ᠦᠮᠠᠨ ᠡᠪᠡᠳᠴᠢᠨ ᠢ ᠪᠦᠷᠢᠮᠦᠰᠦᠨ ᠵᠠᠰᠠᠵᠦ ᠳᠡᠶᠢᠯᠬᠦ ᠪᠤᠯᠤᠭᠰᠠᠨ ᠤᠤ︖
ᠨᠡᠶᠢᠲᠡᠯᠡᠭᠰᠡᠨ ᠴᠠᠭ᠄
2023/9/5
          ᠤᠶᠢᠷ᠎ᠠ ᠳᠤ᠂ ᠠᠮᠧᠷᠢᠺᠠ ᠶᠢᠨ ᠲᠡᠷᠢᠭᠦᠨ ᠵᠡᠷᠭᠡ ᠶᠢᠨ ᠥᠮᠡᠨ ᠡᠪᠡᠳᠴᠢᠨ ᠢ ᠡᠮᠨᠡᠨ ᠵᠠᠰᠠᠬᠤ ᠪᠠ  ᠰᠤᠳᠤᠯᠭᠠᠨ ᠤ ᠪᠠᠶᠢᠭᠤᠯᠤᠮᠵᠢ ᠪᠤᠯᠬᠤ City of Hope ᠶᠢᠨ ᠤᠯᠤᠰ ᠤᠨ ᠡᠮᠴᠢᠯᠡᠭᠡᠨ ᠤ ᠲᠥᠪ ᠨᠡᠶᠢᠲᠡᠯᠡᠭᠰᠡᠨ  ᠠᠯᠪᠠᠨ ᠵᠠᠷ ᠲᠠᠭᠠᠨ᠂ ᠡᠮᠴᠢᠯᠡᠭᠡ ᠠᠴᠠ ᠡᠮᠦᠨᠡᠬᠢ ᠰᠤᠳᠤᠯᠭᠠᠨ ᠤ ᠳᠤᠮᠳᠠ ᠲᠣᠰ ᠪᠠᠶᠢᠭᠤᠯᠤᠮᠵᠢ ᠶᠢᠨ ᠰᠢᠨᠵᠢᠯᠡᠬᠦ  ᠤᠬᠠᠭᠠᠨᠲᠠᠨ ᠪᠣᠶ ᠪᠦᠬᠦᠢ ᠪᠣᠳᠠᠲᠤ ᠴᠣᠭᠴᠠ ᠶᠢᠨ ᠬᠤᠣᠷᠲᠤ ᠬᠠᠪᠤᠳᠠᠷ ︵ᠥᠮᠡᠨ ᠤ ᠬᠠᠪᠤᠳᠠᠷ︶ ᠢ ᠠᠯᠠᠵᠤ ᠳᠡᠶᠢᠯᠬᠦ  ᠬᠠᠨᠳᠤᠯᠭᠠᠲᠤ ᠬᠢᠮᠢ ᠶᠢᠨ ᠵᠠᠰᠠᠯᠭ᠎ᠠ ᠶᠢᠨ ᠡᠮ ᠢ ᠰᠤᠳᠤᠯᠤᠨ ᠭᠠᠷᠭᠠᠪᠠ ᠭᠡᠵᠡᠢ᠃          ᠠᠯᠪᠠᠨ ᠵᠠᠷ ᠲᠤ ᠳᠤᠷᠠᠳᠤᠭᠰᠠᠨ ᠡᠮᠴᠢᠯᠡᠭᠡ ᠠᠴᠠ ᠡᠮᠦᠨᠡᠬᠢ ᠰᠤᠳᠤᠯᠭᠠᠨ ᠢ ᠨᠢᠭᠡᠨᠲᠡ ᠥᠭᠦᠯᠡᠯ ᠤᠨ  ᠬᠡᠯᠪᠡᠷᠢ ᠪᠠᠷ ᠬᠠᠮᠢᠶ᠎ᠠ ᠪᠦᠬᠦᠢ ᠰᠡᠳᠬᠦᠯ ᠳᠤ ᠨᠡᠶᠢᠲᠡᠯᠡᠵᠡᠢ᠃ ᠦᠭᠦᠯᠡᠯ ᠳᠤ ᠳᠤᠷᠠᠳᠤᠭᠰᠠᠨ ᠲᠤᠰ ᠵᠦᠢᠯ ᠤᠨ ᠡᠮ  AOH1996 ᠪᠣᠯ ᠬᠠᠪᠤᠳᠠᠷ ᠤᠨ ᠡᠰ ᠤᠨ ᠦᠷᠡᠵᠢᠯᠲᠡ ᠶᠢ ᠬᠤᠷᠢᠭᠯᠠᠬᠤ ᠳᠤ ᠬᠡᠷᠡᠭᠯᠡᠳᠡᠭ ᠵᠢᠵᠢᠭ ᠮᠣᠯᠧᠺᠦ᠋ᠯ  PCNA ︵ᠦᠷᠡᠵᠢᠯᠲᠡ ᠶᠢᠨ ᠡᠰ ᠤᠨ ᠪᠥᠭᠡᠮ ᠤᠨ ᠠᠨᠲ᠋ᠢᠭᠧᠡ︶ ᠶᠢ ᠬᠤᠷᠢᠭᠯᠠᠬᠤ ᠡᠮ ᠪᠣᠯᠣᠨ᠎ᠠ᠃  ᠦᠷᠡᠵᠢᠯᠲᠡ ᠶᠢᠨ ᠡᠰ ᠤᠨ ᠪᠥᠭᠡᠮ ᠤᠨ ᠠᠨᠲ᠋ᠢᠭᠧᠡ ᠨᠢ DNA ᠶᠢ ᠳᠠᠬᠢᠨ ᠦᠢᠯᠡᠳᠬᠦ ᠪᠠ ᠵᠠᠰᠠᠨ ᠰᠡᠷᠭᠦᠭᠡᠬᠦ  ᠶᠠᠪᠤᠴᠠ ᠳᠤ ᠲᠦᠢᠯ ᠤᠨ ᠴᠢᠬᠤᠯᠠ ᠪᠠᠶᠢᠳᠠᠭ᠂ ᠡᠨᠡ ᠬᠦ ᠵᠦᠢᠯ ᠤᠨ ᠡᠮ ᠨᠢ ᠣᠨᠴᠠᠭᠠᠶᠢᠯᠠᠨ PCNA ᠶᠢᠨ  ᠥᠮᠡᠨ ᠤ ᠳᠦᠷᠰᠦ ᠬᠤᠪᠢᠷᠠᠯᠲᠠ ᠳᠤ ᠴᠢᠭᠯᠡᠭᠦᠯᠵᠦ ᠪᠠᠶᠢᠳᠠᠭ᠂ ᠡᠨᠡ ᠬᠦ ᠵᠦᠢᠯ ᠤᠨ ᠤᠭᠤᠷᠠᠭ ᠨᠢ ᠪᠣᠢ ᠪᠦᠬᠦᠢ  ᠲᠠᠷᠬᠠᠭᠰᠠᠨ ᠬᠠᠪᠤᠳᠠᠷ ᠤᠨ DNA ᠶᠢ ᠳᠠᠬᠢᠨ ᠦᠢᠯᠡᠳᠬᠦ ᠪᠠ ᠵᠠᠰᠠᠨ ᠰᠡᠷᠭᠦᠭᠡᠬᠦ ᠶᠠᠪᠤᠴᠠ ᠳᠤ ᠵᠠᠩᠭᠢᠯᠠᠭ᠎ᠠ ᠶᠢᠨ  ᠦᠢᠯᠡᠳᠦᠯ ᠦᠵᠡᠭᠦᠯᠵᠦ ᠪᠠᠶᠢᠳᠠᠭ᠃         ᠲᠤᠰ ᠡᠮᠴᠢᠯᠡᠭᠡᠨ ᠤ ᠲᠥᠪ ᠠᠴᠠ ᠬᠠᠨᠭ᠍ᠭᠠᠭᠰᠠᠨ ᠲᠤᠷᠰᠢᠯᠲᠠ ᠶᠢᠨ ᠵᠢᠷᠤᠭ ᠢ ᠦᠨᠳᠦᠰᠦᠯᠡᠪᠡᠯ᠂ ᠲᠤᠰ ᠡᠮ ᠢ  ᠬᠡᠷᠡᠭᠯᠡᠬᠦ ᠠᠴᠠ ᠡᠮᠦᠨ᠎ᠡ ᠪᠠ ᠬᠡᠷᠡᠭᠯᠡᠭᠰᠡᠨ ᠤ ᠳᠠᠷᠠᠭ᠎ᠠ ᠥᠮᠡᠨ ᠤ ᠡᠰ ᠤᠨ ᠪᠠᠶᠢᠳᠠᠯ ᠳᠤ ᠢᠯᠡᠳᠲᠡ ᠬᠤᠪᠢᠷᠠᠯᠲᠠ  