ ᠴᠠᠭᠠᠵᠠᠯᠠᠪᠠ᠃ | ᠬᠤᠶᠠᠷ᠂ ᠭᠤᠶᠤᠴᠢᠯᠠᠭᠴᠢ ᠲᠢᠶᠠᠨ ᠣᠪᠣᠭᠲᠤ ᠪᠣᠯᠤᠨ ᠭᠤᠶᠤᠴᠢᠯᠠᠭᠳᠠᠭᠴᠢ ᠳ᠋ᠤᠸᠠᠨ ᠣᠪᠣᠭᠲᠤ ᠡᠷ᠎ᠡ | ᠡᠮ᠎ᠡ ᠶᠢᠨ ᠬᠠᠷᠢᠴᠠᠭ᠎ᠠ ᠲᠠᠢ᠃ ᠭᠤᠶᠤᠴᠢᠯᠠᠭᠴᠢ ᠲᠢᠶᠠᠨ ᠤᠪᠤᠬᠳᠦ 68 ᠨᠠᠰᠤᠲᠠᠢ᠂ ᠭᠤᠶᠤᠴᠢᠯᠠᠭᠳᠠᠭᠴᠢ ᠳ᠋ᠤᠸᠠᠨ | ᠤᠪᠤᠬᠳᠦ 58 ᠨᠠᠰᠤᠲᠠᠢ᠃ ᠬᠠᠮᠲᠤ ᠠᠮᠢᠳᠤᠷᠠᠵᠤ ᠪᠠᠶᠢᠭ᠎ᠠ ᠬᠤᠭᠤᠴᠠᠭᠠᠨ ᠳᠤ᠂ ᠬᠤᠶᠠᠭᠤᠯᠠ ᠬᠡᠷᠡᠯᠳᠦᠭᠰᠡᠨ ᠤ | ᠳᠠᠷᠠᠭ᠎ᠠ᠂ ᠡᠭᠡᠨᠡᠷ ᠢᠶᠠᠨ ᠬᠦᠷᠢᠶᠡᠨ ᠳᠠᠬᠢ ᠲᠡᠮᠦᠷ ᠬᠡᠷᠡᠰᠭᠡ ᠳᠡᠭᠡᠷ᠎ᠡ ᠮᠦᠷᠭᠦᠭᠦᠯᠵᠤ᠂ ᠬᠠᠪᠢᠷᠭᠠᠨ ᠶᠠᠰᠤ ᠨᠢ | ᠬᠤᠭᠤᠷᠠᠵᠤ᠂ ᠡᠯᠢᠭᠡ ᠪᠥᠭᠡᠷᠡᠨ ᠳᠤᠨᠢ ᠰᠢᠷᠬ᠎ᠠ ᠰᠠᠭᠤᠪᠠ᠃ ᠭᠤᠶᠤᠴᠢᠯᠠᠭᠴᠢ ᠲᠢᠶᠠᠨ ᠤᠪᠤᠬᠳᠦ ᠡᠮᠨᠡᠯᠭᠡ ᠠᠴᠠ | ᠭᠠᠷᠴᠤ ᠭᠡᠷ ᠲᠡᠭᠡᠨ ᠬᠠᠷᠢᠭᠰᠠᠨ ᠤ ᠳᠠᠷᠠᠭ᠎ᠠ᠂ ᠭᠤᠶᠤᠴᠢᠯᠠᠭᠳᠠᠭᠴᠢ ᠳ᠋ᠤᠸᠠᠨ ᠤᠪᠤᠬᠳᠦ ᠰᠢᠯᠲᠠᠭ ᠡᠷᠢᠵᠦ | ᠭᠤᠶᠤᠴᠢᠯᠠᠭᠴᠢ ᠲᠢᠶᠠᠨ ᠤᠪᠤᠬᠳᠦ ᠶᠢ ᠰᠦᠷᠳᠡᠭᠦᠯᠦ᠋ᠭᠰᠡᠨ ᠠᠴᠠ ᠠᠷᠭ᠎ᠠ ᠪᠤᠰᠤ ᠥᠬᠢᠨ ᠤ ᠳᠠᠭᠠᠨ ᠤᠴᠢᠵᠤ | ᠡᠪᠡᠳᠴᠢᠨ ᠢᠶᠠᠨ ᠰᠤᠪᠢᠯᠠᠪᠠ᠃ ᠰᠢᠭᠦᠬᠦ ᠬᠤᠷᠢᠶ᠎ᠠ ᠬᠢᠨᠠᠨ ᠪᠠᠶᠢᠴᠠᠭᠠᠭᠰᠠᠨ ᠤ ᠳᠠᠷᠠᠭ᠎ᠠ᠂ ᠬᠠᠤᠯᠢ ᠴᠠᠭᠠᠵᠠ ᠶᠢᠨ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ︽ᠬᠦᠮᠤᠨ ᠤ ᠪᠡᠶ᠎ᠡ ᠶᠢ ᠬᠠᠮᠠᠭᠠᠯᠠᠬᠤ ᠵᠠᠷᠯᠢᠭ︾ ᠭᠠᠷᠭᠠᠵᠤ᠂ | ᠭᠤᠶᠤᠴᠢᠯᠠᠭᠳᠠᠭᠴᠢ ᠳ᠋ᠤᠸᠠᠨ ᠤᠪᠤᠬᠳᠦ ᠶᠢᠨ ᠭᠡᠷ ᠪᠦᠯᠢ ᠶᠢᠨ ᠬᠦᠴᠦᠷᠬᠡᠭᠯᠡᠯ ᠶᠠᠪᠤᠭᠤᠯᠬᠤ ᠶᠢ ᠴᠠᠭᠠᠵᠠᠯᠠᠪᠠ᠃ | ᠠᠷᠭ᠎ᠠ ᠬᠡᠮᠵᠢᠶ᠎ᠠ᠄ | · ᠳᠣᠲᠣᠭᠠᠳᠤ ᠶᠢ ᠬᠠᠮᠠᠭᠠᠯᠠᠬᠤ᠂ ᠡᠮᠡᠭᠲᠡᠶᠢᠴᠦᠳ ᠤᠨ ᠬᠤᠯᠪᠤᠭ᠎ᠠ᠂ ᠠᠷᠠᠳ ᠤᠨ ᠶᠠᠪᠤᠳᠠᠯ᠂ ᠵᠡᠭᠡᠯᠢ ᠭᠤᠳᠤᠮᠵᠢ | ᠂ ᠨᠡᠶᠢᠭᠡᠮ ᠲᠣᠭᠤᠷᠢᠭ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠬᠥᠳᠡᠯᠤᠯᠴᠡᠬᠦ ᠶᠢ ᠤᠯᠠᠮ | ᠨᠢᠭᠡ ᠠᠯᠬᠤᠮ ᠴᠢᠩᠭᠠᠳᠬᠠᠵᠤ᠂ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠤ᠂ ᠭᠡᠷ ᠪᠦᠯᠢ ᠶᠢᠨ ᠬᠦᠴᠦᠷᠬᠡᠭᠯᠡᠯ ᠢ ᠤᠯᠠᠨ ᠱᠠᠳᠤ᠂ ᠤᠯᠠᠨ ᠲᠠᠯ᠎ᠠ ᠠᠴᠠ ᠤᠷᠢᠳᠴᠢᠯᠠᠨ | ᠰᠡᠷᠭᠡᠶᠢᠯᠡᠵᠦ ᠵᠠᠯᠬᠠᠭᠠᠨ ᠰᠢᠢᠳᠭᠡᠨ᠎ᠡ᠃ | · ᠭᠡᠷ ᠪᠦᠯᠢ ᠶᠢᠨ ᠬᠦᠴᠦᠷᠬᠡᠭᠯᠡᠯ ᠢᠶᠠᠷ ᠰᠢᠯᠲᠠᠭ ᠪᠣᠯᠭᠠᠵᠤ ᠤᠷᠤᠭ ᠰᠠᠯᠬᠤ ᠪᠠᠷ ᠳᠤᠷᠠᠳᠤᠭᠰᠠᠨ ᠦᠭᠡᠢ ᠪᠣᠯ | ᠰᠢᠭᠦᠯᠲᠡ ᠠᠴᠠ ᠡᠮᠦᠨ᠎ᠡ ᠡᠶᠡᠳᠡᠭᠦᠯᠬᠦ ᠪᠤᠶᠤ ᠲᠢᠩᠬᠢᠮ ᠨᠡᠭᠡᠭᠡᠬᠦ ᠶᠠᠪᠤᠴᠠ ᠳᠤ ᠰᠢᠭᠦᠬᠦ ᠲᠤᠰᠢᠶᠠᠯᠲᠠᠨ ᠲᠤᠬᠠᠶ ᠶᠢᠨ | ᠬᠥᠮᠦᠨ ᠲᠠᠢ ᠢᠳᠡᠪᠬᠢᠲᠡᠢ ᠣᠶᠢᠯᠭᠠᠯᠴᠠᠵᠤ᠂ ᠭᠡᠷ ᠪᠦᠯᠢ ᠶᠢᠨ ᠬᠦᠴᠦᠷᠬᠡᠭᠯᠡᠯ ᠤᠨ ᠳᠠᠯᠳᠠ ᠠᠶᠤᠯ ᠣᠷᠣᠰᠢᠵᠤ | ᠮᠡᠳᠡᠬᠦ ᠦᠶ᠎ᠠ ᠳᠤ ᠴᠠᠭ ᠲᠤᠬᠠᠶ ᠳᠤᠨᠢ ᠬᠠᠤᠯᠢ ᠴᠠᠭᠠᠵᠠ ᠪᠠᠷ ᠭᠠᠷ ᠲᠦᠷᠦᠭᠦ ᠬᠡᠷᠡᠭᠲᠡᠶ᠃ | · ᠰᠢᠭᠦᠬᠦ ᠲᠤᠰᠢᠶᠠᠯᠲᠠᠨ ᠬᠦᠴᠦᠷᠬᠡᠭᠯᠡᠯ ᠶᠠᠪᠤᠭᠤᠯᠤᠭᠴᠢᠳ ᠲᠤ ᠴᠠᠭ ᠲᠤᠬᠠᠶ ᠳᠤᠨᠢ ᠰᠡᠳᠭᠢᠴᠡ ᠶᠢᠨ | ᠵᠢᠯᠣᠭᠤᠳᠤᠯᠭ᠎ᠠ ᠬᠢᠵᠤ᠂ ᠢᠳᠬᠠᠨ ᠰᠠᠨᠠᠭᠤᠯᠬᠤ ᠬᠡᠷᠡᠭᠲᠡᠢ᠃ ︽ᠬᠦᠮᠤᠨ ᠤ ᠪᠡᠶ᠎ᠡ ᠶᠢ ᠬᠠᠮᠠᠭᠠᠯᠠᠬᠤ ᠵᠠᠷᠯᠢᠭ︾ ᠤᠨ | ᠬᠢᠵᠠᠭᠠᠷᠯᠠᠯ ᠢ ᠰᠠᠶᠢᠨ ᠳᠤᠷ᠎ᠠ ᠠᠴᠠ ᠪᠠᠨ ᠬᠦᠯᠢᠶᠡᠵᠦ᠂ ᠥᠪᠡᠷ ᠤᠨ ᠠᠯᠳᠠᠭ᠎ᠠ ᠪᠤᠷᠤᠭᠤ ᠪᠠᠨ ᠴᠠᠭ ᠲᠤᠬᠠᠶ ᠳᠤᠨᠢ | ᠵᠠᠯᠠᠷᠠᠭᠤᠯᠬᠤ ᠶᠢ ᠵᠢᠯᠤᠭᠤᠳᠬᠤ ᠬᠡᠷᠡᠭᠲᠡᠢ᠃ | · ᠤᠬᠠᠭᠤᠯᠭ᠎ᠠ ᠪᠠ ᠪᠣᠯᠪᠠᠰᠤᠷᠠᠯ ᠤᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠬᠠᠤᠯᠢ | ᠴᠠᠭᠠᠵᠠ ᠶᠢᠨ ᠰᠠᠨᠠᠭᠤᠯᠭ᠎ᠠ ᠭᠠᠷᠭᠠᠬᠤ ᠪᠠᠷ ᠳᠠᠮᠵᠢᠭᠤᠯᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠪᠢᠴᠢᠯ ᠺᠢᠨᠤ᠋ | ᠂ ᠺᠠᠷᠲ᠋ᠤᠨ ᠱᠤᠭ ᠵᠢᠷᠤᠭ ᠵᠡᠷᠭᠡ ᠣᠯᠠᠨ ᠵᠦᠢᠯ ᠤᠨ ᠬᠡᠯᠪᠡᠷᠢ ᠪᠠᠷ ᠭᠡᠷ ᠪᠦᠯᠢ ᠶᠢᠨ ᠬᠦᠴᠦᠷᠬᠡᠭᠯᠡᠯ ᠤᠨ ᠨᠡᠶᠢᠲᠡᠯᠢᠭ | ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠭᠡᠷ ᠪᠦᠯᠢ ᠶᠢᠨ ᠬᠦᠴᠦᠷᠬᠡᠭᠯᠡᠯ ᠤᠨ ᠬᠤᠤᠷ ᠬᠦᠨᠦᠭᠡᠯᠳᠤ ᠴᠢᠨᠠᠷ ᠤᠨ ᠲᠤᠬᠠᠶ | ᠪᠦᠬᠦ ᠨᠡᠶᠢᠭᠡᠮ ᠤᠨ ᠲᠠᠨᠢᠯᠲᠠ ᠪᠠ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠵᠤ ᠪᠤᠯᠤᠨ᠎ᠠ᠃ | ︵︽ᠳᠤᠮᠳᠠᠳᠤ ᠤᠯᠤᠰ ᠤᠨ ᠮᠤᠩᠭᠤᠯ ᠭᠡᠯᠡᠨ ᠤ ᠰᠤᠨᠢᠨ ᠮᠡᠳᠡᠭᠡ︾ ᠶᠢᠨ ᠰᠦᠯᠵᠢᠶᠡᠨ ᠠᠴᠠ︶ | | |