ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠮᠡᠳᠡᠭᠡ ︵2023 ᠤᠨ ᠤ ᠭᠤᠷᠪᠠᠳᠤᠭᠠᠷ ᠬᠤᠭᠤᠴᠠᠭ᠎ᠠ
ᠨᠡᠶᠢᠲᠡᠯᠡᠭᠰᠡᠨ ᠴᠠᠭ᠄
2024/1/23

ᠭᠠᠷᠴᠠᠭ᠄

ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠪᠢᠴᠢᠭ ᠮᠠᠲ᠋ᠧᠷᠢᠶᠠᠯ

    1.ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︽ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ

ᠵᠥᠪᠯᠡᠯ ᠤᠨ ᠭᠡᠰᠢᠭᠦᠨ ᠤ ᠲᠦᠷᠢᠮ ᠤᠨ ᠠᠵᠢᠯ ᠤᠨ ᠲᠦᠷᠢᠮ ︵ᠵᠠᠰᠠᠪᠤᠷᠢ ᠣᠷᠣᠭᠤᠯᠤᠭᠰᠠᠨ ᠬᠡᠪᠯᠡᠯ︶︾ ᠢ

ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ

    2.ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ

ᠲᠤᠰᠠᠯᠠᠬᠤ ᠲᠦᠷᠢᠮ ᠢ ᠳᠣᠭᠢᠷᠠᠭᠤᠯᠤᠨ ᠰᠢᠯᠢᠳᠡᠭᠵᠢᠭᠦᠯᠬᠦ ᠲᠤᠬᠠᠶ ᠮᠡᠳᠡᠭᠳᠡᠯ

    3.ᠭᠠᠳᠠᠨ᠎ᠠ ᠠᠴᠠ ᠬᠠᠯᠳᠠᠨ ᠣᠷᠣᠵᠤ ᠢᠷᠡᠭᠰᠡᠨ ᠠᠮᠢᠳᠤ ᠪᠣᠳᠠᠰ ᠤᠨ ᠳᠦᠷᠰᠦ ᠶᠢᠨ ᠱᠣᠷᠲᠤ ᠴᠤᠮᠤᠷᠯᠢᠭᠲᠤ

ᠨᠠᠷᠠᠨ ᠬᠤᠸᠠᠷ ᠢ ᠰᠡᠷᠭᠡᠶᠢᠯᠡᠨ ᠵᠠᠰᠠᠬᠤ ᠠᠵᠢᠯ ᠢ ᠦᠨᠡᠨ ᠬᠦ ᠰᠠᠶᠢᠲᠤᠷ ᠬᠢᠬᠦ ᠲᠤᠬᠠᠶ ᠮᠡᠳᠡᠭᠳᠡᠯ

    4. ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ    ︽ᠬᠢᠩᠭᠠᠨ ᠠᠶᠢᠮᠠᠭ ᠤᠨ ᠰᠢᠨ᠎ᠡ ᠪᠣᠬᠢᠷᠲᠤᠯ

ᠪᠣᠳᠠᠰ ᠢ ᠵᠠᠰᠠᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ

 

ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︽ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ

ᠵᠥᠪᠯᠡᠯ ᠤᠨ ᠭᠡᠰᠢᠭᠦᠨ ᠤ ᠲᠦᠷᠢᠮ ᠤᠨ ᠠᠵᠢᠯ ᠤᠨ ᠲᠦᠷᠢᠮ ︵ᠵᠠᠰᠠᠪᠤᠷᠢ ᠣᠷᠣᠭᠤᠯᠤᠭᠰᠠᠨ ᠬᠡᠪᠯᠡᠯ︶︾ ᠢ

ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ

 

ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠨᠢᠭᠡᠴᠡ᠄

    ᠡᠳᠦᠭᠡ ︽ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠤ ᠳᠦᠷᠢᠮ ᠤᠨ

ᠠᠵᠢᠯ ᠤᠨ ᠳᠦᠷᠢᠮ ︵ᠵᠠᠰᠠᠪᠤᠷᠢ ᠣᠷᠣᠭᠤᠯᠤᠭᠰᠠᠨ ᠬᠡᠪᠯᠡᠯ︶︾ ᠢ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ

ᠬᠢᠨᠠᠮᠠᠭᠠᠶ ᠵᠢᠷᠤᠮᠯᠠᠨ ᠬᠡᠷᠡᠭᠵᠢᠭᠦᠯᠦᠭᠡᠷᠡᠢ᠃

    2023 ᠣᠨ ᠤ 7 ᠰᠠᠷ᠎ᠠ ᠶᠢᠨ 5 ᠤ ᠡᠳᠦᠷ

   

 

ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠭᠡᠰᠢᠭᠦᠳ ᠤᠨ ᠳᠦᠷᠢᠮ ᠤᠨ ᠠᠵᠢᠯᠯᠠᠬᠤ ᠳᠦᠷᠢᠮ

︵ᠵᠠᠰᠠᠪᠤᠷᠢ ᠣᠷᠣᠭᠤᠯᠤᠭᠰᠠᠨ ᠬᠡᠪᠯᠡᠯ︶

    ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠳ ᠤᠨ ᠲᠦᠷᠢᠮ ᠢ ᠤᠯᠠᠮ ᠨᠢᠭᠡ

ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠦᠷᠢᠮ ᠤᠨ ᠳᠠᠪᠠᠭᠤᠯᠢᠭ ᠢ ᠰᠠᠶᠢᠲᠤᠷ ᠪᠠᠳᠠᠷᠠᠭᠤᠯᠤᠨ᠂

ᠦᠨᠳᠦᠰᠦᠲᠡᠨ ᠤ ᠠᠵᠢᠯ ᠢ ᠭᠡᠰᠢᠭᠦᠨ ᠨᠢᠭᠡᠴᠡ ᠶᠢᠨ ᠲᠤᠬᠠᠶᠢᠯᠠᠭᠰᠠᠨ ᠠᠵᠢᠯ ᠲᠠᠢ ᠨᠢᠭᠲᠠ ᠤᠶᠠᠯᠳᠤᠭᠤᠯᠵᠤ᠂ ᠡᠯ᠎ᠡ

ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ᠂ ᠬᠦᠴᠦ ᠪᠠᠨ ᠬᠠᠮᠲᠤᠳᠬᠠᠨ

ᠬᠠᠮᠲᠤᠷᠠᠯᠴᠠᠬᠤ ᠶᠢ ᠠᠬᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ

ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢ ᠬᠠᠮᠲᠤ ᠪᠠᠷ ᠠᠬᠢᠭᠤᠯᠬᠤ ᠶᠢᠨ ᠲᠥᠯᠥᠭᠡ᠂ ︽

ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠠᠵᠢᠯ ᠤᠨ ᠲᠦᠷᠢᠮ︾᠂ ︽ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠤ ᠲᠦᠷᠢᠮ ᠤᠨ

ᠠᠵᠢᠯ ᠤᠨ ᠲᠦᠷᠢᠮ︾ ᠪᠣᠯᠤᠨ ᠬᠢᠩᠭᠠᠨ ᠠᠶᠢᠮᠠᠭ ᠤᠨ ︽ᠭᠤᠷᠪᠠ ᠶᠢ ᠲᠣᠭᠲᠠᠭᠠᠬᠤ︾ ᠲᠥᠰᠦᠯ ᠢ ᠦᠨᠳᠦᠰᠦᠯᠡᠨ᠂

ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠦᠷᠢᠮ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃

    ᠨᠢᠭᠡ᠂ ᠬᠢᠩᠭᠠᠨ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠪᠦᠷᠢᠯᠳᠦᠬᠦᠨ ᠨᠢᠭᠡᠴᠢ

    ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠡᠳ᠋ ᠤᠨ ᠵᠠᠰᠠᠭ ᠤᠨ

ᠲᠣᠪᠴᠢᠶ᠎ᠠ᠂ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ

ᠲᠠᠮᠢᠷ ᠤᠨ ᠲᠣᠪᠴᠢᠶ᠎ᠠ᠂ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ

ᠪᠠᠶᠢᠭᠤᠯᠤᠯᠲᠠ ᠶᠢᠨ ᠲᠣᠪᠴᠢᠶ᠎ᠠ᠂ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠠᠶᠢᠮᠠᠭ ᠤᠨ

ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂

ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ

ᠲᠣᠪᠴᠢᠶ᠎ᠠ᠂ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠠᠶᠢᠮᠠᠭ ᠤᠨ ᠠᠷᠠᠳ ᠤᠨ

ᠶᠠᠪᠤᠳᠠᠯ ᠤᠨ ᠲᠣᠪᠴᠢᠶ᠎ᠠ᠂ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠠᠶᠢᠮᠠᠭ ᠤᠨ ᠠᠵᠤ ᠦᠢᠯᠡᠳᠪᠦᠷᠢ

ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠠᠶᠢᠮᠠᠭ ᠤᠨ

ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ

ᠬᠡᠷ᠂ ᠠᠶᠢᠮᠠᠭ ᠤᠨ ᠬᠢᠨᠠᠨ ᠪᠤᠳᠤᠬᠤ ᠲᠣᠪᠴᠢᠶ᠎ᠠ᠂ ᠠᠶᠢᠮᠠᠭ ᠤᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠬᠡᠷ᠂

ᠠᠶᠢᠮᠠᠭ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ᠂ ᠠᠶᠢᠮᠠᠭ ᠤᠨ ᠣᠷᠣᠨ ᠪᠦᠰᠡ ᠶᠢᠨ ᠠᠵᠤ ᠠᠬᠤᠶ ᠶᠢᠨ

ᠦᠢᠯᠡᠴᠢᠯᠡᠭᠡᠨ ᠤ ᠲᠣᠪᠴᠢᠶ᠎ᠠ᠂ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠠᠶᠢᠮᠠᠭ ᠤᠨ

ᠠᠵᠢᠯᠴᠢᠨ ᠤ ᠡᠪᠯᠡᠯ᠂ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ᠂ ᠠᠷᠠᠳ ᠤᠨ ᠪᠠᠩᠬᠢ ᠶᠢᠨ ᠬᠢᠩᠭᠠᠨ

ᠠᠶᠢᠮᠠᠭ ᠤᠨ ᠲᠥᠪ ᠰᠠᠯᠪᠤᠷᠢ ᠪᠠᠩᠬᠢ᠃

    ᠬᠤᠶᠠᠷ᠂ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ

    ︵ᠨᠢᠭᠡ︶ ᠨᠡᠶᠢᠲᠡ ᠶᠢᠨ ᠡᠭᠦᠷᠭᠡ ᠬᠠᠷᠢᠭᠤᠴᠠᠯᠭ᠎ᠠ

    1. ᠭᠤᠤᠯ ᠱᠤᠭᠤᠮ ᠢᠶᠠᠷ ᠬᠥᠲᠥᠯᠪᠦᠷᠢ ᠪᠣᠯᠭᠠᠬᠤ ᠶᠢ ᠲᠣᠪᠤᠶᠢᠯᠭᠠᠨ᠎ᠠ᠃ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠳᠤᠮᠳᠠᠳᠤ ᠤᠯᠤᠰ ᠤᠨ

ᠣᠨᠴᠠᠯᠢᠭ ᠪᠦᠬᠦᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠢ

ᠵᠠᠮᠨᠠᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂

ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ

ᠳᠠᠪᠰᠢᠯᠲᠠ ᠶᠢᠨ ᠦᠢᠯᠡᠰ ᠢ ᠪᠦᠬᠦ ᠲᠠᠯ᠎ᠠ ᠪᠠᠷ ᠠᠬᠢᠭᠤᠯᠤᠨ᠎ᠠ᠃ ︽ᠬᠠᠮᠲᠤ ᠪᠠᠷ ᠪᠦᠯᠬᠦᠮᠳᠡᠨ ᠲᠡᠮᠡᠴᠡᠵᠦ᠂

ᠬᠠᠮᠲᠤ ᠪᠠᠷ ᠴᠡᠴᠡᠭᠯᠡᠨ ᠬᠥᠭᠵᠢᠬᠦ︾ ᠦᠨᠳᠦᠰᠦᠲᠡᠨ ᠤ ᠠᠵᠢᠯ ᠤᠨ ᠭᠤᠣᠯ ᠰᠡᠳᠦᠪ ᠤᠨ ᠲᠣᠭᠤᠷᠢᠨ ᠳᠤ᠂ ︽

ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ

ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠪᠠᠷ ᠬᠠᠷᠠᠯᠲᠠ ᠪᠣᠯᠭᠠᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂

ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠨᠠᠮ ᠤᠨ ᠲᠥᠪ

ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠦᠨᠳᠦᠰᠦᠲᠡᠨ ᠨᠦᠭᠦᠳ ᠤᠨ

ᠤᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂

ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ

ᠳᠡᠭᠡᠳᠦ ᠬᠡᠮᠵᠢᠶᠡᠨ ᠤ ᠬᠠᠮᠲᠤ ᠶᠢᠨ ᠲᠠᠨᠢᠯᠲᠠ ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃

    2. ᠣᠨᠣᠯ ᠢᠶᠠᠷ ᠵᠡᠪᠰᠡᠭᠯᠡᠬᠦ ᠶᠢ ᠴᠢᠩᠭᠠᠷᠠᠭᠤᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ

ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠬᠤ ᠶᠢ ᠨᠠᠮ ᠤᠨ

ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ ᠤᠨ ᠰᠤᠷᠤᠯᠴᠠᠯᠭ᠎ᠠ ᠶᠢᠨ ᠭᠤᠣᠯᠳᠠᠯᠭ᠎ᠠ ᠲᠠᠢ

ᠠᠭᠤᠯᠭ᠎ᠠ ᠪᠣᠯᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ

ᠰᠠᠨᠠᠯ ᠢᠶᠠᠨ ᠳᠤᠷᠠᠳᠴᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ

ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠤᠶᠤᠨ ᠲᠠᠷᠢᠬᠢᠨ ᠳᠠᠭᠠᠨ ᠬᠠᠳᠠᠩᠰᠢᠭᠤᠯᠬᠤ ᠶᠢ

ᠠᠬᠢᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠠᠵᠢᠯᠳᠠᠨ ᠠᠵᠢᠯᠴᠢᠨ ᠢ ᠬᠦᠳᠦᠯᠦᠨ ᠵᠢᠯᠣᠭᠤᠳᠴᠤ ᠪᠠᠶᠢᠭᠠᠳ

ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠢᠷᠠᠭᠤ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠦᠬᠦᠵᠦ

ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ

ᠣᠶᠢᠯᠠᠭᠠᠭᠳᠠᠬᠤᠨ ᠢ ᠪᠠᠲᠤ ᠪᠤᠢ ᠪᠣᠯᠭᠠᠬᠤ ᠬᠡᠷᠡᠭᠲᠡᠢ᠃

    3. ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠦᠨᠳᠦᠰᠦᠲᠡᠨ ᠤ ᠠᠵᠢᠯ ᠢ ᠡᠳᠦᠷ

ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠢ ᠲᠤᠰ ᠰᠠᠯᠠᠭ᠎ᠠ ᠮᠥᠴᠢᠷ ᠲᠤᠰ ᠰᠢᠰᠲ᠋ᠧᠮ ᠤᠨ

ᠨᠠᠮ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠳᠤ

ᠣᠷᠣᠭᠤᠯᠵᠤ᠂ ᠤᠯᠤᠰ ᠲᠦᠷᠦ ᠶᠢᠨ ᠪᠠᠶᠢᠴᠠᠭᠠᠯᠲᠠ᠂ ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠬᠤ᠂

ᠠᠵᠢᠯ ᠤᠨ ᠪᠦᠲᠦᠮᠵᠢ ᠶᠢ ᠬᠢᠨᠠᠨ ᠰᠢᠯᠭᠠᠬᠤ᠂ ᠬᠥᠮᠦᠵᠢᠯ ᠪᠣᠯᠪᠠᠰᠤᠷᠠᠯ ᠳᠤ ᠣᠷᠣᠭᠤᠯᠵᠤ᠂ ᠪᠠᠶᠢᠩᠭᠤᠵᠢᠭᠤᠯᠬᠤ᠂

ᠳᠦᠷᠢᠮᠵᠢᠭᠦᠯᠦᠨ ᠥᠷᠨᠢᠭᠦᠯᠦᠨ᠎ᠡ᠃

    4. ᠭᠦᠨᠵᠡᠭᠡᠶ ᠪᠠᠶᠢᠴᠠᠭᠠᠨ ᠰᠤᠳᠤᠯᠤᠯᠲᠠ ᠬᠢᠨ᠎ᠡ᠃ ᠲᠣᠰ ᠰᠠᠯᠠᠭ᠎ᠠ ᠮᠥᠴᠢᠷ ᠤᠨ ᠢᠶᠠᠨ ᠡᠭᠦᠷᠭᠡ ᠴᠢᠳᠠᠪᠤᠷᠢ ᠶᠢ

ᠦᠨᠳᠦᠰᠦᠯᠡᠨ᠂ ᠢᠳᠡᠪᠬᠢᠲᠡᠶ ᠪᠠᠷ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠲᠣᠰ ᠨᠢᠭᠡᠴᠢ ᠲᠣᠰ ᠬᠦᠷᠢᠶ᠎ᠡ