ᠭᠠᠷᠴᠠᠢ᠃ AOH1996 ᠡᠮ ᠨᠢ ᠡᠮᠴᠢᠯᠡᠭᠡᠨ ᠠᠴᠠ ᠡᠮᠦᠨᠡᠬᠢ ᠰᠤᠳᠤᠯᠭᠠᠨ ᠳᠤ ᠬᠥᠬᠦᠨ ᠪᠤᠯᠴᠢᠷᠬᠠᠢ ᠶᠢᠨ  ᠥᠮᠡᠨ᠂ ᠤᠷᠢᠳᠤ ᠪᠤᠯᠴᠢᠷᠬᠠᠢ ᠶᠢᠨ ᠥᠮᠡᠨ᠂ ᠲᠠᠷᠢᠬᠢᠨ ᠤ ᠥᠮᠡᠨ᠂ ᠥᠨᠳᠡᠭᠡᠪᠴᠢ ᠶᠢᠨ ᠥᠮᠡᠨ᠂ ᠰᠠᠪᠠ ᠶᠢᠨ  ᠬᠦᠵᠦᠭᠦᠤ ᠶᠢᠨ ᠥᠮᠡᠨ᠂ ᠠᠷᠠᠰᠤᠨ ᠤ ᠥᠮᠡᠨ ᠪᠠ ᠠᠭᠤᠰᠭᠢᠨ ᠤ ᠥᠮᠡᠨ ᠤ ᠡᠰ ᠢ ᠡᠮᠨᠡᠨ ᠵᠠᠰᠠᠭᠰᠠᠨ ᠪᠥᠭᠡᠳ  ᠡᠮᠴᠢᠯᠡᠭᠡᠨ ᠤ ᠠᠴᠢ ᠲᠤᠰᠠ ᠶᠢ ᠨᠢᠭᠡᠨᠲᠡ ᠢᠯᠡᠷᠡᠭᠦᠯᠪᠡ᠃ ᠲᠡᠷᠡ ᠮᠥᠷᠲᠡᠭᠡᠨ AOH1996 ᠨᠢ ᠤᠤᠭᠤᠵᠤ  ᠪᠣᠯᠬᠤ ᠦᠷᠢᠯ ᠡᠮ ᠮᠥᠷᠲᠡᠭᠡᠨ ᠪᠣᠳᠠᠰ ᠤᠨ ᠰᠣᠯᠢᠯᠴᠠᠭ᠎ᠠ ᠲᠣᠭᠲᠠᠭᠤᠨ ᠪᠠᠶᠢᠵᠤ᠂ ᠲᠤᠰᠠᠭᠠᠷ ᠡᠮᠴᠢᠯᠡᠭᠡ ᠪᠤᠶᠤ  ᠬᠠᠮᠲᠤᠷᠠᠭᠰᠠᠨ ᠡᠮᠴᠢᠯᠡᠭᠡ ᠬᠢᠭᠰᠡᠨ ᠴᠦ ᠪᠦᠷ ᠬᠠᠪᠤᠳᠠᠷ ᠤᠨ ᠥᠰᠦᠯᠲᠡ ᠶᠢ ᠬᠤᠷᠢᠭᠯᠠᠵᠤ᠂ ᠭᠠᠵᠢᠭᠤ ᠦᠢᠯᠡᠳᠦᠯ ᠢ  ᠡᠭᠦᠰᠭᠡᠬᠦ ᠦᠭᠡᠢ ᠪᠠᠶᠢᠳᠠᠭ ᠢ ᠵᠢᠭᠠᠵᠤ ᠭᠠᠷᠭᠠᠭᠰᠠᠨ ᠪᠠᠶᠢᠨ᠎ᠠ᠃        ᠠᠮᠢᠲᠠᠨ ᠤ ᠵᠠᠭᠪᠤᠷ ᠢᠶᠠᠷ ᠡᠮ ᠤᠨ ᠪᠣᠯᠣᠮᠵᠢᠲᠤ ᠴᠢᠨᠠᠷ ᠢ ᠰᠢᠯᠭᠠᠨ ᠨᠤᠲᠠᠯᠠᠭᠰᠠᠨ ᠤ ᠳᠠᠷᠠᠭ᠎ᠠ᠂  AOH1996 ᠨᠢᠭᠡᠨᠲᠡ ᠨᠢᠭᠡᠳᠦᠭᠡᠷ ᠬᠤᠭᠤᠴᠠᠭᠠᠨ ᠤ ᠡᠮᠴᠢᠯᠡᠭᠡᠨ ᠤ ᠲᠤᠷᠰᠢᠯᠲᠠ ᠶᠢᠨ ᠱᠠᠲᠤᠨ ᠳᠤ ᠣᠷᠣᠵᠤ᠂  ᠲᠤᠰ ᠱᠠᠲᠤᠨ ᠳᠤ ᠭᠤᠣᠯᠳᠠᠭᠤ ᠡᠮ ᠤᠨ ᠠᠶᠤᠯ ᠦᠭᠡᠢ ᠴᠢᠨᠠᠷ ᠪᠠ ᠬᠡᠷᠡᠭᠯᠡᠬᠦ ᠬᠡᠮᠵᠢᠶ᠎ᠡ ᠶᠢ ᠲᠠᠨᠢᠯᠴᠠᠭᠤᠯᠬᠤ ᠵᠡᠷᠭᠡ  ᠪᠠᠶᠢᠳᠠᠯ ᠢ ᠰᠢᠯᠭᠠᠨ ᠪᠠᠶᠢᠴᠠᠭᠠᠳᠠᠭ᠃ ᠠᠮᠧᠷᠢᠺᠠ ᠶᠢᠨ ᠡᠮᠴᠢᠯᠡᠭᠡᠨ ᠤ ᠲᠤᠷᠰᠢᠯᠲᠠ ᠶᠢᠨ ᠮᠠᠲ᠋ᠧᠷᠢᠶᠠᠯ ᠤᠨ  ᠬᠥᠮᠥᠷᠭᠡ ᠶᠢᠨ ᠲᠤᠭ᠎ᠠ ᠪᠠᠷᠢᠮᠲᠠ ᠳᠤ ᠢᠯᠡᠷᠡᠭᠦᠯᠤᠭ᠍ᠰᠡᠨ ᠢᠶᠠᠷ᠂ ᠲᠣᠰ ᠱᠠᠲᠤᠨ ᠤ ᠲᠤᠷᠰᠢᠯᠲᠠ ᠶᠢ ᠢᠷᠡᠬᠦ ᠵᠢᠯ ᠤᠨ 3  ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠬᠤ ᠪᠠᠷ ᠵᠢᠱᠢᠵᠦ ᠪᠣᠶ᠃ ᠥᠭᠡᠷ᠎ᠡ ᠪᠠᠷ ᠬᠡᠯᠡᠪᠡᠯ᠂ ᠪᠠᠷᠤᠭ ᠵᠢᠯ  ᠣᠷᠴᠢᠮ ᠤᠨ ᠬᠤᠭᠤᠴᠠᠭᠠᠨ ᠳᠤ᠂ ᠪᠢᠳᠡ ᠡᠨᠡ ᠬᠦ ᠡᠮ ᠤᠨ ᠡᠪᠡᠳᠴᠢᠲᠡᠨ ᠤ ᠪᠡᠶ᠎ᠡ ᠳᠡᠭᠡᠷ᠎ᠡ ᠬᠡᠷᠡᠭᠯᠡᠭᠰᠡᠨ ᠦᠨᠡᠨ  ᠪᠤᠳᠠᠳᠠᠢ ᠳᠤᠭ᠎ᠠ ᠪᠠᠷᠢᠮᠳᠠ ᠶᠢ ᠤᠯᠵᠦ ᠦᠵᠡᠬᠦ ᠪᠤᠯᠤᠨ᠎ᠠ᠃        ︵ᠳᠤᠰ ᠡᠭᠡ ᠪᠢᠴᠢᠭ ᠢ ︽ᠦᠪᠤᠷ ᠮᠤᠩᠭᠤᠯ ᠤᠨ ᠡᠳᠤᠷ ᠤᠨ ᠰᠤᠨᠢᠨ︾ ᠠᠴᠠ ᠰᠢᠯᠵᠢᠬᠦᠯᠪᠡ︶      
 
ᠢᠷᠡᠯᠲᠡ᠄ ᠥᠮᠡᠨ ᠡᠪᠡᠳᠴᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号