2023 ᠣᠨ ᠳᠤ ᠬᠢᠩᠭᠠᠨ ᠠᠶᠢᠮᠠᠭ ᠤᠨ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 11.8 % ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/1/22
   2023 ᠣᠨ ᠳᠤ ᠬᠢᠩᠭᠠᠨ ᠠᠶᠢᠮᠠᠭ ᠤᠨ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 65.5 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.8% ᠨᠡᠮᠡᠭᠳᠡᠪᠡ᠃    ᠠᠵᠤ ᠦᠢᠯᠡᠰ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 3.3 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 35.5% ᠪᠠᠷ ᠨᠡᠮᠡᠭᠳᠡᠨ᠂ ᠪᠥᠬᠦ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ ᠡᠵᠡᠯᠡᠬᠦ ᠬᠤᠪᠢ ᠶᠢᠨ ᠵᠢᠩ ᠨᠢ 5.1% ᠶᠢ ᠡᠵᠡᠯᠡᠪᠡ︔ ᠬᠤᠶᠠᠳᠤᠭᠠᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 390 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.3% ᠪᠠᠷ ᠨᠡᠮᠡᠭᠳᠡᠨ᠂ ᠪᠥᠬᠦ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ ᠡᠵᠡᠯᠡᠬᠦ ᠬᠤᠪᠢ ᠶᠢᠨ ᠵᠢᠩ ᠨᠢ 59.5% ᠳᠤ ᠬᠦᠷᠴᠡᠶ᠂ ᠡᠭᠦᠨ ᠳᠤ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ 37.0 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.0% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 11.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.7% ᠪᠠᠷ ᠨᠡᠮᠡᠭᠳᠡᠨ᠂ ᠪᠥᠬᠦ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ 17.7% ᠶᠢ ᠡᠵᠡᠯᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 11.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.4% ᠪᠠᠷ ᠨᠡᠮᠡᠭᠳᠡᠨ᠂ ᠪᠥᠬᠦ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ 17.7% ᠶᠢ ᠡᠵᠡᠯᠡᠪᠡ᠃    ᠭᠠᠵᠠᠷ ᠣᠷᠣᠨ ᠬᠤᠪᠢᠶᠠᠵᠤ ᠦᠵᠡᠪᠡᠯ᠂ ᠪᠤᠢ ᠪᠦᠬᠦᠢ ᠭᠠᠵᠠᠷ ᠣᠷᠣᠨ ᠳᠤ ᠴᠥᠮ ᠠᠳᠠᠯᠢ ᠪᠤᠰᠤ ᠬᠡᠮᠵᠢᠶ᠎ᠡ ᠪᠠᠷ ᠨᠡᠮᠡᠭᠳᠡᠪᠡ᠃ ᠤᠯᠠᠭᠠᠨᠬᠤᠲᠠ᠂ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠷᠠᠰᠢᠶᠠᠨ ᠬᠤᠲᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠲᠦᠴᠢᠦᠸᠠᠨ ᠰᠢᠶᠠᠨ ᠲᠣᠰ ᠲᠣᠰ ᠠᠳᠠᠯᠢ ᠬᠤᠭᠤᠴᠠᠭᠠᠨ ᠤ ᠬᠢ ᠠᠴᠠ 13.5%᠂ 11.9%᠂ 11.0%᠂ 10.3%᠂ 9.6%᠂ 4.3% ᠪᠠᠷ ᠨᠡᠮᠡᠭᠳᠡᠪᠡ᠃
 
ᠢᠷᠡᠯᠲᠡ᠄ ᠠᠶᠢᠮᠠᠭ ᠤᠨ ᠲᠤᠭ᠎ᠠ ᠪᠦᠷᠢᠳᠭᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号