ᠴᠠᠷᠠᠭ᠎ᠠ ᠶᠢᠨ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ

ᠤᠬᠠᠭᠤᠯᠭ᠎ᠠ ᠬᠥᠮᠦᠵᠢᠯ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ

ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢ ᠪᠠᠶᠢᠷᠢᠯᠠᠭᠤᠯᠤᠨ ᠵᠢᠯᠣᠭᠤᠳᠴᠤ᠂ ᠠᠴᠢᠶᠠᠯᠠᠪᠤᠷᠢ ᠪᠠᠨ

ᠪᠠᠶᠠᠯᠢᠭᠵᠢᠭᠤᠯᠤᠨ᠂ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠢᠳᠡᠪᠬᠢᠲᠡᠶ ᠴᠢᠷᠮᠠᠶᠢᠨ ᠪᠠᠬᠢᠵᠢᠭᠦᠯᠵᠦ᠂ ᠪᠥᠬᠦ

ᠲᠠᠯ᠎ᠠ ᠶᠢᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃

    5. ︽ᠭᠤᠷᠪᠠᠨ ᠠᠴᠢ ᠬᠤᠯᠪᠣᠭᠳᠠᠯ︾ ᠣᠯᠭᠤᠨ᠎ᠠ᠃ ᠦᠨᠳᠦᠰᠦᠲᠡᠨ ᠨᠦᠭᠦᠳ ᠤᠨ ᠣᠯᠠᠨ ᠲᠦᠮᠡᠨ ᠤ

ᠬᠠᠷᠢᠯᠴᠠᠨ ᠰᠢᠭᠢᠳᠦᠨ ᠬᠥᠭᠵᠢᠬᠦ ᠶᠢ ᠳᠡᠮᠵᠢᠵᠦ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ

ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ ᠠᠬᠢᠭᠤᠯᠵᠤ᠂ ᠪᠤᠢ ᠪᠦᠬᠦᠢ ᠥᠭᠡᠷᠡᠴᠢᠯᠡᠯᠲᠡ

ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡᠷᠡᠭᠦᠯᠬᠦ ᠠᠴᠢ

ᠬᠤᠯᠪᠣᠭᠳᠠᠯ᠂ ᠨᠢᠭᠡᠳᠦᠯ ᠢ ᠬᠠᠮᠠᠭᠠᠯᠠᠬᠤ᠂ ᠬᠠᠭᠠᠴᠠᠭᠤᠯᠬᠤ ᠶᠢ ᠡᠰᠡᠷᠭᠦᠴᠡᠬᠦ ᠠᠴᠢ ᠬᠤᠯᠪᠣᠭᠳᠠᠯ᠂ ᠠᠷᠠᠳ ᠤᠨ

ᠠᠮᠢᠳᠤᠷᠠᠯ ᠢ ᠰᠠᠶᠢᠵᠢᠷᠠᠭᠤᠯᠬᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠶᠢᠨ ᠠᠴᠢ ᠬᠤᠯᠪᠣᠭᠳᠠᠯ ᠢ ᠣᠯᠭᠤᠨ᠎ᠠ᠃

    6. ᠤᠷᠲᠤᠳᠬᠠᠨ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠨ᠎ᠡ᠃ ᠡᠯ᠎ᠡ ᠰᠠᠯᠠᠭ᠎ᠠ ᠮᠥᠴᠢᠷ ᠤᠳ

ᠳᠠᠭᠠᠭᠠᠴᠢᠯᠠᠨ ᠬᠤᠯᠪᠣᠭᠠᠯᠠᠵᠤ ᠬᠠᠮᠲᠤ ᠪᠠᠷ ᠪᠠᠶᠢᠭᠤᠯᠬᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠲᠠᠢ

ᠤᠶᠠᠯᠳᠤᠭᠤᠯᠤᠨ᠂ ᠳᠠᠭᠠᠭᠠᠴᠢᠯᠠᠨ ᠬᠤᠯᠪᠣᠭᠠᠯᠠᠭᠰᠠᠨ ᠨᠡᠶᠢᠭᠡᠮ ᠲᠣᠭᠤᠷᠢᠭ ᠪᠠ ᠬᠠᠪᠰᠤᠷᠤᠨ ᠲᠡᠳᠬᠦᠭᠰᠡᠨ ᠭᠠᠴᠠᠭ᠎ᠠ

ᠲᠣᠰᠬᠤᠨ ᠳᠤ ᠬᠦᠷᠴᠦ᠂ ︽ᠠᠨᠠᠷ ᠤᠨ ᠦᠷ᠎ᠡ ᠮᠡᠲᠦ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠰᠢᠷᠢᠰ

ᠠᠵᠢᠯᠯᠠᠭ᠎ᠠ ᠶᠢ ᠬᠢᠨᠠᠮᠠᠭᠠᠶ ᠰᠠᠶᠢᠲᠤᠷ ᠬᠢᠵᠦ᠂ ᠳᠠᠭᠠᠭᠠᠴᠢᠯᠠᠨ ᠬᠤᠯᠪᠣᠭᠠᠯᠠᠭᠰᠠᠨ ᠨᠡᠶᠢᠭᠡᠮ ᠲᠣᠭᠤᠷᠢᠭ ᠲᠤ

ᠬᠠᠮᠵᠢᠯᠴᠠᠨ ᠨᠢᠭᠡ ᠤᠳᠠᠭᠠᠨ ᠤ ︽ᠬᠠᠷᠢᠯᠴᠠᠨ ᠬᠠᠪᠰᠤᠷᠴᠤ ᠬᠠᠷᠢᠯᠴᠠᠨ ᠬᠠᠪᠰᠤᠷᠤᠯᠴᠠᠬᠤ︾ ᠠᠵᠢᠯᠯᠠᠭ᠎ᠠ ᠶᠢ

ᠰᠠᠶᠢᠲᠤᠷ ᠥᠷᠨᠢᠭᠦᠯᠵᠦ᠂ ᠬᠠᠪᠰᠤᠷᠤᠨ ᠲᠡᠳᠬᠦᠭᠰᠡᠨ ᠭᠠᠴᠠᠭ᠎ᠠ ᠲᠣᠰᠬᠤᠨ ᠳᠤ ︽ᠨᠢᠭᠡ ᠤᠳᠠᠭᠠᠨ ᠤ ︽ᠨᠠᠮ ᠤᠨ

ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠠᠵᠢᠯᠯᠠᠭ᠎ᠠ ᠶᠢ ᠰᠠᠶᠢᠲᠤᠷ

ᠥᠷᠨᠢᠭᠦᠯᠬᠦ ᠬᠡᠷᠡᠭᠲᠡᠶ᠃ ᠡᠯ᠎ᠡ ᠦᠨᠳᠦᠰᠦᠲᠡᠨ ᠤ ᠣᠯᠠᠨ ᠲᠦᠮᠡᠨ ᠢ ᠵᠣᠬᠢᠶᠠᠨ ᠪᠠᠶᠢᠭᠤᠯᠤᠨ ᠣᠯᠠᠨ ᠶᠠᠩᠵᠤ

ᠬᠡᠯᠪᠡᠷᠢ ᠶᠢᠨ ᠭᠤᠤᠯ ᠰᠡᠳᠦᠪᠲᠦ ᠬᠥᠮᠦᠵᠢᠯ ᠪᠠ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂

ᠳᠤᠮᠳᠠᠳᠤ ᠶᠢᠨ ᠰᠣᠶᠣᠯ ᠢ ᠣᠯᠠᠨ ᠢᠶᠠᠷ ᠢᠶᠠᠨ ᠰᠤᠷᠤᠯᠴᠠᠬᠤ᠂ ᠬᠠᠷᠢᠯᠴᠠᠨ ᠬᠠᠪᠰᠤᠷᠤᠯᠴᠠᠨ ᠬᠠᠷᠢᠯᠴᠠᠨ

ᠬᠠᠪᠰᠤᠷᠤᠯᠴᠠᠬᠤ ᠠᠵᠢᠯᠯᠠᠭ᠎ᠠ ᠶᠢ ᠢᠳᠡᠪᠬᠢᠲᠡᠶ ᠵᠢᠯᠣᠭᠤᠳᠤᠨ ᠰᠠᠶᠢᠲᠤᠷ ᠥᠷᠨᠢᠭᠦᠯᠵᠦ᠂ ᠨᠡᠶᠢᠭᠡᠮ ᠵᠢᠷᠤᠮ ᠤᠨ

ᠭᠤᠤᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠦᠨᠳᠦᠰᠦᠲᠡᠨ ᠤ ᠬᠡᠷᠡᠭ

ᠶᠠᠪᠤᠳᠠᠯ ᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ

ᠠᠵᠢᠯ ᠢ ᠦᠷᠭᠦᠯᠵᠢᠯᠡᠨ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠤᠯᠤᠰ ᠤᠨ ᠤᠬᠠᠮᠰᠠᠷ

᠂ ᠠᠷᠠᠳ ᠢᠷᠭᠡᠳ ᠤᠨ ᠤᠬᠠᠮᠰᠠᠷ ᠪᠠ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠨ᠎ᠠ᠃

    ︵ᠬᠤᠶᠠᠷ︶ ᠡᠯ᠎ᠡ ᠪᠦᠷᠢᠯᠳᠦᠬᠦᠨ ᠨᠢᠭᠡᠴᠡ ᠶᠢᠨ ᠪᠣᠳᠠᠲᠠᠶ ᠡᠭᠦᠷᠭᠡ ᠬᠠᠷᠢᠭᠤᠴᠠᠯᠭ᠎ᠠ

    1. ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ

    ︵1︶ ᠪᠥᠬᠦ ᠠᠶᠢᠮᠠᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠴᠢᠬᠤᠯᠠ

ᠶᠡᠭᠡ ᠪᠠᠶᠢᠯᠳᠤᠬᠤ ᠪᠣᠳᠣᠯᠭ᠎ᠠ ᠬᠢᠭᠡᠳ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ᠂ ᠪᠥᠬᠦ ᠠᠶᠢᠮᠠᠭ ᠤᠨ ᠤᠯᠤᠰ

ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ᠂

ᠣᠨ ᠤ ᠲᠥᠯᠥᠪᠯᠡᠭᠡ ᠶᠢ ᠲᠤᠭᠤᠰᠢᠯᠠᠭᠤᠯᠤᠨ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠳᠠᠭᠠᠨ

ᠦᠨᠳᠦᠰᠦᠲᠡᠨ ᠤ ᠠᠵᠢᠯ ᠢ ᠬᠦᠨᠳᠦᠳᠬᠡᠨ ᠦᠵᠡᠵᠦ ᠪᠠᠶᠢᠬᠤ ᠶᠢ ᠭᠦᠢᠴᠡᠳ ᠢᠯᠡᠷᠡᠭᠦᠯᠵᠦ᠂ ᠪᠣᠶ ᠪᠥᠬᠦᠶ

ᠥᠭᠡᠷᠡᠴᠢᠯᠡᠯᠲᠡ ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ

ᠢᠯᠡᠷᠡᠭᠦᠯᠬᠦ ᠠᠴᠢ ᠬᠤᠯᠪᠣᠭᠳᠠᠯ ᠢ ᠢᠯᠡᠷᠡᠭᠦᠯᠬᠦ ᠶᠢ ᠴᠢᠬᠤᠯᠠᠴᠢᠯᠠᠨ᠂ ᠨᠢᠭᠡᠳᠦᠯ ᠢ ᠬᠠᠮᠠᠭᠠᠯᠠᠬᠤ᠂ ᠬᠠᠭᠠᠴᠠᠭᠤᠯᠬᠤ ᠶᠢ

ᠡᠰᠡᠷᠭᠦᠴᠡᠬᠦ ᠶᠢᠨ ᠠᠴᠢ ᠬᠤᠯᠪᠣᠭᠳᠠᠯ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠦᠰ ᠤᠨ ᠰᠡᠳᠬᠢᠯ ᠢ

ᠨᠢᠭᠲᠠᠷᠠᠭᠤᠯᠬᠤ ᠶᠢᠨ ᠠᠴᠢ ᠬᠤᠯᠪᠣᠭᠳᠠᠯ ᠢ ᠬᠠᠷᠢᠭᠤᠴᠠᠨ᠎ᠠ︔

    ︵2︶ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠠᠵᠢᠯ ᠤᠨ ᠳᠤᠮᠳᠠ

ᠦᠨᠳᠦᠰᠦᠲᠡᠨ ᠤ ᠪᠦᠯᠬᠦᠮᠳᠡᠯ ᠢ ᠴᠢᠩᠭᠠᠳᠬᠠᠨ᠎ᠠ︔

    ︵3︶ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠦᠶ ᠵᠣᠬᠢᠰᠲᠠᠶ ᠲᠣᠬᠢᠷᠠᠭᠤᠯᠵᠤ

᠂ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ

ᠠᠬᠢᠭᠤᠯᠵᠤ᠂ ᠬᠢᠯᠢ ᠬᠢᠵᠠᠭᠠᠷ ᠣᠷᠣᠨ ᠤ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠶᠢᠭᠤᠯᠤᠨ᠎ᠠ︔

    ︵4︶ ᠪᠦᠬᠦ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠰᠢᠰᠲ᠋ᠧᠮ ᠤᠨ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ

ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃

    2. ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ

    ︵1︶ ᠤᠯᠤᠰ ᠪᠠ ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ

ᠨᠡᠶᠢᠭᠡᠮ ᠤᠨ ᠬᠥᠭᠵᠢᠯᠲᠡ ᠶᠢ ᠳᠡᠮᠵᠢᠬᠦ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ

ᠨᠠᠶᠢᠳᠠᠪᠤᠷᠢᠵᠢᠭᠤᠯᠬᠤ ᠳᠤᠮᠳᠠ᠂ ᠡᠳ᠋ ᠤᠨ ᠵᠠᠰᠠᠭ ᠤᠨ ᠰᠢᠯᠵᠢᠭᠦᠯᠦᠨ ᠥᠭᠬᠦ ᠡᠷᠴᠢᠮ ᠢ ᠴᠢᠩᠭᠠᠷᠠᠭᠤᠯᠤᠨ᠎ᠠ︔

    ︵2︶ ᠦᠨᠳᠦᠰᠦᠲᠡᠨ ᠤ ᠠᠷᠠᠯᠵᠢᠶ᠎ᠠ ᠪᠠ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ

ᠦᠢᠯᠡᠳᠪᠦᠷᠢᠯᠡᠯ ᠤᠨ ᠠᠵᠤ ᠠᠬᠤᠶᠢᠯᠠᠯ ᠢ ᠲᠡᠳᠬᠦᠨ ᠳᠡᠮᠵᠢᠬᠦ ᠡᠳ᠋ ᠤᠨ ᠵᠠᠰᠠᠭ ᠤᠨ ᠬᠠᠷᠠᠭᠠᠯᠵᠠᠯ ᠤᠨ ᠲᠦᠷᠦ ᠶᠢᠨ

ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃

    ︵3︶ ᠬᠡᠷᠡᠭᠴᠡᠭᠡ ᠪᠠᠨ ᠦᠨᠳᠦᠰᠦᠯᠡᠨ ᠠᠶᠢᠮᠠᠭ ᠤᠨ ᠲᠣᠰ ᠱᠠᠲᠤᠨ ᠤ ᠦᠨᠳᠦᠰᠦᠲᠡᠨ ᠤ ᠠᠵᠢᠯ ᠤᠨ ᠲᠤᠰᠬᠠᠶ

ᠵᠠᠷᠤᠳᠠᠯ ᠢ ᠪᠠᠲᠤᠯᠠᠨ᠎ᠠ︔

    ︵4︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ

ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠳᠡᠮᠵᠢᠨ ᠪᠠᠲᠤᠯᠠᠬᠤ ᠬᠡᠷᠡᠭᠲᠡᠢ︔

    ︵5︶ ᠪᠦᠬᠦ ᠠᠶᠢᠮᠠᠭ ᠤᠨ ᠡᠳ᠋ ᠤᠨ ᠵᠠᠰᠠᠭ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ

ᠵᠢᠯᠣᠭᠤᠳᠤᠨ ᠠᠬᠢᠭᠤᠯᠤᠨ᠎ᠠ᠃

    ︵6︶ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠳᠤ

ᠰᠤᠷᠭᠠᠨ ᠬᠥᠮᠦᠵᠢᠯ᠂ ᠵᠢᠭᠠᠨ ᠰᠤᠷᠭᠠᠯᠲᠠ ᠶᠢᠨ ᠡᠯ᠎ᠡ ᠲᠠᠯ᠎ᠠ ᠳᠤ ᠢᠯᠡᠷᠡᠭᠦᠯᠬᠦ ᠬᠡᠷᠡᠭᠲᠡᠶ︔

    ︵7︶ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ ᠶᠢ

ᠢᠳᠡᠪᠬᠢᠲᠡᠢ ᠰᠠᠶᠢᠲᠤᠷ ᠬᠡᠷᠡᠭᠵᠢᠭᠦᠯᠦᠨ᠎ᠡ᠃

    ︵8︶ ᠪᠦᠬᠦ ᠠᠶᠢᠮᠠᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ

ᠵᠢᠯᠣᠭᠤᠳᠤᠨ ᠠᠬᠢᠭᠤᠯᠤᠨ᠎ᠠ᠃

    4. ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ

    ︵1︶ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ᠂ ᠨᠡᠶᠢᠭᠡᠮ ᠵᠢᠷᠤᠮ ᠤᠨ

ᠲᠡᠷᠢᠭᠦᠨ ᠤ ᠰᠣᠶᠣᠯ ᠢᠶᠠᠷ ᠭᠤᠤᠯ ᠬᠥᠭ ᠠᠶᠠᠰ ᠢᠶᠠᠷ ᠪᠥᠬᠦ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ

ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠪᠠ︔

    ︵2︶ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠨ ᠬᠥᠭᠵᠢᠭᠦᠯᠵᠦ᠂ ᠰᠣᠶᠣᠯ ᠢ ᠬᠥᠳᠡᠭᠡ

ᠪᠠᠭᠤᠯᠭᠠᠬᠤ ᠠᠵᠢᠯᠯᠠᠭ᠎ᠠ ᠶᠢ ᠥᠷᠨᠢᠭᠦᠯᠦᠨ᠎ᠡ᠃

    ︵3︶ ︽ᠭᠡᠰᠡᠷ︾ ᠵᠡᠷᠭᠡ ᠴᠥᠭᠡᠨ ᠲᠣᠭᠠᠲᠤ ᠦᠨᠳᠦᠰᠦᠲᠡᠨ ᠤ ᠡᠷᠲᠡᠨ ᠤ ᠨᠣᠮ ᠪᠢᠴᠢᠭ ᠢ ᠠᠪᠤᠷᠠᠨ

ᠬᠠᠮᠠᠭᠠᠯᠠᠬᠤ ᠠᠵᠢᠯ ᠢ ᠳᠠᠮᠵᠢᠵᠤ᠂ ᠦᠨᠳᠦᠰᠦᠲᠡᠨ ᠤ ᠡᠷᠲᠡᠨ ᠤ ᠨᠣᠮ ᠪᠢᠴᠢᠭ᠂ ᠬᠤᠪᠣᠷ ᠨᠠᠨᠳᠢᠨ ᠲᠡᠦᠬᠡ ᠶᠢᠨ

ᠳᠤᠷᠠᠰᠬᠠᠯᠲᠤ ᠵᠦᠢᠯᠡᠰ ᠢ ᠠᠪᠤᠷᠠᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠲᠡᠭᠦᠨ ᠤ ᠳᠣᠲᠣᠷᠠᠬᠢ

ᠦᠨᠳᠦᠰᠦᠲᠡᠨ ᠤ ᠪᠦᠯᠬᠦᠮᠳᠡᠯ ᠤᠨ ᠠᠭᠤᠯᠤᠭᠳᠠᠬᠤᠨ ᠢ ᠭᠦᠢᠴᠡᠳ ᠠᠭᠤᠳᠠᠯᠤᠨ᠎ᠠ᠃

    ︵4︶ ᠨᠤᠲᠤᠭ ᠤᠨ ᠠᠭᠤᠷ ᠠᠮᠢᠰᠬᠤᠯ ᠲᠠᠢ ᠤᠷᠠᠨ ᠰᠠᠶᠢᠬᠠᠨ ᠤ ᠴᠢᠳᠠᠪᠤᠷᠢᠲᠠᠨ ᠪᠠ ᠤᠷᠠᠯᠢᠭ ᠤᠨ

ᠪᠦᠯᠬᠦᠮ ᠢ ᠬᠥᠮᠦᠵᠢᠭᠦᠯᠦᠨ᠎ᠡ︔

    ︵5︶ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠦᠢᠯᠡᠰ ᠤᠨ

ᠬᠥᠭᠵᠢᠯᠲᠡ ᠶᠢᠨ ᠲᠥᠯᠥᠪᠵᠢᠭᠦᠯᠭᠡ ᠪᠠ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃

    ︵6︶ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠤᠨ

ᠴᠢᠳᠠᠪᠤᠷᠢᠲᠠᠨ ᠢ ᠶᠡᠭᠡ ᠪᠠᠷ ᠬᠥᠮᠦᠵᠢᠭᠦᠯᠵᠦ᠂ ᠦᠨᠳᠦᠰᠦᠲᠡᠨ ᠤ ᠣᠨᠴᠠᠯᠢᠭ ᠪᠦᠬᠦᠢ ᠣᠯᠠᠨ ᠲᠦᠮᠡᠨᠴᠢ ᠴᠢᠨᠠᠷᠲᠠᠶ

ᠪᠡᠶ᠎ᠡ ᠶᠢᠨ ᠲᠠᠮᠢᠷ ᠤᠨ ᠬᠥᠳᠡᠯᠭᠡᠭᠡᠨ ᠪᠠ ᠲᠥᠷᠥᠯ ᠵᠦᠢᠯ ᠢ ᠤᠯᠠᠮᠵᠢᠯᠠᠨ ᠵᠠᠯᠭᠠᠮᠵᠢᠯᠠᠬᠤ ᠪᠠ ᠳᠡᠯᠭᠡᠷᠡᠭᠦᠯᠵᠦ᠂ ᠪᠦᠬᠦ

ᠤᠯᠤᠰ᠂ ᠪᠦᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ

ᠴᠤᠭᠯᠠᠭᠠᠨ ᠢ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠨ᠎ᠠ︔

    ︵7︶ ᠡᠯ᠎ᠡ ᠲᠦᠷᠦᠯ ᠤᠨ ᠲᠡᠦᠬᠡ ᠶᠢᠨ ᠳᠡᠯᠭᠡᠨ ᠦᠵᠡᠭᠦᠯᠭᠡ ᠶᠢᠨ ᠣᠷᠳᠣᠨ᠂ ᠮᠦᠽᠧᠢ᠂ ᠳᠤᠷᠠᠰᠬᠠᠯ ᠤᠨ

ᠣᠷᠳᠣᠨ᠂ ᠦᠵᠡᠰᠬᠦᠯᠡᠩ ᠤᠨ ᠣᠷᠳᠣᠨ᠂ ᠪᠠᠭᠤᠷᠢ ᠶᠢᠨ ᠬᠠᠭᠤᠴᠢᠨ ᠪᠠᠭᠤᠷᠢ ᠶᠢᠨ ᠲᠠᠶᠢᠯᠤᠮᠵᠢ ᠶᠢᠨ ᠦᠭᠡ ᠶᠢ

ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠳᠤ ᠨᠡᠶᠢᠴᠡᠬᠦ ᠦᠭᠡᠢ ᠳᠡᠯᠭᠡᠨ ᠦᠵᠡᠭᠦᠯᠬᠦ ᠪᠠ ᠲᠠᠶᠢᠯᠪᠤᠷᠢᠯᠠᠬᠤ ᠶᠢ ᠵᠠᠯᠠᠷᠠᠭᠤᠯᠤᠨ᠎ᠠ᠃

    ︵8︶ ᠡᠯ᠎ᠡ ᠲᠥᠷᠥᠯ ᠤᠨ ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠪᠠᠷᠢᠯᠭ᠎ᠠ ᠶᠢᠨ ᠬᠡᠪ

ᠰᠤᠷᠲᠠᠯ ᠢ ᠴᠢᠩᠭ᠎ᠠ ᠬᠢᠨᠠᠨ ᠬᠠᠷᠭᠤᠭᠤᠯᠤᠨ᠎ᠠ᠃

    ︵9︶ ᠣᠲᠣ ᠶᠢᠨ ᠪᠠᠶᠢᠭ᠎ᠠ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ

ᠳᠡᠯᠭᠡᠨ ᠦᠵᠡᠭᠦᠯᠬᠦ ᠳᠡᠯᠭᠡᠨ ᠦᠵᠡᠭᠦᠯᠬᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ

ᠪᠠᠲᠤ ᠴᠣᠭᠴᠠᠯᠠᠬᠤ ᠳᠤ ᠨᠡᠶᠢᠴᠡᠬᠦ ᠥᠬᠡᠶ ᠠᠭᠤᠯᠭ᠎ᠠ ᠶᠢ ᠵᠢᠭᠰᠠᠭᠠᠨ ᠪᠠᠶᠢᠴᠠᠭᠠᠵᠤ ᠢᠯᠭᠠᠷᠠᠭᠤᠯᠵᠤ᠂ ᠵᠢᠩᠬᠢᠨᠢ ᠪᠠᠷ

ᠳᠠᠩᠰᠠᠯᠠᠭᠤᠯᠤᠭᠰᠠᠨ ᠥᠬᠡᠶ ᠡᠯ᠎ᠡ ᠲᠥᠷᠥᠯ ᠤᠨ ᠦᠵᠡᠭᠦᠯᠦᠯᠭᠡ ᠶᠢᠨ ᠣᠷᠳᠣᠨ᠂ ᠵᠠᠩ ᠦᠢᠯᠡ ᠶᠢᠨ ᠣᠷᠳᠣᠨ᠂

ᠳᠡᠯᠭᠡᠨ ᠦᠵᠡᠭᠦᠯᠬᠦ ᠣᠷᠳᠣᠨ ᠪᠠᠭᠲᠠᠨ᠎ᠠ︔

    ︵10︶ ᠡᠯ᠎ᠡ ᠲᠥᠷᠥᠯ ᠤᠨ ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠳᠤ ᠳᠤᠮᠳᠠᠳᠤ ᠶᠢᠨ

ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢᠨ ᠲᠡᠮᠳᠡᠭ ᠢ ᠥᠷᠭᠡᠨ ᠢᠶᠠᠷ

ᠬᠡᠷᠡᠭᠯᠡᠨ᠎ᠡ᠃

    ︵11︶ ᠵᠢᠭᠤᠯᠴᠢᠯᠠᠯ ᠤᠨ ᠲᠠᠪᠤᠨ ᠵᠤᠷᠪᠤᠰ ᠵᠠᠮ ᠱᠤᠭᠤᠮ ᠢ ᠲᠡᠭᠦᠯᠳᠡᠷᠵᠢᠭᠦᠯᠵᠦ᠂

ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠵᠢᠭᠤᠯᠴᠢᠯᠠᠯ ᠤᠨ

ᠣᠶᠢᠯᠠᠭᠠᠯᠲᠠ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠬᠤ

ᠪᠦᠬᠦ ᠶᠠᠪᠤᠴᠠ ᠪᠣᠯᠭᠠᠨ᠎ᠠ︔

    ︵12︶ ᠪᠦᠬᠦ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠰᠢᠰᠲ᠋ᠧᠮ ᠤᠨ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ

ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃

    5. ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ

    ︵1︶ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾᠂

︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ

ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ

ᠠᠷᠠᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾᠂

︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ

ᠠᠬᠢᠭᠤᠯᠬᠤ ᠳᠦᠷᠢᠮ︾ ᠵᠡᠷᠭᠡ ᠦᠨᠳᠦᠰᠦᠲᠡᠨ ᠤ ᠠᠵᠢᠯ ᠳᠤ ᠬᠤᠯᠪᠣᠭᠳᠠᠬᠤ ᠬᠠᠤᠯᠢ ᠴᠠᠭᠠᠵᠠ ᠬᠠᠤᠯᠢ

ᠲᠣᠭᠲᠠᠭᠠᠯ ᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠭᠤᠤᠯᠳᠠᠯᠭ᠎ᠠ ᠳᠤ ᠣᠷᠣᠭᠤᠯᠵᠤ᠂ ᠨᠠᠮ ᠤᠨ

ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ᠎ᠠ᠃

    ︵2︶ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠬᠠᠤᠯᠢ ᠴᠠᠭᠠᠵᠠ ᠶᠢᠨ ᠦᠢᠯᠡᠴᠢᠯᠡᠭᠡ᠂ ᠬᠠᠤᠯᠢ

ᠴᠠᠭᠠᠵᠠ ᠶᠢᠨ ᠪᠠᠲᠤᠯᠠᠭ᠎ᠠ ᠪᠠ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ

᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ

ᠬᠠᠮᠠᠭᠠᠯᠠᠨ᠎ᠠ᠃

    ︵3︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠢ

ᠥᠷᠨᠢᠭᠦᠯᠬᠦ ᠳᠡᠭᠡᠨ᠂ ︽ᠦᠨᠳᠦᠰᠦᠨ ᠬᠠᠤᠯᠢ︾ ᠵᠡᠷᠭᠡ ᠤᠯᠤᠰ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ

ᠲᠣᠭᠲᠠᠭᠠᠯ ᠳᠤ ᠨᠡᠶᠢᠴᠡᠬᠦ ᠡᠰᠡᠬᠦ ᠶᠢ ᠬᠢᠨᠠᠨ ᠬᠠᠷᠭᠤᠭᠤᠯᠬᠤ ᠶᠢ ᠴᠢᠬᠤᠯᠠᠴᠢᠯᠠᠨ᠎ᠠ︔

    ︵4︶ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ

ᠴᠢᠩᠭᠠᠳᠬᠠᠬᠤ ᠶᠢ ᠳᠡᠮᠵᠢᠵᠦ᠂ ᠦᠨᠳᠦᠰᠦᠲᠡᠨ ᠤ ᠠᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ

ᠵᠣᠬᠢᠴᠠᠩᠭᠤᠶ ᠬᠥᠭᠵᠢᠯᠲᠡ ᠶᠢ ᠬᠠᠤᠯᠢ ᠶᠣᠰᠣᠭᠠᠷ ᠪᠠᠲᠤᠯᠠᠬᠤ ᠬᠡᠷᠡᠭᠲᠡᠢ᠃

    ︵5︶ ᠵᠠᠰᠠᠭ ᠤᠨ ᠣᠷᠳᠣᠨ ᠠᠴᠠ ᠦᠨᠳᠦᠰᠦᠲᠡᠨ ᠤ ᠡᠯᠧᠮᠧᠨ᠋ᠲ ᠤᠨ ᠬᠡᠷᠡᠭ ᠶᠠᠪᠤᠳᠠᠯ ᠢ ᠰᠢᠢᠳᠪᠦᠷᠢᠯᠡᠬᠦ ᠳᠤ

ᠬᠠᠤᠯᠢ ᠴᠠᠭᠠᠵᠠ ᠶᠢᠨ ᠳᠡᠮᠵᠢᠯᠭᠡ ᠬᠠᠩᠭᠠᠨ᠎ᠠ︔

    ︵6︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠮᠢᠶ᠎ᠠ ᠪᠦᠬᠦᠢ

ᠰᠠᠯᠠᠭ᠎ᠠ ᠮᠥᠴᠢᠷ ᠤᠨ ᠬᠠᠤᠯᠢ ᠪᠠᠷ ᠵᠠᠰᠠᠬᠤ ᠤᠬᠠᠭᠤᠯᠭ᠎ᠠ ᠥᠷᠨᠢᠭᠦᠯᠬᠦ ᠶᠢ ᠵᠢᠯᠣᠭᠤᠳᠤᠨ᠎ᠠ︔

    ︵7︶ ᠪᠥᠬᠦ ᠠᠶᠢᠮᠠᠭ ᠤᠨ ᠬᠠᠤᠯᠢ ᠴᠠᠭᠠᠵᠠ ᠶᠢᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ

ᠵᠢᠯᠣᠭᠤᠳᠤᠨ ᠠᠬᠢᠭᠤᠯᠤᠨ᠎ᠠ᠃

    6. ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ

    ︵1︶ ᠦᠨᠳᠦᠰᠦᠲᠡᠨ ᠤ ᠲᠠᠯ᠎ᠠ ᠳᠤ ᠬᠤᠯᠪᠣᠭᠳᠠᠬᠤ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ

ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠤᠯᠤᠰ ᠣᠷᠣᠨ ᠤ ᠨᠢᠭᠡᠳᠦᠯ᠂ ᠦᠨᠳᠦᠰᠦᠲᠡᠨ ᠤ

ᠪᠦᠯᠬᠦᠮᠳᠡᠯ᠂ ᠨᠡᠶᠢᠭᠡᠮ ᠤᠨ ᠲᠣᠭᠲᠠᠭᠤᠨ ᠪᠠᠶᠢᠳᠠᠯ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠨ᠎ᠠ᠃

    ︵2︶ ᠨᠡᠶᠢᠭᠡᠮ ᠤᠨ ᠠᠮᠤᠷ ᠲᠦᠪᠰᠢᠨ ᠤ ᠬᠠᠮᠢᠶᠠᠷᠤᠯᠲᠠ ᠳᠤᠮᠳᠠ ᠦᠨᠳᠦᠰᠦᠲᠡᠨ ᠤ ᠬᠦᠴᠦᠨ ᠵᠦᠢᠯ ᠳᠤ

ᠬᠤᠯᠪᠣᠭᠳᠠᠬᠤ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃

    ︵3︶ ᠪᠥᠬᠦ ᠠᠶᠢᠮᠠᠭ ᠤᠨ ᠴᠥᠭᠡᠨ ᠲᠣᠭᠠᠲᠤ ᠦᠨᠳᠦᠰᠦᠲᠡᠨ ᠤ ᠬᠥᠮᠦᠨ ᠠᠮᠠ ᠶᠢᠨ ᠡᠷᠦᠬᠡ ᠠᠮᠠ ᠶᠢᠨ

ᠲᠠᠩᠰᠠ ᠶᠢᠨ ᠮᠡᠳᠡᠭᠡ ᠵᠠᠩᠭᠢ ᠶᠢ ᠬᠠᠪᠰᠤᠷᠤᠨ ᠬᠠᠩᠭᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ

ᠡᠯ᠎ᠡ ᠦᠨᠳᠦᠰᠦᠲᠡᠨ ᠤ ᠰᠢᠭᠢᠳᠬᠡᠯ ᠮᠠᠶ᠋ᠢᠭ ᠤᠨ ᠨᠡᠶᠢᠭᠡᠮ ᠤᠨ ᠪᠦᠲᠦᠴᠡ ᠪᠠ ᠶᠠᠪᠤᠯᠴᠠᠭ᠎ᠠ ᠰᠣᠯᠢᠯᠴᠠᠭ᠎ᠠ

ᠠᠭᠤᠰᠤᠯᠴᠠᠯ ᠤᠨ ᠬᠠᠮᠢᠶ᠎ᠠ ᠪᠥᠬᠦᠶ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠰᠠᠶᠢᠲᠤᠷ ᠬᠢᠵᠦ᠂ ᠠᠷᠭᠠᠴᠠᠬᠤ

ᠪᠣᠳᠣᠯᠭ᠎ᠠ ᠶᠢᠨ ᠰᠠᠨᠠᠭᠤᠯᠭ᠎ᠠ ᠳᠤᠷᠠᠳᠪᠠ︔

    ︵4︶ ᠦᠨᠳᠦᠰᠦᠲᠡᠨ ᠤ ᠪᠦᠷᠢᠯᠳᠦᠬᠦᠨ ᠢ ᠥᠭᠡᠷᠡᠴᠢᠯᠡᠬᠦ ᠠᠵᠢᠯ ᠤᠨ ᠳᠤᠮᠳᠠᠬᠢ ᠬᠤᠯᠪᠣᠭᠳᠠᠯ ᠪᠦᠬᠦᠢ

ᠣᠨᠴᠠᠭᠠᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃

    ︵5︶ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠦᠨ ᠠᠮᠠ ᠶᠢᠨ ᠬᠠᠮᠢᠶᠠᠷᠤᠯᠲᠠ ᠦᠢᠯᠡᠴᠢᠯᠡᠭᠡᠨ ᠤ

ᠬᠤᠯᠪᠣᠭᠠᠯᠠᠨ ᠬᠥᠳᠡᠯᠦᠯᠴᠡᠬᠦ ᠲᠣᠭᠲᠠᠴᠠ ᠪᠠ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠴᠥᠭᠡᠨ ᠲᠣᠭᠠᠲᠤ

ᠦᠨᠳᠦᠰᠦᠲᠡᠨ ᠤ ᠨᠡᠭᠦᠳᠡᠯ ᠬᠥᠮᠦᠨ ᠠᠮᠠ ᠶᠢᠨ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ︔

    ︵6︶ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠭᠡᠨᠡᠳᠲᠡ ᠶᠢᠨ ᠬᠡᠷᠡᠭ ᠢ ᠰᠠᠶᠢᠲᠤᠷ

ᠰᠢᠢᠳᠪᠦᠷᠢᠯᠡᠵᠦ᠂ ᠦᠨᠳᠦᠰᠦᠲᠡᠨ ᠤ ᠪᠦᠯᠬᠦᠮᠳᠡᠯ ᠢ ᠡᠪᠳᠡᠭᠰᠡᠨ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ

ᠥᠭᠴᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠬᠡᠷᠡᠭᠲᠡᠢ᠃

    ︵7︶ ᠪᠦᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ

ᠪᠠᠶᠢᠭᠤᠯᠬᠤ ᠠᠵᠢᠯ ᠢ ᠰᠠᠶᠢᠲᠤᠷ ᠬᠢᠬᠦ ᠶᠢ ᠵᠢᠯᠣᠭᠤᠳᠤᠨ ᠠᠬᠢᠭᠤᠯᠤᠨ᠎ᠠ᠃

    7. ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ

    ︵1︶ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠤ ᠦᠨᠳᠦᠰᠦᠲᠡᠨ ᠨᠦᠭᠦᠳ ᠤᠨ

ᠳᠤᠮᠳᠠᠳᠤ ᠶᠢᠨ ᠰᠣᠶᠣᠯ ᠤᠨ ᠲᠡᠮᠳᠡᠭ ᠢ ᠬᠠᠮᠲᠤ ᠪᠠᠷ ᠡᠳ᠋ᠯᠡᠬᠦ ᠶᠢ ᠴᠢᠬᠤᠯᠠᠴᠢᠯᠠᠵᠤ᠂ ᠦᠨᠳᠦᠰᠦᠲᠡᠨ ᠨᠦᠭᠦᠳ ᠤᠨ

ᠤᠯᠠᠨ ᠲᠦᠮᠡᠨ ᠤ ᠳᠤᠮᠳᠠᠳᠤ ᠶᠢᠨ ᠰᠣᠶᠣᠯ ᠤᠨ ᠲᠤᠬᠠᠢ ᠮᠡᠳᠡᠷᠡᠮᠵᠢ ᠶᠢ ᠨᠡᠮᠡᠭᠳᠡᠭᠦᠯᠦᠨ᠎ᠡ︔

    ︵2︶ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠨ ᠬᠥᠭᠵᠢᠭᠦᠯᠬᠦ ᠶᠢᠨ ᠲᠣᠭᠤᠷᠢᠨ ᠳᠤ᠂ ᠬᠤᠲᠠ ᠪᠠ

ᠭᠤᠤᠯᠳᠠᠯᠭ᠎ᠠ ᠲᠠᠢ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠲᠠ

ᠪᠠᠯᠭᠠᠰᠤᠵᠢᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠦᠨᠳᠦᠰᠦᠲᠡᠨ ᠨᠦᠭᠦᠳ ᠤᠨ

ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠠᠷᠠᠳ ᠲᠤ ᠲᠥᠬᠦᠮ ᠦᠵᠡᠭᠦᠯᠬᠦ

ᠦᠢᠯᠡᠴᠢᠯᠡᠭᠡᠨ ᠤ ᠪᠡᠯᠡᠳᠬᠡᠮᠵᠢ ᠶᠢ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠨ᠎ᠠ︔

    ︵3︶ ᠭᠠᠵᠠᠷ ᠤᠨ ᠨᠢᠭᠤᠷ ᠤᠨ ᠪᠠᠷᠢᠯᠭ᠎ᠠ᠂ ᠬᠤᠲᠠ ᠶᠢᠨ ᠵᠠᠮ᠂ ᠴᠡᠴᠡᠷᠯᠢᠭ ᠤᠨ ᠦᠵᠡᠮᠵᠢ ᠳᠤᠮᠳᠠ

ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢᠨ ᠲᠡᠮᠳᠡᠭ ᠢ

ᠬᠡᠷᠡᠭᠯᠡᠨ᠎ᠡ︔

    ︵4︶ ᠪᠦᠬᠦ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ

ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ

ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃

    8. ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ

    ︵1︶ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂

ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠵᠤ ᠰᠠᠭᠤᠬᠤ ᠱᠠᠭᠠᠷᠳᠠᠯᠭ᠎ᠠ ᠶᠢ ᠬᠠᠩᠭᠠᠬᠤ ᠬᠡᠷᠡᠭᠲᠡᠶ︔

    ︵2︶ ᠵᠠᠮ ᠬᠠᠷᠢᠯᠴᠠᠭᠠᠨ ᠤ ᠢᠯᠡᠳᠬᠡᠮᠵᠢ ᠲᠡᠮᠳᠡᠭ᠂ ᠫᠠᠶᠢᠰᠠ ᠢᠯᠡᠷᠬᠡᠶᠢᠯᠡᠯ ᠢ ᠠᠰᠢᠭᠯᠠᠨ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ᠎ᠡ︔

    ︵3︶ ᠪᠦᠬᠦ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ

ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃

    9. ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ

    ︵1︶ ᠡᠯ᠎ᠡ ᠭᠠᠵᠠᠷ ᠤᠨ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠠᠰᠢᠭᠯᠠᠬᠤ᠂ ᠬᠠᠮᠠᠭᠠᠯᠠᠬᠤ

ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ

ᠵᠡᠷᠭᠡ ᠲᠠᠯ᠎ᠠ ᠪᠠᠷ ᠬᠢ ᠣᠨᠴᠠᠭᠠᠶ ᠠᠰᠠᠭᠤᠳᠠᠯ ᠢ ᠵᠢᠯᠣᠭᠤᠳᠤᠨ ᠰᠠᠶᠢᠲᠤᠷ ᠰᠢᠶ᠋ᠳᠪᠦᠷᠢᠯᠡᠵᠦ᠂ ᠪᠠᠶᠢᠭᠠᠯᠢ ᠶᠢᠨ ᠡᠬᠢ

ᠪᠠᠶᠠᠯᠢᠭ ᠤᠨ ᠬᠦᠷᠢᠶᠡᠨ ᠳᠠᠬᠢ ᠦᠨᠳᠦᠰᠦᠲᠡᠨ ᠤ ᠬᠦᠴᠦᠨ ᠵᠦᠶ᠋ᠯ ᠳᠤ ᠬᠤᠯᠪᠣᠭᠳᠠᠬᠤ ᠠᠰᠠᠭᠤᠳᠠᠯ ᠢ ᠲᠣᠬᠢᠲᠠᠶ

ᠰᠠᠶᠢᠲᠤᠷ ᠰᠢᠶ᠋ᠳᠪᠦᠷᠢᠯᠡᠨ᠎ᠡ᠃

    ︵2︶ ᠬᠤᠲᠠ ᠬᠥᠳᠡᠭᠡ ᠶᠢᠨ ᠲᠥᠯᠥᠪᠵᠢᠭᠦᠯᠭᠡ ᠳᠤ ᠳᠤᠮᠳᠠᠳᠤ ᠶᠢᠨ ᠰᠣᠶᠣᠯ ᠤᠨ ᠲᠡᠮᠳᠡᠭ ᠪᠣᠯᠤᠨ

ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠣᠶ ᠪᠣᠯᠭᠠᠬᠤ ᠪᠠ ᠲᠣᠪᠤᠶᠢᠯᠭᠠᠬᠤ ᠱᠠᠭᠠᠷᠳᠠᠯᠭ᠎ᠠ ᠶᠢ

ᠨᠠᠶᠢᠳᠠᠪᠤᠷᠢᠵᠢᠭᠤᠯᠬᠤ ᠬᠡᠷᠡᠭᠲᠡᠶ︔

    ︵3︶ ᠪᠦᠬᠦ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ

ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃

    10. ᠠᠶᠢᠮᠠᠭ‌‍ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ

    ︵1︶ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ

ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ

ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠳᠡᠭᠡᠳᠦ ᠬᠡᠪ ᠴᠢᠨᠠᠷ ᠲᠠᠢ ᠮᠠᠯᠴᠢᠨ ᠲᠠᠷᠢᠶᠠᠴᠢᠨ ᠢ

ᠪᠤᠶᠢᠵᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢ

ᠠᠬᠢᠭᠤᠯᠤᠨ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ ᠬᠥᠭᠵᠢᠭᠦᠯᠵᠦ᠂ ᠦᠵᠡᠰᠬᠦᠯᠡᠩᠲᠦ ᠰᠠᠶᠢᠬᠠᠨ ᠮᠠᠯᠵᠢᠬᠤ

ᠲᠠᠷᠢᠶᠠᠯᠠᠬᠤ ᠣᠷᠣᠨ ᠢ ᠪᠥᠲᠥᠭᠡᠨ ᠪᠠᠶᠢᠭᠤᠯᠤᠨ᠎ᠠ︔

    ︵2︶ ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ

ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠤ ᠠᠵᠤ ᠠᠬᠤᠶ ᠶᠢᠨ ᠡᠵᠡᠩᠨᠡᠯᠲᠡ ᠶᠢᠨ ᠬᠡᠯᠪᠡᠷᠢ ᠶᠢ

ᠪᠠᠶᠠᠯᠢᠭᠵᠢᠭᠤᠯᠵᠤ᠂ ᠳᠣᠲᠣᠭᠠᠳᠤ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ

ᠴᠢᠩᠭᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠷᠳᠣ ᠬᠤᠭᠤᠴᠠᠭ᠎ᠠ ᠪᠠᠷ ᠲᠣᠭᠲᠠᠭᠤᠨ ᠢᠶᠠᠷ

ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃

    ︵3︶ ᠪᠥᠬᠦ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮ ᠤᠨ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ

ᠪᠠᠶᠢᠭᠤᠯᠬᠤ ᠪᠠ ᠮᠠᠯᠵᠢᠬᠤ ᠲᠠᠷᠢᠶᠠᠯᠠᠬᠤ ᠣᠷᠣᠨ ᠤ ᠡᠶ᠎ᠡ ᠵᠣᠬᠢᠴᠠᠯ ᠲᠠᠢ ᠬᠥᠭᠵᠢᠯᠲᠡ ᠶᠢ ᠵᠢᠯᠣᠭᠤᠳᠤᠨ ᠠᠬᠢᠭᠤᠯᠤᠨ᠎ᠠ

    11 ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ

    ︵1︶ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ

ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠬᠠᠢ ᠴᠢᠬᠤᠯᠠ

ᠥᠭᠦᠯᠡᠯᠲᠡ ᠪᠠ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ

ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠠᠶᠢᠮᠠᠭ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ

ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂

ᠦᠨᠳᠦᠰᠦᠲᠡᠨ ᠨᠦᠭᠦᠳ ᠤᠨ ᠤᠯᠠᠨ ᠲᠦᠮᠡᠨ ᠤ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠬᠠᠮᠲᠤ ᠶᠢᠨ

ᠲᠠᠨᠢᠯᠲᠠ︾ ᠶᠢᠨ ᠦᠵᠡᠯ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠪᠦᠬᠦ ᠠᠶᠢᠮᠠᠭ ᠤᠨ

ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ

ᠬᠥᠭᠵᠢᠬᠦ ᠶᠢ ᠨᠢᠭᠲᠠᠷᠠᠭᠤᠯᠤᠨ᠎ᠠ᠃

    ︵2︶ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠤᠬᠠᠭᠤᠯᠭ᠎ᠠ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠤᠨ ᠬᠥᠮᠦᠵᠢᠯ ᠢ ᠪᠠᠲᠤᠳᠬᠠᠬᠤ ᠲᠠᠢ ᠤᠶᠠᠯᠳᠤᠭᠤᠯᠵᠤ᠂ ᠪᠦᠬᠦ ᠠᠶᠢᠮᠠᠭ ᠤᠨ ᠰᠢᠨ᠎ᠡ ᠴᠠᠭ

ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃

    ︵3︶ ᠪᠥᠬᠦ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠰᠲ᠋ᠧᠮ ᠤᠨ

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ

ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃

    12. ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ

    ︵1︶ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂

ᠦᠨᠳᠦᠰᠦᠲᠡᠨ ᠨᠦᠭᠦᠳ ᠤᠨ ᠤᠯᠠᠨ ᠲᠦᠮᠡᠨ ᠤ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ

ᠠᠭᠤᠯᠠ ᠮᠥᠨ︾ ᠭᠡᠬᠦ ᠠᠮᠢ ᠠᠬᠤᠢ ᠶᠢᠨ ᠪᠣᠯᠪᠠᠰᠤᠨ ᠤ ᠤᠢᠢᠯᠠᠭᠠᠭᠳᠠᠬᠤᠨ ᠢ ᠲᠠᠰᠤᠷᠠᠯᠲᠠ ᠦᠭᠡᠢ ᠴᠢᠩᠭᠠᠳᠬᠠᠵᠤ᠂

ᠪᠣᠬᠢᠷᠲᠤᠯ ᠦᠭᠡᠢ ᠬᠢᠩᠭᠠᠨ ᠤ ᠡᠶ᠎ᠡ ᠵᠣᠬᠢᠴᠠᠩᠭᠤᠢ ᠰᠠᠶᠢᠨ ᠰᠠᠶᠢᠬᠠᠨ ᠪᠠᠶᠢᠭᠠᠯᠢ ᠶᠢᠨ ᠣᠷᠴᠢᠨ ᠲᠣᠭᠤᠷᠢᠨ ᠢᠶᠠᠷ

ᠪᠦᠬᠦ ᠠᠶᠢᠮᠠᠭ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ

ᠰᠣᠶᠣᠯ ᠤᠨ ᠲᠤᠬᠠᠢ ᠮᠡᠳᠡᠷᠡᠮᠵᠢ ᠶᠢ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠮᠠᠨ ᠤ ᠠᠶᠢᠮᠠᠭ ᠤᠨ ᠦᠨᠳᠦᠰᠦᠲᠡᠨ ᠤ ᠪᠦᠯᠬᠦᠮᠳᠡᠯ

ᠲᠠᠪᠰᠢᠯᠳᠠ ᠶᠢᠨ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠬᠡᠷᠡᠭᠲᠡᠢ᠃

    ︵2︶ ᠪᠥᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠰᠢᠰᠲ᠋ᠧᠮ ᠤᠨ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ

ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃

    13᠂ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ

    ︵1︶ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ

ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠥᠭᠡᠨ ᠲᠣᠭᠠᠲᠤ

ᠦᠨᠳᠦᠰᠦᠲᠡᠨ ᠤ ᠺᠠᠳ᠋ᠷ ᠪᠣᠯᠤᠨ ᠡᠯ᠎ᠡ ᠲᠥᠷᠥᠯ ᠤᠨ ᠲᠤᠰᠬᠠᠶ ᠮᠡᠷᠭᠡᠵᠢᠯ ᠤᠨ ᠠᠵᠢᠯᠲᠠᠨ ᠢ ᠬᠥᠮᠦᠵᠢᠭᠦᠯᠦᠨ ᠰᠢᠯᠢᠨ

ᠳᠡᠪᠰᠢᠭᠦᠯᠬᠦ ᠲᠥᠷᠥ ᠶᠢᠨ ᠪᠣᠳᠣᠯᠭ᠎ᠠ ᠪᠣᠯᠤᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠨ᠎ᠠ᠃

    ︵2︶ ᠨᠡᠶᠢᠭᠡᠮ ᠤᠨ ᠪᠠᠲᠤᠯᠠᠭ᠎ᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂

ᠦᠨᠳᠦᠰᠦᠲᠡᠨ ᠨᠦᠭᠦᠳ ᠤᠨ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ

    ︵3︶ ᠡᠯ᠎ᠡ ᠦᠨᠳᠦᠰᠦᠲᠡᠨ ᠤ ᠣᠯᠠᠨ ᠲᠦᠮᠡᠨ ᠤ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ

ᠣᠷᠣᠰᠢᠵᠤ ᠪᠠᠶᠢᠭ᠎ᠠ ᠣᠨᠴᠣᠭᠤᠶ ᠬᠦᠴᠢᠷᠳᠡᠯ ᠪᠠ ᠠᠰᠠᠭᠤᠳᠠᠯ ᠢ ᠬᠢᠨᠠᠮᠠᠭᠠᠶ ᠰᠢᠶ᠋ᠳᠪᠦᠷᠢᠯᠡᠨ᠎ᠡ᠃

    ︵4︶ ᠪᠦᠬᠦ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ

ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ

ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃

    14. ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ

    ︵1︶ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ

ᠨᠠᠶᠢᠳᠠᠪᠤᠷᠢᠵᠢᠭᠤᠯᠵᠤ᠂ ᠡᠯ᠎ᠡ ᠦᠨᠳᠦᠰᠦᠲᠡᠨ ᠤ ᠣᠯᠠᠨ ᠲᠦᠮᠡᠨ ᠤ ᠨᠡᠶᠢᠭᠡᠮ ᠤᠨ ᠠᠪᠤᠷᠠᠨ ᠲᠤᠰᠠᠯᠠᠯᠲᠠ᠂

ᠨᠡᠶᠢᠭᠡᠮ ᠤᠨ ᠠᠰᠠᠷᠠᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠦᠨᠳᠦᠰᠦᠨ ᠱᠠᠲᠤᠨ ᠤ

ᠠᠷᠠᠳᠴᠢᠯᠠᠯ ᠪᠠ ᠨᠡᠶᠢᠭᠡᠮ ᠤᠨ ᠪᠠᠶᠢᠭᠤᠯᠤᠯᠲᠠ ᠵᠢᠴᠢ ᠭᠠᠵᠠᠷ ᠤᠨ ᠨᠡᠷ᠎ᠡ᠂ ᠣᠷᠣᠰᠢᠭᠤᠯᠭ᠎ᠠ ᠶᠢᠨ ᠬᠠᠮᠢᠶᠠᠷᠤᠯᠲᠠ᠂

ᠨᠠᠰᠤᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠵᠡᠷᠭᠡ ᠲᠤᠰᠬᠠᠢ

ᠵᠦᠢᠯ ᠤᠨ ᠨᠡᠶᠢᠭᠡᠮ ᠤᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠦᠢᠯᠡᠴᠢᠯᠡᠭᠡ ᠶᠢᠨ ᠬᠤᠯᠪᠣᠭᠳᠠᠯ ᠪᠦᠬᠦᠢ

ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃

    ︵2︶ ᠬᠤᠳᠠ ᠶᠢᠨ ᠦᠨᠳᠦᠰᠦᠲᠡᠨ ᠤ ᠠᠵᠢᠯ ᠤᠨ ᠲᠣᠭᠲᠠᠴᠠ ᠶᠢ ᠰᠦᠪᠡᠭᠴᠢᠯᠡᠨ ᠲᠡᠭᠦᠯᠳᠡᠷᠵᠢᠭᠦᠯᠵᠦ᠂

ᠨᠡᠶᠢᠭᠡᠮ ᠲᠣᠭᠤᠷᠢᠭ ᠤᠨ ᠦᠨᠳᠦᠰᠦᠲᠡᠨ ᠤ ᠠᠵᠢᠯ ᠢᠶᠠᠷ ᠬᠦᠴᠦᠯᠡᠬᠦ ᠴᠡᠭ ᠪᠣᠯᠭᠠᠵᠤ᠂ ᠬᠤᠳᠠ ᠶᠢᠨ

ᠦᠨᠳᠦᠰᠦᠲᠡᠨ ᠤ ᠠᠵᠢᠯ ᠢ ᠰᠠᠶᠢᠲᠤᠷ ᠬᠢᠬᠦ ᠬᠡᠷᠡᠭᠲᠡᠢ︔

    ︵3︶ ᠪᠦᠬᠦ ᠠᠶᠢᠮᠠᠭ ᠤᠨ ᠠᠷᠠᠳ ᠤᠨ ᠶᠠᠪᠤᠳᠠᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ

ᠵᠢᠯᠣᠭᠤᠳᠤᠨ ᠠᠬᠢᠭᠤᠯᠤᠨ᠎ᠠ᠃

    15᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ

    ︵1︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠢ ᠪᠦᠬᠦ ᠲᠠᠯ᠎ᠠ ᠪᠠᠷ ᠴᠢᠩᠭᠠᠳᠬᠠᠵᠤ᠂

ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ

ᠲᠠᠰᠤᠷᠠᠯᠲᠠ ᠦᠭᠡᠢ ᠨᠡᠮᠡᠭᠳᠡᠭᠦᠯᠦᠨ᠎ᠡ᠃

    ︵2︶ ᠡᠷᠡᠭᠦᠯ ᠡᠩᠬᠡ ᠬᠢᠩᠭᠠᠨ ᠤ ᠠᠵᠢᠯᠯᠠᠭ᠎ᠠ ᠶᠢ ᠥᠷᠨᠢᠭᠦᠯᠵᠦ᠂ ᠬᠤᠲᠠ ᠬᠥᠳᠡᠭᠡ ᠶᠢᠨ ᠣᠯᠠᠨ

ᠨᠡᠶᠢᠲᠡ ᠶᠢᠨ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ︔

    ︵3︶ ᠬᠠᠯᠳᠠᠪᠤᠷᠢᠲᠤ ᠡᠪᠡᠳᠴᠢᠨ᠂ ᠣᠷᠣᠨ ᠨᠤᠲᠤᠭ ᠤᠨ ᠡᠪᠡᠳᠴᠢᠨ᠂ ᠰᠢᠮᠡᠭᠦᠷ ᠬᠤᠷᠣᠬᠠᠶ ᠶᠢᠨ

ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠬᠤ ᠶᠢ ᠨᠡᠮᠡᠭᠳᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ

ᠡᠮ ᠡᠮᠨᠡᠯᠭᠡ ᠡᠷᠡᠭᠦᠯ ᠬᠠᠮᠠᠭᠠᠯᠠᠯ ᠤᠨ ᠨᠥᠬᠦᠴᠡᠯ ᠢ ᠰᠠᠶᠢᠵᠢᠷᠠᠭᠤᠯᠤᠨ᠎ᠠ︔

    ︵4︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠡᠷᠴᠢᠮ ᠢᠶᠠᠨ ᠲᠠᠰᠤᠷᠠᠯᠲᠠ ᠥᠬᠡᠶ

ᠴᠢᠩᠭᠠᠷᠠᠭᠤᠯᠵᠤ᠂ ᠪᠥᠬᠦ ᠠᠶᠢᠮᠠᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠷᠡᠭᠦᠯ ᠮᠡᠨᠳᠦ ᠠᠮᠤᠷ

ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃

    ︵5︶ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠲᠡᠳ᠋ᠭᠦᠨ ᠠᠬᠢᠭᠤᠯᠬᠤ ᠡᠯ᠎ᠡ ᠵᠦᠢᠯ ᠤᠨ

ᠬᠠᠤᠯᠢ ᠲᠣᠭᠲᠠᠭᠠᠯ ᠪᠠ ᠲᠥᠷᠥ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠵᠤ᠂ ᠬᠢᠲᠠᠳ ᠡᠮᠨᠡᠯᠭᠡ ᠶᠢᠨ ᠬᠤᠷᠢᠶᠠᠨ ᠤ

ᠰᠠᠭᠤᠷᠢ ᠲᠥᠬᠦᠭᠡᠷᠥᠮᠵᠢ ᠶᠢᠨ ᠪᠦᠲᠦᠭᠡᠨ ᠪᠠᠶᠢᠭᠤᠯᠤᠯᠲᠠ ᠪᠠ ᠬᠢᠲᠠᠳ ᠡᠮ ᠡᠮᠨᠡᠯᠭᠡ ᠶᠢ ᠲᠡᠳ᠋ᠭᠦᠨ ᠳᠡᠮᠵᠢᠬᠦ

ᠡᠷᠴᠢᠮ ᠢᠶᠠᠨ ᠴᠢᠨ᠋ᠬᠠᠷᠠᠭᠤᠯᠵᠤ᠂ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠢ ᠢᠳᠡᠪᠬᠢᠲᠡᠢ ᠪᠠᠷ ᠬᠥᠮᠥᠵᠢᠭᠦᠯᠦᠨ᠎ᠡ︔

    ︵6︶ ᠪᠦᠬᠦ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ

ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃

    16. ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ

    ︵1︶ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ

ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠴᠢᠭᠯᠡᠯᠲᠡ ᠲᠥᠷᠥ ᠶᠢᠨ ᠪᠣᠳᠣᠯᠭ᠎ᠠ ᠶᠢ

ᠲᠤᠤᠱᠯᠠᠭᠤᠯᠤᠨ ᠬᠡᠷᠡᠭᠵᠢᠭᠦᠯᠵᠦ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠯᠦᠭᠡ

ᠲᠣᠬᠢᠷᠠᠯᠴᠠᠭᠰᠠᠨ ᠪᠣᠳᠠᠲᠠᠶ ᠠᠷᠭ᠎ᠠ᠂ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ

ᠪᠠᠶᠢᠭᠤᠯᠤᠨ ᠬᠡᠷᠡᠭᠵᠢᠭᠦᠯᠦᠨ᠎ᠡ᠃

    ︵2︶ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠲᠦᠷᠭᠡᠳ᠋ᠬᠡᠬᠦ ᠶᠢ ᠳᠡᠮᠵᠢᠨ᠎ᠡ︔

    ︵3︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ︽ᠰᠠᠭᠠᠳ ᠥᠬᠡᠶ ᠨᠡᠪᠲᠡᠷᠡᠬᠦ

ᠵᠠᠮ︾ ᠢ ᠰᠠᠭᠠᠳ ᠥᠬᠡᠶ ᠨᠡᠪᠲᠡᠷᠡᠭᠦᠯᠵᠦ᠂ ᠥᠨᠳᠥᠷ ᠪᠦᠲᠦᠮᠵᠢᠲᠡᠶ᠂ ᠳᠥᠭᠦᠮ ᠳᠥᠲᠡ ᠵᠠᠬ᠎ᠠ ᠳᠡᠯᠭᠡᠭᠦᠷ ᠲᠤ

ᠣᠷᠣᠬᠤ ᠶᠢ ᠵᠥᠪᠰᠢᠶᠡᠷᠡᠬᠦ ᠦᠢᠯᠡᠴᠢᠯᠡᠭᠡ ᠶᠢ ᠬᠠᠩᠭᠠᠨ᠎ᠠ︔

    ︵4︶ ᠯᠠᠯᠤ ᠶᠢᠨ ᠢᠳᠡᠭᠡᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ ᠵᠢᠷᠤᠮᠵᠢᠭᠤᠯᠵᠤ᠂

ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ︔

    ︵5︶ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠲᠠᠢ ᠬᠠᠮᠵᠢᠯᠴᠠᠨ ᠨᠡᠶᠢᠭᠡᠮ ᠤᠨ ᠥᠩᠭᠡᠨ ᠲᠠᠯ᠎ᠠ ᠳᠤ

ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠵᠠᠷ ᠮᠡᠳᠡᠭᠡ ᠶᠢᠨ

ᠠᠭᠤᠯᠭ᠎ᠠ ᠳᠤ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠨ᠎ᠡ︔

    ︵6︶ ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠤᠭᠰᠠᠨ ᠨᠡᠷᠡᠶᠢᠳᠦᠯ᠂ ᠲᠠᠸᠠᠷ ᠤᠨ ᠲᠡᠮᠳᠡᠭ᠂ ᠵᠠᠷ

ᠮᠡᠳᠡᠭᠡ ᠬᠡᠷᠡᠭᠯᠡᠬᠦ ᠦᠭᠡ ᠬᠡᠯᠡ ᠵᠡᠷᠭᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ

ᠪᠠᠲᠤ ᠴᠣᠭᠴᠠᠯᠠᠬᠤ ᠱᠠᠭᠠᠷᠳᠠᠯᠭ᠎ᠠ ᠶᠢ ᠬᠢᠨᠠᠨ ᠬᠠᠷᠭᠤᠭᠤᠯᠬᠤ ᠠᠵᠢᠯ ᠢ ᠰᠠᠶᠢᠲᠤᠷ ᠬᠢᠨ᠎ᠡ︔

    ︵7︶ ᠪᠦᠬᠦ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠨᠢᠭᠡᠴᠡ ᠶᠢ

ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠶᠢ ᠵᠢᠯᠣᠭᠤᠳᠤᠨ ᠠᠬᠢᠭᠤᠯᠤᠨ᠎ᠠ᠃

    17. ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ

    ︵1︶ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂

ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠴᠢᠨᠠᠷ ᠰᠠᠶᠢᠲᠠᠢ ᠬᠥᠭᠵᠢᠯᠲᠡ ᠶᠢᠨ

ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾

ᠭᠡᠬᠦ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠭᠤᠯᠠ ᠤᠰᠤ ᠤᠢ ᠰᠢᠭᠤᠢ ᠲᠠᠷᠢᠶᠠᠨ

ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ᠎ᠡ᠃

    ︵2︶ ᠤᠢ ᠰᠢᠭᠤᠢ ᠪᠠ ᠨᠤᠲᠤᠭ ᠪᠡᠯᠴᠢᠭᠡᠷ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠶᠢ ᠳᠡᠮᠵᠢᠬᠦ

ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃

    ︵3︶ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ

ᠬᠢᠭᠡᠳ ᠬᠠᠮᠠᠭᠠᠯᠠᠯᠲᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ

ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ︔

    ︵4︶ ᠪᠥᠬᠦ ᠠᠶᠢᠮᠠᠭ ᠤᠨ ᠣᠶ ᠰᠢᠭᠤᠶ ᠡᠪᠡᠰᠦ ᠪᠡᠯᠴᠢᠭᠡᠷ ᠤᠨ ᠰᠢᠰᠲ᠋ᠧᠮ ᠤᠨ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ

ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃

    18. ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ

    ︵1︶ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠳᠤ

ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃

    ︵2︶ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠢᠨᠵᠧᠨᠧᠷᠢᠩ

ᠪᠣᠯᠤᠨ ᠤᠰᠤ ᠬᠥᠷᠥᠰᠥ ᠶᠢ ᠬᠠᠮᠠᠭᠠᠯᠠᠬᠤ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ

ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃

    ︵3︶ ᠪᠦᠬᠦ ᠠᠶᠢᠮᠠᠭ ᠤᠨ ᠤᠰᠤᠨ ᠠᠰᠢᠭᠯᠠᠯᠲᠠ ᠶᠢᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ

ᠪᠠᠶᠢᠭᠤᠯᠬᠤ ᠠᠵᠢᠯ ᠢ ᠰᠠᠶᠢᠲᠤᠷ ᠬᠢᠬᠦ ᠶᠢ ᠵᠢᠯᠣᠭᠤᠳᠤᠨ ᠠᠬᠢᠭᠤᠯᠤᠨ᠎ᠠ᠃

    19 ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ

    ︵1︶ ᠦᠨᠳᠦᠰᠦᠲᠡᠨ ᠤ ᠠᠷᠠᠯᠵᠢᠶ᠎ᠠ ᠪᠠ ᠦᠨᠳᠦᠰᠦᠲᠡᠨ ᠤ ᠣᠨᠴᠠ ᠵᠥᠪᠰᠢᠶᠡᠷᠡᠭᠰᠡᠨ ᠲᠠᠸᠠᠷ ᠦᠢᠯᠡᠳ᠋ᠪᠦᠷᠢᠯᠡᠬᠦ

ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠨ᠎ᠡ︔

    ︵2︶ ᠦᠨᠳᠦᠰᠦᠲᠡᠨ ᠤ ᠠᠷᠠᠯᠵᠢᠶᠠᠨ ᠤ ᠬᠥᠭᠵᠢᠯᠲᠡ ᠶᠢ ᠲᠡᠳ᠋ᠭᠦᠨ ᠳᠡᠮᠵᠢᠵᠦ᠂ ᠦᠨᠳᠦᠰᠦᠲᠡᠨ ᠤ ᠠᠷᠠᠯᠵᠢᠶ᠎ᠠ

ᠠᠷᠠᠳ ᠤᠨ ᠬᠡᠷᠡᠭᠰᠡᠯ ᠤᠨ ᠠᠵᠤ ᠠᠬᠤᠶᠢᠯᠠᠯ ᠤᠳ ᠤᠨ ᠭᠠᠳᠠᠭᠠᠳᠤ ᠠᠷᠠᠯᠵᠢᠶ᠎ᠠ ᠶᠢ ᠠᠬᠢᠭᠤᠯᠬᠤ ᠪᠠ ᠭᠠᠳᠠᠭᠰᠢ

ᠴᠢᠭᠯᠡᠭᠦᠯᠦᠭᠰᠡᠨ ᠠᠵᠤ ᠠᠬᠤᠢ ᠶᠢ ᠬᠥᠭᠵᠢᠭᠦᠯᠬᠦ ᠨᠥᠬᠦᠴᠡᠯ ᠪᠠ ᠣᠷᠴᠢᠨ ᠨᠥᠬᠦᠴᠡᠯ ᠢ ᠢᠳᠡᠪᠬᠢᠲᠡᠢ ᠪᠠᠷ ᠪᠣᠢ

