ᠬᠤᠳᠤᠭᠤᠳᠤ ᠶᠢ ︽ᠬᠦᠭᠰᠢᠷᠡᠭᠦᠯᠦᠭᠴᠢ︾ — ᠳᠠᠪᠤᠰᠤ ᠶᠡᠬᠡᠳᠡᠢ ᠢᠳᠡᠭᠡᠨ
ᠨᠡᠶᠢᠲᠡᠯᠡᠭᠰᠡᠨ ᠴᠠᠭ᠄
2023/9/5
    ᠳᠠᠪᠤᠰᠤ ᠶᠡᠬᠡᠳᠡᠢ ᠢᠳᠡᠭᠡᠨ ᠤᠮᠳᠠᠭᠠᠨ ᠤ ᠬᠤᠤᠷ ᠬᠦᠨᠦᠭᠡᠯ ᠨᠢ ᠵᠦᠪᠬᠡᠨ ᠴᠢᠰᠤᠨ ᠳᠠᠷᠤᠯᠳᠠ ᠶᠢ ᠦᠨᠳᠤᠷ  ᠪᠤᠯᠭᠠᠬᠤ ᠳᠡᠳᠦᠢ ᠪᠢᠰᠢ᠂ ᠬᠤᠳᠤᠭᠤᠳᠤᠨ ᠤ ᠦᠷᠪᠢᠰᠦᠯ ᠤᠨ ᠡᠬᠦᠰᠦᠯᠳᠡ ᠨᠢ ᠴᠤ ᠳᠠᠪᠤᠰᠤ ᠶᠡᠬᠡᠳᠡᠢ ᠢᠳᠡᠭᠡᠨ  ᠤᠮᠳᠠᠭᠠᠨ ᠲᠠᠢ ᠨᠢᠭᠳᠠ ᠬᠠᠷᠢᠴᠠᠭ᠎ᠠ ᠲᠠᠢ ᠪᠠᠶᠢᠳᠠᠭ᠃      ᠳᠠᠪᠤᠰᠤ ᠶᠢ ᠬᠡᠳᠦᠷᠬᠡᠢ ᠠᠷᠪᠢᠨ ᠰᠢᠩᠭᠡᠭᠡᠪᠡᠯ ᠬᠤᠳᠤᠭᠤᠳᠤᠨ ᠤ ᠰᠠᠯᠢᠰᠤᠳᠤ ᠪᠦᠷᠬᠦᠪᠴᠢ ᠳᠤ ᠰᠡᠳᠦᠯᠳᠡ  ᠦᠭᠴᠤ᠂ ᠬᠤᠳᠤᠭᠤᠳᠤᠨ ᠬᠠᠨ᠎ᠠ ᠶᠢᠨ ᠡᠰ ᠢ ᠬᠤᠪᠢᠷᠠᠭᠤᠯᠤᠨ ᠤᠨᠠᠭᠠᠵᠦ ᠮᠡᠳᠡᠨ᠎ᠡ᠃ ᠬᠠᠨ᠎ᠠ ᠶᠢᠨ ᠡᠰ ᠪᠤᠯ  ᠬᠤᠳᠤᠭᠤᠳᠤᠨ ᠤ ᠡᠷᠡᠬᠦᠯ ᠮᠡᠨᠳᠤ ᠶᠢ ᠬᠠᠮᠠᠭᠠᠯᠠᠬᠤ ᠬᠠᠯᠬᠠᠪᠴᠢ ᠮᠦᠨ᠂ ᠬᠡᠷᠪᠡ ᠡᠪᠳᠡᠭᠳᠡᠪᠡᠯ ᠬᠤᠳᠤᠭᠤᠳᠤᠨ ᠤ  ᠦᠷᠪᠢᠰᠦᠯ ᠳᠤ ᠨᠡᠷᠪᠡᠭᠳᠡᠬᠦ ᠳᠦᠭᠰᠢᠭᠦᠷᠢ ᠶᠢ ᠨᠡᠮᠡᠭᠳᠡᠭᠦᠯᠵᠦ᠂ ᠬᠦᠨᠳᠤ ᠨᠤᠴᠢᠳᠠᠢ ᠨᠢ ᠪᠠᠰᠠ ᠬᠤᠳᠤᠭᠤᠳᠤᠨ ᠤ  ᠦᠮᠡᠨ ᠢ ᠡᠭᠦᠰᠭᠡᠵᠦ ᠮᠡᠳᠡᠨ᠎ᠡ᠃       ᠨᠤᠭᠤᠭ᠎ᠠ ᠬᠢᠬᠦ ᠳᠡᠭᠡᠨ ᠳᠤᠭᠤᠭᠠᠨ ᠠᠴᠠ ᠪᠠᠨ ᠭᠠᠷᠭᠠᠬᠤ ᠦᠶ᠎ᠡ ᠳᠤ ᠳᠠᠪᠤᠰᠤ ᠬᠢᠬᠦ ᠶᠢ ᠰᠠᠨᠠᠭᠠᠴᠢᠯᠠᠨ᠎ᠠ︔  ᠨᠤᠭᠤᠭ᠎ᠠ ᠬᠢᠬᠦ ᠳᠤ ᠼᠤᠤ ᠪᠠᠷ ᠠᠮᠳᠠ ᠤᠷᠤᠭᠤᠯᠵᠦ ᠪᠤᠯᠤᠨ᠎ᠠ᠂ ᠤᠴᠢᠷ ᠨᠢ ᠪᠠᠭ᠎ᠠ ᠬᠡᠮᠵᠢᠶᠡᠨ ᠤ ᠼᠤᠤ ᠨᠢ ᠱᠤᠷᠪᠤᠭ  ᠠᠮᠳᠠ ᠶᠢ ᠨᠡᠮᠡᠭᠳᠡᠭᠦᠯᠳᠡᠭ᠃    ᠪᠠᠰᠠ ᠦᠨᠦᠷᠳᠤ ᠨᠠᠪᠴᠢ᠂ ᠬᠤᠤᠵᠤᠤ ᠶᠢᠨ ᠨᠤᠨᠳᠠᠭ᠂ ᠶᠠᠷᠮ᠎ᠠ᠂ ᠰᠤᠩᠬᠢᠨ᠎ᠡ ᠰᠠᠷᠢᠮᠰᠠᠭ ᠭᠠ ᠮᠡᠳᠤ ᠶᠢᠨ  ᠪᠠᠶᠢᠭᠠᠯᠢᠯᠢᠭ ᠠᠮᠳᠠ ᠤᠷᠤᠭᠤᠯᠬᠤ ᠡᠳ᠋ ᠢ ᠢᠯᠡᠬᠦᠦ ᠰᠢᠭ ᠬᠢᠵᠦ ᠪᠤᠯᠤᠨ᠎ᠠ ᠃      ᠠᠮᠢᠳᠤᠷᠠᠯ ᠳᠤᠮᠳᠠ ᠳᠠᠪᠤᠰᠤᠯᠠᠭᠰᠠᠨ ᠨᠤᠭᠤᠭ᠎ᠠ᠂ ᠳᠠᠷᠤᠰᠢᠯᠠᠭᠰᠠᠨ ᠨᠤᠭᠤᠭ᠎ᠠ᠂ ᠪᠤᠷᠴᠠᠭ ᠤᠨ ᠵᠢᠶᠠᠩ᠂  ᠳᠠᠪᠤᠰᠤᠯᠠᠭᠰᠠᠨ ᠮᠢᠬ᠎ᠠ᠂ ᠰᠢᠷᠠᠮ ᠵᠡᠷᠭᠡ ᠨᠢᠭᠤᠭᠳᠠᠮᠠᠯ ᠳᠠᠪᠤᠰᠤ ᠲᠠᠢ ᠢᠳᠡᠭᠡᠨ ᠢ ᠪᠠᠭ᠎ᠠ ᠢᠳᠡᠵᠦ᠂ ᠨᠤᠭᠤᠭ᠎ᠠ  ᠬᠢᠬᠦ ᠳᠤ ᠵᠢᠶᠠᠩᠶ᠋ᠢᠤ ᠬᠢᠪᠡᠯ ᠳᠠᠪᠤᠰᠤ ᠶᠢ ᠪᠠᠭ᠎ᠠ ᠬᠢᠬᠦ ᠬᠡᠷᠡᠭᠳᠡᠢ᠂ ᠤᠴᠢᠷ ᠨᠢ 10ml ᠵᠢᠶᠠᠩᠶ᠋ᠢᠤ ᠳᠤ ᠪᠠᠷᠤᠭ 1.6  g ᠳᠠᠪᠤᠰᠤ ᠠᠭᠤᠯᠳᠠᠭ᠃        ᠡᠬᠦᠨ ᠠᠴᠠ ᠭᠠᠳᠠᠨ᠎ᠠ᠂ ᠪᠤᠭᠤᠳᠠᠯᠯᠠᠭᠰᠠᠨ ᠢᠳᠡᠬᠡᠨ ᠢ ᠬᠤᠳᠠᠯᠳᠤᠨ ᠠᠪᠬᠤ ᠳᠠᠭᠠᠨ ᠰᠢᠮ᠎ᠡ ᠳᠡᠵᠢᠬᠡᠯ ᠤᠨ  ᠪᠦᠷᠢᠯᠳᠦᠬᠦᠨ ᠤ ᠬᠦᠰᠦᠨᠦᠭᠳᠤ ᠶᠢ ᠦᠵᠡᠵᠦ᠂ ᠴᠢᠳᠠᠬᠤ ᠶᠢᠨ ᠳᠤᠳᠤᠷ᠎ᠠ ᠳᠠᠪᠤᠰᠤ ᠶᠡᠬᠡᠳᠡᠢ ᠢᠳᠡᠭᠡᠨ ᠢ ᠬᠤᠳᠠᠯᠳᠤᠨ  ᠠᠪᠬᠤ ᠦᠬᠡᠢ᠂ ᠦᠬᠡᠷ᠎ᠡ ᠪᠠᠷ ᠬᠡᠯᠡᠪᠡᠯ ᠨᠠᠳ᠋ᠷᠢ ᠶᠢᠨ ᠠᠭᠤᠯᠠᠭᠳᠠᠴᠠ ᠨᠢ 800mg/100g ᠳᠡᠩᠴᠡᠭᠦᠦ ᠪᠤᠶᠤ  ᠶᠡᠭᠡ ᠪᠤᠯᠬᠤ ᠢᠳᠡᠭᠡᠨ ᠢ ᠬᠤᠳᠠᠯᠳᠤᠨ ᠠᠪᠬᠤ ᠦᠬᠡᠢ ᠪᠤᠯ ᠰᠠᠶᠢᠨ᠃    ︵ᠳᠤᠰ ᠪᠤᠯᠤᠩ ᠤᠨ ᠡᠭᠡ ᠪᠢᠴᠢᠭ ᠤᠳ ᠢ ︽ᠠᠷᠠᠳ ᠤᠨ ᠰᠦᠯᠵᠢᠶ᠎ᠡ︾ ᠠᠴᠠ ᠰᠢᠯᠵᠢᠬᠦᠯᠪᠡ︶        
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号