ᠥᠪᠡᠷ ᠢ ᠪᠠᠨ ᠰᠢᠯᠢᠳᠡᠭ ᠪᠠᠶᠢᠯᠭᠠᠬᠤ ᠡᠷᠳᠡᠮ
ᠨᠡᠶᠢᠲᠡᠯᠡᠭᠰᠡᠨ ᠴᠠᠭ᠄
2023/9/5
     ᠳᠣᠳᠣᠷᠬᠠᠢ ᠬᠠᠷᠠᠯᠲᠠ ᠲᠠᠢ ᠪᠠᠶᠢᠬᠤ᠃ ᠬᠠᠷᠠᠯᠲᠠ ᠳᠣᠳᠣᠷᠬᠠᠢ ᠬᠥᠮᠥᠨ ᠣᠷᠣᠬᠰᠢᠯᠠᠬᠤ ᠵᠠᠮ ᠳᠠᠭᠠᠨ ᠨᠡᠩ  ᠢᠯᠡᠭᠦᠦ ᠮᠡᠳᠡᠷᠡᠮᠵᠢ ᠲᠠᠢ ᠪᠠᠶᠢᠳᠠᠭ᠃ ᠦᠪᠡᠷᠳᠡᠬᠡᠨ ᠦᠨ᠎ᠡ ᠥᠷᠲᠡᠭ ᠲᠠᠢ ᠮᠥᠷᠲᠡᠭᠡᠨ ᠪᠡᠶᠡᠯᠡᠭᠦᠯᠵᠦ ᠳᠡᠶᠢᠯᠬᠦ  ᠬᠠᠷᠠᠯᠲᠠ ᠳᠣᠬᠳᠠᠭᠠᠵᠦ᠂ ᠪᠣᠳᠠᠲᠠᠢ ᠠᠵᠢᠯᠯᠠᠭ᠎ᠠ ᠪᠠᠷ ᠢᠶᠠᠨ ᠳᠠᠮᠵᠢᠨ ᠪᠡᠶᠡᠯᠡᠭᠦᠯᠪᠡᠯ᠂ ᠲᠠᠨ ᠳᠤ  ᠬᠠᠷᠠᠯᠲᠠ ᠪᠠᠨ  ᠬᠦᠬᠡᠬᠡᠴᠡᠯᠳᠦᠬᠦ  ᠶᠠᠪᠤᠴᠠ   ᠳᠤ ᠠᠪᠴᠢᠷᠠᠭᠰᠠᠨ ᠵᠣᠯ ᠵᠢᠷᠭᠠᠯᠲᠤ ᠪᠥᠭᠡᠳ ᠠᠮᠵᠢᠯᠲᠠ ᠪᠦᠲᠦᠮᠵᠢ ᠲᠠᠢ ᠮᠡᠳᠡᠷᠡᠮᠵᠢ  ᠲᠥᠷᠥᠭᠳᠡᠳᠡᠭ᠃                               ᠰᠠᠨᠠᠭ᠎ᠠ ᠰᠡᠳᠬᠢᠯ᠂ ᠠᠭᠠᠰᠢ ᠵᠠᠩ ᠢᠶᠠᠨ ᠲᠣᠬᠢᠷᠠᠭᠤᠯᠵᠤ ᠳᠡᠶᠢᠯᠬᠦ᠃ ᠬᠡᠨ ᠳᠤ ᠴᠦ ᠠᠭᠤᠷ ᠪᠤᠬᠢᠨᠢᠳᠣᠯ  ᠲᠠᠢ  ᠦᠶ᠎ᠡ ᠪᠠᠶᠢᠳᠠᠭ᠃ ᠪᠢᠳᠡᠨ ᠤ ᠬᠢᠬᠦ ᠴᠢᠬᠤᠯᠠᠲᠠᠢ ᠠᠵᠢᠯ ᠪᠣᠯ ᠳᠠᠷᠤᠢ ᠰᠡᠳᠬᠢᠯ ᠰᠠᠨᠠᠭ᠎ᠠ ᠪᠠᠨ ᠡᠵᠡᠮᠳᠡᠨ᠂ ᠠᠭᠤᠷ  ᠪᠤᠬᠢᠨᠢᠳᠣᠯ ᠢᠶᠠᠨ ᠳᠠᠷᠣᠵᠦ᠂ ᠤᠷᠮ᠎ᠠ ᠰᠡᠳᠬᠢᠯᠭᠡ ᠪᠠᠨ ᠰᠡᠷᠬᠦᠬᠡᠬᠦ ᠶᠠᠪᠤᠳᠠᠯ ᠪᠣᠯᠣᠨ᠎ᠠ᠃                             ᠶᠠᠭᠤᠮ᠎ᠠ ᠰᠤᠷᠬᠤ ᠬᠦᠰᠡᠯ ᠵᠣᠷᠢᠯᠲᠠ ᠲᠠᠢ ᠪᠠᠶᠢᠬᠤ᠃ ᠶᠠᠭᠤᠮ᠎ᠠ ᠰᠤᠷᠬᠤ ᠬᠦᠰᠡᠯ ᠵᠣᠷᠢᠯᠲᠠ ᠲᠠᠢ ᠪᠠᠶᠢᠬᠤ  ᠨᠢ  ᠪᠢᠳᠡᠨ ᠢ ᠴᠠᠭ ᠢᠮᠠᠬᠳᠠ ᠰᠣᠷᠣᠯᠴᠠᠭᠤᠯᠵᠦ᠂ ᠠᠮᠢᠳᠣᠷᠠᠯ ᠳᠤ ᠢᠳᠡᠪᠬᠢᠲᠡᠢ ᠪᠠᠶᠢᠯᠭᠠᠵᠦ ᠴᠢᠳᠠᠳᠠᠭ᠃ ᠶᠠᠮᠠᠷ  ᠴᠦ   ᠵᠤᠶᠢᠯ ᠳᠤ  ᠰᠣᠨᠢᠭᠤᠴᠢ ᠰᠡᠳᠬᠢᠯᠭᠡ ᠪᠠᠷ ᠬᠠᠨᠳᠣᠵᠦ᠂ ᠰᠣᠷᠴᠦ ᠠᠪᠬᠤ ᠶᠢ ᠬᠦᠬᠡᠬᠡᠴᠡᠯᠳᠦᠬᠡᠳ ᠪᠠᠶᠢᠪᠠᠯ ᠦᠪᠡᠷ ᠢ   ᠪᠠᠨ  ᠬᠦᠭᠵᠢᠬᠦᠯᠵᠦ  ᠴᠢᠳᠠᠬᠤ ᠶᠢᠨ ᠳᠡᠭᠡᠷ᠎ᠡ ᠠᠮᠢᠳᠣᠷᠠᠯ ᠢᠶᠠᠨ ᠪᠠᠶᠠᠯᠢᠭ ᠪᠠᠶᠢᠯᠭᠠᠵᠦ ᠴᠢᠳᠠᠨ᠎ᠠ᠃                      ᠥᠪᠡᠷ ᠤᠨ ᠢᠶᠠᠨ  ᠦᠨ᠎ᠡ  ᠴᠡᠨ᠎ᠡ ᠶᠢ  ᠮᠡᠳᠡᠷᠡᠬᠦ᠃  ᠥᠪᠡᠷ   ᠤᠨ  ᠦᠪᠡᠷᠳᠡᠬᠡᠨ᠂  ᠮᠦᠨ  ᠴᠦ   ᠪᠤᠰᠤᠳ ᠲᠤ ᠦᠨᠡᠨᠴᠢ ᠪᠠᠷ  ᠬᠠᠨᠳᠤᠵᠤ᠂  ᠠᠮᠢᠳᠤᠷᠠᠯ ᠳᠠᠭᠠᠨ  ᠬᠠᠯᠠᠭᠤᠨ  ᠰᠡᠳᠬᠢᠯ ᠲᠠᠢ  ᠪᠠᠶᠢᠵᠦ᠂   ᠲᠡᠭᠦᠰ    ᠰᠠᠶᠢᠬᠠᠨ ᠢ   ᠬᠡᠲᠦᠷᠬᠡᠢ ᠬᠦᠬᠡᠬᠡᠴᠡᠯᠳᠦᠬᠦ  ᠦᠭᠡᠢ᠂  ᠥᠪᠡᠷ ᠤᠨ  ᠪᠡᠶ᠎ᠡ ᠪᠠᠨ  ᠢᠯᠡᠭᠦᠬᠡᠨ   ᠣᠶᠢᠯᠠᠭᠠᠵᠦ    ᠪᠠᠭᠳᠠᠭᠠᠮᠵᠢᠳᠠᠢ   ᠬᠠᠨᠳᠣᠪᠠᠯ᠂   ᠪᠢᠳᠡ‌ᠥᠪᠡᠷ ᠤᠨ ᠢᠶᠠᠨ ᠦᠨ᠎ᠡ ᠴᠡᠨ᠎ᠡ ᠪᠠᠨ ᠨᠠᠩ ᠠᠮᠠᠷᠬᠠᠨ ᠮᠡᠳᠡᠷᠡᠵᠦ ᠴᠢᠳᠠᠬᠤ  ᠪᠤᠯᠤᠨ᠎ᠠ᠃          
 
ᠢᠷᠡᠯᠲᠡ᠄ ᠠᠷᠡᠳ ᠤᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号