ᠪᠣᠯᠭᠠᠨ᠎ᠠ︔

 

    ︵3︶ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠣᠭᠤᠮᠲᠠ ᠳᠤ ᠬᠤᠯᠪᠣᠭᠳᠠᠬᠤ

ᠰᠠᠯᠠᠭ᠎ᠠ ᠮᠥᠴᠢᠷ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ

ᠪᠣᠯᠭᠠᠬᠤ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠵᠣᠬᠢᠴᠠᠭᠤᠯᠤᠨ ᠠᠬᠢᠭᠤᠯᠵᠤ᠂

ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ

ᠰᠠᠶᠢᠲᠤᠷ ᠠᠳᠬᠤᠨ᠎ᠠ︔

    ︵4︶ ᠪᠥᠬᠦ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠰᠢᠰᠲ᠋ᠧᠮ ᠤᠨ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠨᠢᠭᠡᠴᠡ ᠶᠢ

ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠶᠢ ᠵᠢᠯᠣᠭᠤᠳᠤᠨ ᠠᠬᠢᠭᠤᠯᠤᠨ᠎ᠠ᠃

    20 ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ

    ︵1︶ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ︵

ᠲᠤᠰᠬᠠᠢ ᠣᠷᠣᠨ᠂ ᠵᠸᠤ᠂ ᠠᠶᠢᠮᠠᠭ︶ ᠶᠣᠰᠣᠭᠠᠷ︶︾ ᠦᠨᠳᠦᠰᠦᠲᠡᠨ ᠤ ᠲᠤᠭ᠎ᠠ ᠪᠦᠷᠢᠳᠬᠡᠯ ᠪᠠ ᠠᠵᠤ

ᠠᠬᠤᠶ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠬᠤ ᠠᠵᠢᠯ ᠢ ᠬᠠᠪᠰᠤᠷᠤᠨ ᠰᠠᠶᠢᠲᠤᠷ ᠬᠢᠵᠦ᠂ ᠬᠠᠮᠢᠶ᠎ᠠ ᠪᠥᠬᠦᠶ

ᠬᠤᠰᠢᠭᠤ ᠰᠢᠶᠠᠨ ᠬᠤᠲᠠ ᠶᠢᠨ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠢ ᠵᠣᠬᠢᠴᠠᠭᠤᠯᠤᠨ ᠬᠢᠯᠢ ᠶᠢᠨ ᠬᠤᠰᠢᠭᠤ

ᠬᠤᠲᠠ᠂ ᠮᠠᠯᠵᠢᠬᠤ ᠣᠷᠣᠨ ᠤ ᠬᠠᠭᠠᠰ ᠮᠠᠯᠵᠢᠬᠤ ᠣᠷᠣᠨ᠂ ᠦᠨᠳᠦᠰᠦᠲᠡᠨ ᠤ ᠰᠢᠶᠠᠩ ᠵᠡᠷᠭᠡ ᠠᠵᠤ ᠠᠬᠤᠶ

ᠨᠡᠶᠢᠭᠡᠮ ᠤᠨ ᠬᠥᠭᠵᠢᠯᠲᠡ ᠶᠢᠨ ᠲᠠᠯ᠎ᠠ ᠪᠠᠷ ᠬᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠠᠩᠭᠠᠨ᠎ᠠ᠃

    ︵2︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ

ᠪᠣᠯᠭᠠᠬᠤ ᠪᠠᠷ ᠭᠤᠣᠯ ᠰᠢᠵᠢᠮ ᠪᠣᠯᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ

ᠦᠨᠳᠦᠰᠦᠲᠡᠨ ᠨᠦᠭᠦᠳ ᠤᠨ ᠰᠢᠭᠢᠳᠬᠡᠯ ᠮᠠᠶ᠋ᠢᠭ ᠤᠨ ᠨᠡᠶᠢᠭᠡᠮ ᠤᠨ ᠪᠦᠲᠦᠴᠡ ᠪᠠ ᠶᠠᠪᠤᠯᠴᠠᠭ᠎ᠠ ᠰᠣᠯᠢᠯᠴᠠᠭ᠎ᠠ

ᠠᠭᠤᠰᠤᠯᠴᠠᠯ ᠤᠨ ᠬᠠᠮᠢᠶ᠎ᠠ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠰᠠᠶᠢᠲᠤᠷ ᠬᠢᠵᠦ᠂ ᠠᠷᠭᠠᠴᠠᠬᠤ

ᠪᠣᠳᠣᠯᠭ᠎ᠠ ᠰᠠᠨᠠᠭᠤᠯᠭ᠎ᠠ ᠳᠤᠷᠠᠳᠤᠨ᠎ᠠ︔

    ︵3︶ ᠲᠤᠭ᠎ᠠ ᠪᠦᠷᠢᠳᠬᠡᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ

ᠠᠳᠬᠤᠬᠤ ᠬᠡᠷᠡᠭᠲᠡᠢ︔

    21 ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ

    ︵1︶ ᠡᠯ᠎ᠡ ᠲᠥᠷᠥᠯ ᠤᠨ ᠠᠵᠤ ᠠᠬᠤᠶᠢᠯᠠᠯ ᠢ ᠵᠢᠯᠣᠭᠤᠳᠤᠨ ᠬᠠᠪᠰᠤᠷᠴᠤ ᠪᠠᠶᠢᠭᠠᠳ ᠮᠡᠷᠭᠡᠵᠢᠯ ᠤᠨ

ᠥᠭᠡᠷᠡᠴᠢᠯᠡᠯᠲᠡ ᠶᠢ ᠲᠦᠷᠭᠡᠳᠬᠡᠨ᠂ ᠰᠢᠨ᠎ᠡ ᠦᠢᠯᠡᠳᠬᠦᠨ ᠢ ᠢᠳᠡᠪᠬᠢᠲᠡᠢ ᠨᠡᠭᠡᠭᠡᠨ ᠬᠥᠭᠵᠢᠭᠦᠯᠵᠦ᠂ ᠠᠵᠤ

ᠦᠢᠯᠡᠰ ᠤᠨ ᠪᠦᠲᠦᠴᠡ ᠶᠢ ᠶᠡᠬᠡᠪᠡᠷ ᠲᠣᠬᠢᠷᠠᠭᠤᠯᠤᠨ᠎ᠠ᠃

    ︵2︶ ᠮᠡᠳᠡᠭᠡ ᠵᠠᠨ᠋ᠭᠢᠵᠢᠯᠲᠠ ᠶᠢᠨ ᠪᠠᠶᠢᠭᠤᠯᠤᠯᠲᠠ ᠵᠢᠴᠢ ᠮᠡᠳᠡᠭᠡ ᠵᠠᠨ᠋ᠭᠢ ᠶᠢᠨ ᠠᠵᠤ ᠦᠢᠯᠡᠰ ᠤᠨ

ᠬᠥᠭᠵᠢᠯᠲᠡ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ︔

    ︵3︶ ᠪᠦᠬᠦ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ

ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃

    22. ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ

    ︵1︶ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ

ᠠᠷᠭ᠎ᠠ ᠬᠡᠮᠵᠢᠶ᠎ᠡ ᠶᠢ ᠰᠤᠳᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ

ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠢᠨᠵᠢᠯᠡᠬᠦ ᠤᠬᠠᠭᠠᠨ

ᠮᠡᠷᠭᠡᠵᠢᠯ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠬᠢᠨᠠᠮᠠᠭᠠᠶ ᠰᠢᠢᠳᠪᠦᠷᠢᠯᠡᠵᠦ᠂

ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ︔

    ︵2︶ ᠪᠦᠬᠦ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠰᠲ᠋ᠧᠮ ᠤᠨ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ

ᠪᠠᠶᠢᠭᠤᠯᠬᠤ ᠠᠵᠢᠯ ᠢ ᠲᠦᠯᠬᠢᠨ ᠠᠬᠢᠭᠤᠯᠤᠨ᠎ᠠ᠃

    23 ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠭᠡᠷ

    ︵1︶ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠲᠤ ᠬᠤᠯᠪᠣᠭᠳᠠᠬᠤ ᠭᠠᠳᠠᠭᠠᠳᠤ ᠶᠠᠪᠤᠳᠠᠯ ᠤᠨ

ᠠᠵᠢᠯᠯᠠᠭ᠎ᠠ ᠶᠢ ᠵᠢᠯᠣᠭᠤᠳᠬᠤ ᠪᠠ ᠳᠡᠮᠵᠢᠨ᠎ᠡ︔

    ︵2︶ ᠦᠨᠳᠦᠰᠦᠲᠡᠨ ᠨᠦᠭᠦᠳ ᠤᠨ ᠭᠠᠳᠠᠭᠠᠳᠤ ᠲᠠᠢ ᠨᠥᠬᠦᠷᠰᠡᠭ ᠢᠶᠠᠷ ᠬᠠᠷᠢᠯᠴᠠᠬᠤ ᠶᠢ ᠠᠬᠢᠭᠤᠯᠵᠤ᠂

ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠭᠠᠳᠠᠭᠠᠳᠤ ᠲᠠᠢ ᠨᠥᠬᠦᠷᠰᠡᠭ ᠢᠶᠠᠷ ᠬᠠᠷᠢᠯᠴᠠᠬᠤ ᠠᠵᠢᠯᠯᠠᠭ᠎ᠠ

ᠥᠷᠨᠢᠭᠦᠯᠦᠨ᠎ᠡ᠃

    ︵3︶ ᠬᠢᠯᠢ ᠶᠢ ᠬᠦᠴᠦᠷᠬᠡᠭᠵᠢᠭᠦᠯᠦᠨ ᠰᠡᠷᠭᠡᠶᠢᠯᠡᠯᠲᠡ ᠶᠢ ᠪᠠᠬᠢᠵᠢᠬᠦᠯᠵᠦ᠂ ᠣᠶᠢᠷ᠎ᠠ ᠬᠠᠪᠢ ᠪᠠᠷ ᠳᠠᠮᠵᠢᠨ᠂

ᠬᠢᠯᠢ ᠬᠢᠵᠠᠭᠠᠷ ᠣᠷᠣᠨ ᠤ ᠠᠮᠤᠷ ᠲᠦᠪᠰᠢᠨ ᠲᠣᠭᠲᠠᠭᠤᠨ ᠪᠠᠶᠢᠳᠠᠯ ᠢ ᠰᠠᠶᠢᠲᠤᠷ ᠬᠢᠬᠦ ᠬᠡᠷᠡᠭᠲᠡᠢ︔

    ︵4︶ ᠬᠢᠯᠢ ᠬᠢᠵᠠᠭᠠᠷ ᠣᠷᠣᠨ ᠳᠤ ᠬᠤᠯᠪᠣᠭᠳᠠᠬᠤ ᠰᠠᠯᠠᠭ᠎ᠠ ᠮᠥᠴᠢᠷ ᠤᠨ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ

ᠪᠠᠶᠢᠭᠤᠯᠬᠤ ᠠᠵᠢᠯ ᠢ ᠰᠠᠶᠢᠲᠤᠷ ᠬᠢᠬᠦ ᠶᠢ ᠵᠢᠯᠣᠭᠤᠳᠤᠨ ᠠᠬᠢᠭᠤᠯᠤᠨ᠎ᠠ᠃

    24. ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ

    ︵1︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ

ᠵᠦᠢᠯ ᠤᠨ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ

ᠨᠠᠶᠢᠳᠠᠪᠤᠷᠢᠵᠢᠭᠤᠯᠤᠨ᠎ᠠ︔

    ︵2︶ ᠠᠵᠢᠯ ᠲᠥᠷᠥᠯ ᠤᠨ ᠴᠣᠩᠬᠤᠪᠴᠢ ᠨᠢᠭᠡᠴᠡ ᠶᠢ ᠵᠢᠯᠣᠭᠤᠳᠤᠨ ᠤᠯᠤᠰ ᠤᠨ ᠨᠡᠶᠢᠳᠡᠮ ᠬᠡᠷᠡᠭᠯᠡᠬᠦ ᠦᠭᠡ

ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠨ᠎ᠡ︔

    ︵3︶ ᠪᠥᠬᠦ ᠠᠶᠢᠮᠠᠭ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ

ᠵᠢᠯᠣᠭᠤᠳᠤᠨ ᠠᠬᠢᠭᠤᠯᠤᠨ᠎ᠠ᠃

    25. ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ

    ︵1︶ ᠶᠡᠷᠦᠩᠬᠡᠢ ᠱᠦᠵᠢ ᠰᠢ ᠶᠢᠨ ᠫᠢᠩ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠬᠠᠢ

ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠠᠵᠢᠯ ᠤᠨ

ᠬᠦᠷᠢᠶᠡᠨ ᠳᠠᠬᠢ ᠴᠡᠷᠢᠭ ᠠᠴᠠ ᠬᠠᠯᠠᠭᠳᠠᠭᠰᠠᠳ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠴᠢᠬᠤᠯᠠᠴᠢᠯᠠᠵᠤ᠂

ᠡᠯ᠎ᠡ ᠦᠨᠳᠦᠰᠦᠲᠡᠨ ᠤ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ᠂

ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃

    ︵2︶ ᠪᠥᠬᠦ ᠠᠶᠢᠮᠠᠭ ᠤᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠢᠰᠲ᠋ᠧᠮ ᠤᠨ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ

ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃

    26. ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ

    ︵1︶ ᠪᠥᠬᠦ ᠠᠶᠢᠮᠠᠭ ᠤᠨ ᠡᠯ᠎ᠡ ᠲᠥᠷᠥᠯ ᠤᠨ ᠪᠠᠶᠢᠭᠠᠯᠢ ᠶᠢᠨ ᠭᠠᠮᠰᠢᠭ ᠤᠨ ᠲᠥᠷᠥᠯ ᠤᠨ ᠭᠡᠨᠡᠳᠲᠡ ᠶᠢᠨ

ᠬᠡᠷᠡᠭ ᠢ ᠰᠢᠢᠳᠪᠦᠷᠢᠯᠡᠬᠦ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠲᠣᠭᠲᠠᠭᠠᠬᠤ ᠳᠠᠭᠠᠨ᠂ ᠦᠨᠳᠦᠰᠦᠲᠡᠨ ᠤ

ᠬᠦᠴᠦᠨ ᠵᠦᠢᠯ ᠲᠠᠢ ᠬᠤᠯᠪᠣᠭᠳᠠᠬᠤ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠦᠴᠦᠨ ᠵᠦᠢᠯ ᠢ

ᠭᠦᠢᠴᠡᠳ ᠪᠣᠳᠣᠯᠬᠢᠯᠠᠬᠤ ᠬᠡᠷᠡᠭᠲᠡᠶ︔

    ︵2︶ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠶᠤᠯᠭᠦᠢ ᠦᠢᠯᠡᠳ᠋ᠪᠦᠷᠢᠯᠡᠯ ᠤᠨ ᠲᠤᠬᠠᠢ ᠤᠬᠠᠭᠤᠯᠭ᠎ᠠ

ᠬᠥᠮᠥᠵᠢᠯ ᠪᠠ ᠪᠣᠯᠪᠠᠰᠤᠷᠠᠭᠤᠯᠤᠯ ᠤᠨ ᠠᠵᠢᠯ ᠢ ᠴᠢᠨ᠋ᠬᠠᠳᠭᠠᠨ᠎ᠠ︔

    ︵3︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠰᠢᠨᠵᠢᠯᠡᠬᠦ

ᠤᠬᠠᠭᠠᠨ ᠮᠡᠷᠭᠡᠵᠢᠯ ᠤᠨ ᠰᠤᠳᠤᠯᠭᠠᠨ᠂ ᠳᠡᠯᠭᠡᠷᠡᠭᠦᠯᠦᠨ ᠬᠡᠷᠡᠭᠯᠡᠬᠦ ᠵᠢᠴᠢ ᠮᠡᠳᠡᠭᠡ ᠵᠠᠩᠭᠢᠵᠢᠯᠲᠠ ᠶᠢᠨ

ᠪᠠᠶᠢᠭᠤᠯᠤᠯᠲᠠ ᠶᠢ ᠴᠢᠩᠭᠠᠳᠬᠠᠨ᠎ᠠ︔

    ︵4︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ

ᠪᠦᠬᠦ ᠲᠠᠯ᠎ᠠ ᠪᠠᠷ ᠰᠠᠶᠢᠲᠤᠷ ᠬᠢᠨ᠎ᠡ᠃

    27 ᠠᠶᠢᠮᠠᠭ ᠤᠨ ᠬᠢᠨᠠᠨ ᠪᠣᠳᠣᠬᠤ ᠲᠣᠪᠴᠢᠶ᠎ᠠ

    ︵1︶ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠲᠠᠢ ᠬᠠᠮᠵᠢᠯᠴᠠᠨ ︽ᠡᠳ᠋ ᠤᠨ ᠵᠠᠰᠠᠭ ᠠᠴᠠ ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ︵ᠴᠥᠭᠡᠨ ᠲᠣᠭᠠᠲᠤ ᠦᠨᠳᠦᠰᠦᠲᠡᠨ ᠤ

ᠬᠥᠭᠵᠢᠯᠲᠡ ᠶᠢᠨ ᠡᠭᠦᠷᠭᠡ ᠶᠢ ᠰᠠᠶᠢᠲᠤᠷ ᠭᠦᠢᠴᠡᠳᠬᠡᠨ᠎ᠡ︶ ᠨᠥᠬᠦᠪᠥᠷᠢ ᠪᠡᠯᠡ ᠮᠥᠩᠭᠦ︾ ᠶᠢᠨ ᠲᠤᠰᠬᠠᠶ ᠵᠦᠢᠯ ᠢᠶᠠᠷ

ᠬᠢᠨᠠᠨ ᠪᠤᠳᠤᠵᠦ᠂ ᠪᠡᠯᠡ ᠮᠥᠩᠭᠦ ᠶᠢ ᠰᠢᠨᠵᠢᠯᠡᠬᠦ ᠤᠬᠠᠭᠠᠨᠴᠢ᠂ ᠵᠦᠶ ᠵᠣᠬᠢᠰᠲᠠᠶ ᠬᠡᠷᠡᠭᠯᠡᠬᠦ ᠶᠢ ᠪᠠᠲᠤᠯᠠᠬᠤ ᠬᠡᠷᠡᠭᠲᠡᠶ︔

    ︵2︶ ᠪᠦᠬᠦ ᠠᠶᠢᠮᠠᠭ ᠤᠨ ᠬᠢᠨᠠᠨ ᠪᠤᠳᠤᠬᠤ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ

ᠵᠢᠯᠣᠭᠤᠳᠤᠨ ᠠᠬᠢᠭᠤᠯᠤᠨ᠎ᠠ᠃

    28᠂ ᠠᠶᠢᠮᠠᠭ ᠤᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ

    ︵1︶ ᠮᠥᠩᠭᠦᠨ ᠭᠦᠢᠯᠭᠡᠭᠡᠨ ᠤ ᠬᠢᠨᠠᠯᠲᠠ ᠲᠠᠯᠪᠢᠬᠤ ᠪᠠᠢᠭᠤᠯᠤᠮᠵᠢ ᠲᠠᠢ ᠬᠠᠮᠵᠢᠯᠴᠠᠨ᠂ ᠤᠯᠤᠰ ᠤᠨ

ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ

    ︵2︶ ᠠᠷᠠᠳ ᠤᠨ ᠪᠠᠩᠬᠢ ᠪᠣᠯᠣᠨ ᠡᠯ᠎ᠡ ᠬᠤᠳᠠᠯᠳᠤᠭᠠᠨ ᠤ ᠪᠠᠩᠬᠢ ᠶᠢ ᠵᠣᠬᠢᠴᠠᠭᠤᠯᠵᠤ᠂ ᠮᠥᠩᠭᠦᠨ

ᠭᠦᠢᠯᠭᠡᠭᠡᠨ ᠤ ᠦᠢᠯᠡᠴᠢᠯᠡᠭᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠤᠯᠤᠰ ᠤᠨ ᠬᠤᠯᠪᠣᠭᠳᠠᠯ ᠪᠦᠬᠦᠢ

ᠦᠨᠳᠦᠰᠦᠲᠡᠨ ᠤ ᠠᠷᠠᠯᠵᠢᠶ᠎ᠠ ᠪᠣᠯᠣᠨ ᠴᠥᠭᠡᠨ ᠲᠣᠭᠠᠲᠤ ᠦᠨᠳᠦᠰᠦᠲᠡᠨ ᠤ ᠣᠨᠴᠠ ᠬᠡᠷᠡᠭᠰᠡᠬᠦ ᠲᠠᠸᠠᠷ ᠤᠨ

ᠦᠢᠯᠡᠳᠪᠦᠷᠢᠯᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃

    ︵3︶ ᠪᠦᠬᠦ ᠠᠶᠢᠮᠠᠭ ᠤᠨ ᠮᠥᠩᠭᠦᠨ ᠭᠦᠢᠯᠭᠡᠭᠡᠨ ᠤ ᠠᠯᠪᠠᠨ ᠭᠡᠷ ᠤᠨ ᠰᠢᠰᠲ᠋ᠧᠮ ᠤᠨ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ

ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃

    29᠂ ᠠᠶᠢᠮᠠᠭ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ

    ︵1︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠡᠮᠴᠢᠯᠡᠭᠡᠨ ᠤ ᠪᠠᠲᠤᠯᠠᠭ᠎ᠠ ᠶᠢᠨ

ᠬᠠᠤᠯᠢ ᠴᠠᠭᠠᠵᠠ ᠬᠠᠤᠯᠢ ᠲᠣᠭᠲᠠᠭᠠᠯ ᠢ ᠰᠠᠶᠢᠲᠤᠷ ᠲᠤᠭᠤᠰᠢᠯᠠᠭᠤᠯᠤᠨ ᠬᠡᠷᠡᠭᠵᠢᠭᠦᠯᠵᠦ᠂

ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ

ᠲᠠᠰᠤᠷᠠᠯᠲᠠ ᠥᠬᠡᠶ ᠨᠡᠮᠡᠭᠳᠡᠭᠦᠯᠦᠨ᠎ᠡ᠃

    ︵2︶ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠤᠰᠬᠠᠶ ᠵᠠᠰᠠᠯᠲᠠ ᠶᠢᠨ ᠡᠷᠴᠢᠮ ᠢ

ᠴᠢᠩᠭᠠᠷᠠᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ

ᠥᠭᠡᠷᠡᠴᠢᠯᠡᠯᠲᠡ ᠶᠢ ᠠᠬᠢᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠤ

ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ︔

    ︵3︶ ᠪᠦᠬᠦ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ

ᠪᠦᠬᠦ ᠲᠠᠯ᠎ᠠ ᠪᠠᠷ ᠰᠠᠶᠢᠲᠤᠷ ᠠᠳᠬᠤᠨ᠎ᠠ᠃

    30᠂ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ

ᠲᠣᠪᠴᠢᠶ᠎ᠠ

    ︵1︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠵᠠᠰᠠᠭ ᠵᠠᠬᠢᠷᠭᠠᠨ ᠤ

ᠬᠠᠮᠢᠶᠠᠷᠤᠯᠲᠠ ᠶᠢᠨ ᠪᠠᠶᠢᠭᠤᠯᠤᠯ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠵᠡᠷᠭᠡ

ᠲᠠᠯ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ

ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ

ᠲᠣᠪᠴᠢᠶ᠎ᠠ ᠶᠢᠨ ᠡᠯ᠎ᠡ ᠵᠦᠢᠯ ᠤᠨ ᠲᠦᠷᠢᠮ ᠲᠣᠭᠲᠠᠭᠠᠯ ᠪᠠ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ

ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔

    ︵2︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠵᠤ ᠰᠠᠭᠤᠬᠤ ᠡᠭᠴᠡ ᠬᠠᠮᠢᠶᠠᠷᠬᠤ

ᠰᠠᠯᠠᠭ᠎ᠠ ᠮᠥᠴᠢᠷ᠂ ᠳᠠᠪᠬᠤᠷ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠶᠢᠭᠤᠯᠤᠭᠰᠠᠨ ᠴᠣᠩᠬᠤ ᠵᠢᠴᠢ ᠣᠷᠣᠵᠤ

ᠰᠠᠭᠤᠭᠰᠠᠨ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠤᠨ ᠵᠢᠷᠤᠮᠵᠢᠯ᠂

ᠬᠠᠮᠢᠶᠠᠷᠤᠯᠲᠠ ᠪᠠ ᠬᠢᠨᠠᠯᠲᠠ ᠲᠠᠯᠪᠢᠯᠲᠠ ᠶᠢ ᠴᠢᠩᠭᠠᠳᠬᠠᠨ᠎ᠠ︔

    ︵3︶ ᠪᠥᠬᠦ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ

ᠦᠢᠯᠡᠴᠢᠯᠡᠭᠡᠨ ᠤ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ

ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃

    31᠂ ᠠᠶᠢᠮᠠᠭ ᠤᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ

    ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠬᠢᠭᠤᠯᠬᠤ᠂ ᠪᠦᠬᠦ ᠤᠯᠤᠰ ᠤᠨ ᠡᠯ᠎ᠡ ᠭᠠᠵᠠᠷ ᠯᠤᠭ᠎ᠠ ᠶᠢᠨ

ᠬᠠᠮᠲᠤᠷᠠᠯᠴᠠᠭ᠎ᠠ ᠰᠣᠯᠢᠯᠴᠠᠭ᠎ᠠ ᠵᠡᠷᠭᠡ ᠠᠵᠢᠯ ᠤᠨ ᠳᠤᠮᠳᠠ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠨ᠎ᠠ᠃

    32᠂ ᠠᠷᠠᠳ ᠤᠨ ᠪᠠᠩᠬᠢ ᠶᠢᠨ ᠬᠢᠩᠭᠠᠨ ᠠᠶᠢᠮᠠᠭ ᠤᠨ ᠲᠥᠪ ᠰᠠᠯᠪᠤᠷᠢ ᠪᠠᠩᠬᠢ

    ︵1︶ ᠡᠯ᠎ᠡ ᠬᠤᠳᠠᠯᠳᠤᠭᠠᠨ ᠤ ᠪᠠᠩᠬᠢ ᠶᠢ ᠵᠣᠬᠢᠴᠠᠭᠤᠯᠵᠤ ᠪᠠᠶᠢᠭᠠᠳ ᠦᠨᠳᠦᠰᠦᠲᠡᠨ ᠤ ᠬᠡᠷᠡᠭᠰᠡᠯ ᠤᠨ

ᠲᠣᠭᠲᠠᠭᠰᠠᠨ ᠴᠢᠭ ᠪᠦᠬᠦᠢ ᠦᠢᠯᠡᠳᠪᠦᠷᠢᠯᠡᠬᠦ ᠠᠵᠤ ᠠᠬᠤᠶᠢᠯᠠᠯ᠂ ᠦᠨᠳᠦᠰᠦᠲᠡᠨ ᠤ ᠠᠷᠠᠯᠵᠢᠶ᠎ᠠ ᠪᠠ

ᠦᠨᠳᠦᠰᠦᠲᠡᠨ ᠤ ᠭᠠᠵᠠᠷ ᠣᠷᠣᠨ ᠤ ᠶᠠᠳᠠᠭᠤ ᠶᠢ ᠲᠡᠳᠬᠦᠬᠦ ᠲᠤᠰᠬᠠᠶ ᠵᠦᠢᠯ ᠤᠨ ᠵᠢᠭᠡᠯᠡᠯᠭᠡ ᠶᠢᠨ ᠭᠦᠢᠴᠡᠳᠬᠡᠯ

ᠲᠤᠭ᠎ᠠ ᠶᠢ ᠨᠠᠶᠢᠳᠠᠪᠤᠷᠢᠵᠢᠭᠤᠯᠤᠨ᠎ᠠ︔

    ︵2︶ ᠤᠯᠤᠰ ᠠᠴᠠ ᠦᠨᠳᠦᠰᠦᠲᠡᠨ ᠤ ᠠᠷᠠᠯᠵᠢᠶ᠎ᠠ ᠶᠢᠨ ᠠᠵᠤ ᠠᠬᠤᠶᠢᠯᠠᠯ ᠪᠠ ᠦᠨᠳᠦᠰᠦᠲᠡᠨ ᠤ ᠣᠨᠴᠠ

ᠬᠡᠷᠡᠭᠴᠡᠭᠡᠲᠦ ᠲᠠᠸᠠᠷ ᠤᠨ ᠦᠢᠯᠡᠳᠪᠦᠷᠢᠯᠡᠯ ᠤᠨ ᠠᠵᠤ ᠠᠬᠤᠶᠢᠯᠠᠯ ᠳᠤ ᠬᠡᠷᠡᠭᠵᠢᠭᠦᠯᠦᠭᠰᠡᠨ ᠵᠢᠭᠡᠯᠡᠯᠭᠡ ᠶᠢᠨ ᠳᠠᠮ

ᠬᠦᠦ᠂ ᠭᠦᠢᠯᠭᠡᠭᠡᠨ ᠤ ᠪᠡᠯᠡ ᠮᠦᠩᠭᠦ ᠶᠢᠨ ᠵᠢᠭᠡᠯᠡᠯᠭᠡ ᠶᠢᠨ ᠬᠠᠷᠠᠭᠠᠯᠵᠠᠬᠤ ᠬᠦᠦ ᠶᠢᠨ ᠨᠣᠷᠮ᠎ᠠ ᠵᠡᠷᠭᠡ ᠲᠥᠷᠥ ᠶᠢᠨ

ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ︔

    ︵3︶ ᠠᠷᠠᠳ ᠤᠨ ᠪᠠᠩᠬᠢ ᠶᠢᠨ ᠬᠢᠩᠭᠠᠨ ᠠᠶᠢᠮᠠᠭ ᠤᠨ ᠲᠥᠪ ᠰᠠᠯᠪᠤᠷᠢ ᠪᠠᠩᠬᠢ ᠶᠢᠨ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ

ᠪᠠᠶᠢᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠠ᠃

    33. ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ

    ︵1︶ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠳᠤ ᠴᠢᠭᠯᠡᠭᠦᠯᠦᠨ᠂ ᠬᠤᠯᠪᠣᠭᠳᠠᠯ ᠪᠦᠬᠦᠢ ᠤᠯᠤᠰ ᠤᠨ

ᠬᠠᠤᠯᠢ ᠴᠠᠭᠠᠵᠠ ᠪᠠ ᠲᠦᠷᠦ ᠶᠢᠨ ᠪᠤᠳᠤᠯᠭ᠎ᠠ ᠶᠢ ᠤᠬᠠᠭᠤᠯᠤᠨ᠎ᠠ᠃

    ︵2︶ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠤᠨ ᠲᠣᠭᠲᠠᠭᠠᠯ ᠶᠣᠰᠣᠭᠠᠷ᠂

ᠬᠠᠷᠢᠭᠤᠴᠠᠯᠭᠠᠲᠤ ᠭᠠᠵᠠᠷ ᠣᠷᠣᠨ᠂ ᠠᠵᠢᠯ ᠶᠠᠪᠤᠳᠠᠯ ᠤᠨ ᠡᠷᠬᠡ ᠶᠢᠨ ᠰᠠᠯᠠᠭ᠎ᠠ ᠮᠥᠴᠢᠷ ᠲᠤ ᠵᠠᠬᠢᠳᠠᠯ

ᠰᠤᠷᠪᠤᠯᠵᠢᠯᠠᠭ᠎ᠠ ᠶᠢᠨ ᠵᠦᠢᠯᠡᠰ ᠢ ᠴᠠᠭ ᠲᠤᠬᠠᠶ ᠳᠤᠨᠢ ᠰᠢᠯᠵᠢᠭᠦᠯᠦᠨ ᠥᠭᠴᠦ᠂ ᠲᠤᠰᠢᠶᠠᠨ ᠰᠢᠢᠳᠪᠦᠷᠢᠯᠡᠭᠦᠯᠦᠨ᠎ᠡ︔

    ︵3︶ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ

ᠲᠣᠬᠢᠲᠠᠢ ᠵᠣᠬᠢᠴᠠᠭᠤᠯᠤᠨ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠵᠠᠬᠢᠳᠠᠯ ᠰᠣᠷᠪᠤᠯᠵᠢᠯᠠᠭ᠎ᠠ ᠶᠢᠨ ᠣᠯᠠᠨ

ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠪᠦᠲᠦᠮᠵᠢᠲᠡᠢ ᠰᠢᠢᠳᠪᠦᠷᠢᠯᠡᠬᠦ ᠶᠢ ᠦᠨᠡᠨ ᠬᠦ ᠪᠠᠲᠤᠯᠠᠨ᠎ᠠ᠃

    34 ᠠᠶᠢᠮᠠᠭ ᠤᠨ ᠠᠵᠢᠯᠴᠢᠨ ᠤ ᠡᠪᠯᠡᠯ

    ︵1︶ ᠠᠵᠢᠯᠲᠠᠨ ᠠᠵᠢᠯᠴᠢᠨ ᠤ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠪᠠᠬᠢ ᠪᠤᠢ ᠪᠣᠯᠭᠠᠬᠤ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ︽ᠭᠤᠷᠪᠠᠨ

ᠰᠠᠯᠵᠤ ᠴᠢᠳᠠᠬᠤ ᠦᠭᠡᠢ︾᠂ ︽ᠲᠠᠪᠤᠨ ᠬᠠᠮᠲᠤ ᠶᠢᠨ ᠲᠠᠨᠢᠯᠲᠠ︾ ᠶᠢᠨ ᠬᠥᠮᠦᠵᠢᠯ ᠢ ᠤᠯᠠᠮ ᠨᠢᠭᠡ ᠠᠯᠬᠤᠮ

ᠭᠦᠨᠵᠡᠭᠡᠶᠢᠷᠡᠭᠦᠯᠦᠨ᠎ᠡ᠃

    ︵2︶ ᠦᠨᠳᠦᠰᠦᠲᠡᠨ ᠨᠦᠭᠦᠳ ᠤᠨ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ

ᠬᠠᠮᠠᠭᠠᠯᠠᠵᠤ᠂ ᠦᠨᠳᠦᠰᠦᠲᠡᠨ ᠨᠦᠭᠦᠳ ᠤᠨ ᠠᠵᠢᠯᠲᠠᠨ ᠠᠵᠢᠯᠴᠢᠨ ᠳᠤ ᠦᠨᠡᠨ ᠰᠡᠳᠬᠢᠯ ᠠᠴᠠ ᠪᠠᠨ ᠦᠢᠯᠡᠴᠢᠯᠡᠨ᠎ᠡ᠃

    ︵3︶ ᠬᠦᠴᠢᠷᠳᠡᠯᠲᠡᠶ ᠠᠵᠢᠯᠲᠠᠨ ᠠᠵᠢᠯᠴᠢᠨ ᠢ ᠡᠷᠭᠢᠨ ᠦᠵᠡᠬᠦ ᠪᠠ ᠲᠣᠬᠤᠨᠢᠭᠤᠯᠵᠤ᠂ ᠡᠯ᠎ᠡ

ᠦᠨᠳᠦᠰᠦᠲᠡᠨ ᠤ ᠠᠵᠢᠯᠲᠠᠨ ᠠᠵᠢᠯᠴᠢᠨ ᠳᠤ ᠰᠠᠶᠢᠨ ᠶᠠᠪᠤᠳᠠᠯ᠂ ᠪᠣᠳᠠᠲᠤ ᠶᠠᠪᠤᠳᠠᠯ ᠬᠢᠵᠦ᠂ ᠲᠡᠳᠡᠨ ᠳᠤ ᠵᠣᠬᠢᠶᠠᠨ

ᠪᠠᠶᠢᠭᠤᠯᠤᠯᠲᠠ ᠶᠢᠨ ᠬᠠᠯᠠᠮᠵᠢᠯᠠᠯ ᠪᠠ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠬᠦᠷᠲᠡᠭᠡᠬᠦ ᠬᠡᠷᠡᠭᠲᠡᠶ᠃

    35 ᠡᠪ ᠬᠠᠮᠲᠦ ᠵᠠᠯᠠᠭᠤᠴᠤᠳ ᠤᠨ ᠡᠪᠯᠡᠯ ᠤᠨ ᠠᠶᠢᠮᠠᠭ ᠤᠨ ᠬᠤᠷᠢᠶ᠎ᠠ

    ︵1︶ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠦᠵᠡᠯ ᠰᠠᠨᠠᠭᠠᠨ ᠤ ᠬᠥᠳᠡᠯᠦᠯ ᠪᠠᠶᠢᠳᠠᠯ

ᠪᠠ ᠵᠠᠯᠠᠭᠤᠴᠤᠳ ᠪᠠᠭᠠᠴᠤᠳ ᠤᠨ ᠠᠵᠢᠯ ᠤᠨ ᠪᠠᠶᠢᠳᠠᠯ ᠢ ᠪᠠᠶᠢᠴᠠᠭᠠᠵᠤ᠂ ᠵᠠᠯᠠᠭᠤᠴᠤᠳ ᠪᠠᠭᠠᠴᠤᠳ ᠤᠨ ᠠᠵᠢᠯ ᠤᠨ

ᠣᠨᠣᠯ ᠪᠠ ᠦᠵᠡᠯ ᠰᠠᠨᠠᠭᠠᠨ ᠤ ᠬᠥᠮᠦᠵᠢᠯ ᠤᠨ ᠠᠰᠠᠭᠤᠳᠠᠯ ᠢ ᠰᠤᠳᠤᠯᠵᠤ᠂ ᠵᠣᠬᠢᠴᠠᠩᠭᠤᠶ ᠠᠷᠭ᠎ᠠ ᠪᠣᠳᠣᠯᠭ᠎ᠠ

ᠳᠤᠷᠠᠳᠤᠨ᠎ᠠ᠃

    ︵2︶ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ

ᠬᠢᠵᠦ᠂ ︽ᠳᠤᠮᠳᠠᠳᠤ ᠪᠠᠨ ᠬᠠᠶᠢᠷᠠᠯᠠᠬᠤ︾ ᠦᠷ᠎ᠡ ᠶᠢ ᠵᠠᠯᠠᠭᠤᠴᠤᠳ ᠪᠠᠭᠠᠴᠤᠳ ᠨᠢᠭᠡᠪᠦᠷᠢ ᠶᠢᠨ ᠰᠡᠳᠬᠢᠯ ᠤᠨ

ᠭᠦᠨ ᠳᠤ ᠪᠤᠯᠠᠨ᠎ᠠ᠃

    ︵3︶ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠵᠥᠪ

ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ

ᠦᠵᠡᠯᠲᠡ ᠲᠠᠢ ᠪᠣᠯᠭᠠᠬᠤ ᠬᠡᠷᠡᠭᠲᠡᠶ᠃

    ︵4︶ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ

ᠦᠨᠳᠦᠰᠦᠲᠡᠨ ᠤ ᠬᠠᠨᠳᠤᠰᠢ ᠪᠠ ᠢᠷᠡᠭᠡᠳᠦᠶ ᠶᠢ ᠬᠠᠷᠠᠭᠤᠯᠵᠤ᠂ ᠳᠤᠮᠳᠠᠳᠤ ᠶᠢᠨ ᠦᠨᠳᠦᠰᠦᠲᠡᠨ ᠪᠣᠯ ᠬᠤᠪᠢ

ᠵᠠᠶᠠᠭᠠᠨ ᠤ ᠬᠠᠮᠲᠤ ᠶᠢᠨ ᠴᠣᠭᠴᠠ ᠮᠥᠨ ᠭᠡᠳᠡᠭ ᠢ ᠭᠦᠨᠵᠡᠭᠡᠶ ᠲᠠᠨᠢᠭᠤᠯᠵᠤ᠂ ᠦᠨᠳᠦᠰᠦᠲᠡᠨ ᠨᠦᠭᠦᠳ ᠤᠨ

ᠵᠠᠯᠠᠭᠤᠴᠤᠳ ᠪᠠᠭᠠᠴᠤᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠎ᠠ᠃

    ︵5︶ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢᠶᠠᠨ ᠰᠣᠯᠢᠯᠴᠠᠬᠤ ᠲᠥᠯᠥᠪᠯᠡᠭᠡ ᠶᠢ

ᠢᠳᠡᠪᠬᠢᠲᠡᠢ ᠬᠡᠷᠡᠭᠵᠢᠭᠦᠯᠵᠦ᠃

    36᠂ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ

    ︵1︶ ᠮᠠᠷᠺᠰ ᠤᠨ ᠦᠵᠡᠯ ᠤᠨ ᠡᠮᠡᠭᠲᠡᠶᠢᠴᠦᠳ ᠤᠨ ᠦᠵᠡᠯᠲᠡ ᠪᠠ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ

ᠤᠯᠤᠰ ᠤᠨ ᠦᠨᠳᠦᠰᠦᠨ ᠪᠣᠳᠣᠯᠭ᠎ᠠ ᠶᠢ ᠤᠬᠠᠭᠤᠯᠵᠤ᠂ ᠦᠨᠳᠦᠰᠦᠲᠡᠨ ᠨᠦᠭᠦᠳ ᠤᠨ ᠡᠮᠡᠭᠲᠡᠶᠢᠴᠦᠳ ᠢ

ᠬᠥᠮᠦᠵᠢᠭᠦᠯᠦᠨ ᠵᠢᠯᠣᠭᠤᠳᠴᠤ ᠪᠠᠶᠢᠭᠠᠳ ᠵᠥᠪ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂

ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠲᠠᠢ ᠪᠣᠯᠭᠠᠵᠤ᠂ ︽

ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ ᠢᠲᠡᠭᠡᠬᠦ᠂ ᠪᠡᠶ᠎ᠡ ᠪᠠᠨ ᠳᠠᠭᠠᠭᠠᠬᠤ᠂ ᠥᠪᠡᠷ ᠢ ᠪᠠᠨ

ᠬᠦᠴᠦᠷᠬᠡᠭᠵᠢᠭᠦᠯᠬᠦ︾ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠡᠮᠡᠭᠲᠡᠶᠢᠴᠦᠳ

ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠦᠨᠳᠦᠰᠦᠲᠡᠨ ᠨᠦᠭᠦᠳ ᠤᠨ ᠡᠮᠡᠭᠲᠡᠶᠢᠴᠦᠳ ᠤᠨ

ᠭᠡᠷ ᠪᠦᠯᠢ ᠶᠢᠨ ᠬᠥᠮᠦᠵᠢᠯ ᠤᠨ ᠲᠦᠪᠰᠢᠨ ᠢ ᠳᠡᠭᠡᠭᠰᠢᠯᠡᠭᠦᠯᠦᠨ᠎ᠡ︔

    ︵2︶ ᠦᠨᠳᠦᠰᠦᠲᠡᠨ ᠨᠦᠭᠦᠳ ᠤᠨ ᠡᠮᠡᠭᠲᠡᠶᠢᠴᠦᠳ ᠲᠤ ᠬᠢᠬᠦ ᠰᠢᠨᠵᠢᠯᠡᠬᠦ ᠤᠬᠠᠭᠠᠨ ᠰᠣᠶᠣᠯ ᠵᠢᠴᠢ

ᠦᠢᠯᠡᠳᠪᠦᠷᠢᠯᠡᠯ ᠬᠥᠳᠡᠯᠮᠦᠷᠢ ᠶᠢᠨ ᠮᠡᠷᠭᠡᠵᠢᠯ ᠤᠨ ᠴᠢᠳᠠᠪᠤᠷᠢ ᠶᠢᠨ ᠬᠥᠮᠦᠵᠢᠯ ᠢ ᠢᠳᠡᠪᠬᠢᠲᠡᠶ ᠪᠠᠷ ᠲᠦᠯᠬᠢᠨ

ᠠᠬᠢᠭᠤᠯᠬᠤ ᠪᠠ ᠥᠷᠨᠢᠭᠦᠯᠵᠦ᠂ ᠡᠮᠡᠭᠲᠡᠶᠢᠴᠦᠳ ᠤᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ︔

    ︵3︶ ᠡᠮᠡᠭᠲᠡᠶᠢᠴᠦᠳ ᠬᠡᠦᠬᠡᠳ ᠲᠤ ᠬᠤᠯᠪᠣᠭᠳᠠᠬᠤ ᠬᠠᠤᠯᠢ ᠴᠠᠭᠠᠵᠠ ᠪᠠ ᠬᠠᠤᠯᠢ ᠲᠣᠭᠲᠠᠭᠠᠯ ᠤᠨ

ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠡᠮᠡᠭᠲᠡᠶᠢᠴᠦᠳ ᠬᠡᠦᠬᠡᠳ ᠢ

ᠭᠠᠳᠠᠭᠤᠷᠴᠢᠯᠠᠬᠤ᠂ ᠬᠠᠯᠳᠠᠬᠤ ᠶᠢ ᠡᠰᠡᠷᠭᠦᠴᠡᠵᠦ᠂ ᠦᠨᠳᠦᠰᠦᠨ ᠱᠠᠲᠤᠨ ᠤ ᠴᠥᠭᠡᠨ ᠲᠣᠭᠠᠲᠤ ᠦᠨᠳᠦᠰᠦᠲᠡᠨ ᠤ

ᠪᠡᠯᠡᠳᠬᠡᠯ ᠡᠮᠡᠭᠲᠡᠶ ᠺᠠᠳ᠋ᠷ ᠢ ᠬᠥᠮᠦᠵᠢᠭᠦᠯᠬᠦ᠂ ᠲᠠᠨᠢᠯᠴᠠᠭᠤᠯᠬᠤ ᠠᠵᠢᠯ ᠢ ᠰᠠᠶᠢᠲᠤᠷ ᠬᠢᠨ᠎ᠠ︔

    ︵4︶ ︽ᠬᠠᠮᠤᠭ ᠤᠨ ᠭᠤᠶᠣ ᠠᠨᠠᠷ ᠤᠨ ᠦᠷ᠎ᠡ ᠶᠢᠨ ᠭᠡᠷ ᠪᠦᠯᠢ︾ ᠶᠢ ᠰᠢᠯᠭᠠᠷᠠᠭᠤᠯᠬᠤ᠂ ᠨᠡᠷᠡᠶᠢᠳᠬᠦ

ᠠᠵᠢᠯ ᠢ ᠬᠠᠮᠲᠤᠷᠠᠨ ᠰᠠᠶᠢᠲᠤᠷ ᠬᠢᠨ᠎ᠡ᠃

    ᠭᠤᠷᠪᠠ᠂ ᠬᠠᠮᠢᠶ᠎ᠠ ᠪᠦᠬᠦᠢ ᠠᠵᠢᠯ ᠤᠨ ᠳᠦᠷᠢᠮ ︵ᠲᠤᠷᠰᠢᠨ ᠬᠡᠷᠡᠭᠵᠢᠭᠦᠯᠬᠦ︶

    ︵ᠨᠢᠭᠡ︶ ᠬᠠᠷᠢᠭᠤᠴᠠᠯᠭ᠎ᠠ ᠶᠢᠨ ᠳᠦᠷᠢᠮ ᠢ ᠲᠤᠳᠤᠷᠬᠠᠶᠢᠯᠠᠬᠤ

    ᠨᠢᠭᠡᠳᠦᠭᠡᠷ ᠵᠦᠶ᠋ᠯ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ

ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠲᠥᠪ ᠬᠤᠷᠢᠶ᠎ᠠ᠂

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠦᠨᠳᠦᠰᠦᠲᠡᠨ ᠤ

ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ

ᠴᠢᠬᠤᠯᠠ ᠠᠭᠤᠯᠭ᠎ᠠ ᠪᠣᠯᠭᠠᠵᠤ᠂ ᠵᠢᠯ ᠳᠤ ᠨᠠᠭᠠᠳᠤ ᠵᠠᠬ᠎ᠠ ᠳᠠᠭᠠᠨ 1 ᠤᠳᠠᠭ᠎ᠠ ᠲᠥᠪᠯᠡᠷᠡᠭᠦᠯᠦᠨ ᠰᠤᠷᠤᠯᠴᠠᠵᠤ᠂

ᠲᠤᠰᠬᠠᠶ ᠰᠡᠳᠦᠪ ᠢᠶᠠᠷ 1 ᠤᠳᠠᠭ᠎ᠠ ᠰᠤᠳᠤᠯᠤᠨ ᠶᠠᠷᠢᠯᠴᠠᠪᠠ᠃

    ᠬᠤᠶᠠᠳᠤᠭᠠᠷ ᠵᠦᠶ᠋ᠯ ︽ᠨᠢᠭᠡᠳᠦᠭᠡᠷ ᠵᠥᠪᠯᠡᠬᠦ ᠵᠦᠶ᠋ᠯ︾ ᠤᠨ ᠲᠦᠷᠢᠮ ᠢ ᠬᠡᠷᠡᠭᠵᠢᠭᠦᠯᠵᠦ᠂ ᠲᠡᠷᠡ ᠳᠠᠷᠤᠶ ᠳᠤᠨᠢ

ᠨᠠᠮ ᠤᠨ ᠬᠤᠷᠢᠶᠠᠨ ᠤ ᠬᠤᠷᠠᠯ᠂ ᠣᠨᠣᠯ ᠤᠨ ᠭᠤᠤᠯ ᠳᠤᠭᠤᠶᠢᠯᠠᠩ ᠤᠨ ᠰᠤᠷᠤᠯᠴᠠᠵᠤ ᠰᠤᠳᠤᠯᠤᠨ ᠶᠠᠷᠢᠯᠴᠠᠬᠤ

ᠬᠤᠷᠠᠯ ᠬᠤᠷᠠᠯᠳᠤᠭᠤᠯᠵᠤ᠂ ᠨᠠᠮ ᠤᠨ ᠬᠤᠷᠢᠶ᠎ᠠ ᠠᠴᠠ ᠦᠨᠳᠦᠰᠦᠲᠡᠨ ᠤ ᠠᠵᠢᠯ ᠳᠤ ᠭᠤᠤᠯ ᠴᠣᠭᠴᠠ ᠶᠢᠨ

ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ

ᠱᠦᠵᠢ ᠪᠣᠯ ᠨᠢᠭᠡᠳᠦᠭᠡᠷ ᠬᠠᠷᠢᠭᠤᠴᠠᠯᠭᠠᠲᠠᠨ ᠮᠥᠨ᠂ ᠦᠨᠳᠦᠰᠦᠲᠡᠨ ᠤ ᠠᠵᠢᠯ ᠢ ᠲᠦᠷᠦᠭᠦᠯᠡᠨ ᠠᠳᠬᠤᠵᠤ᠂ ᠳᠡᠳ᠋

ᠲᠤᠰᠢᠶᠠᠯᠲᠠᠨ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠤᠰᠢᠶᠠᠯᠲᠠᠨ ᠨᠢ ᠦᠨᠳᠦᠰᠦᠲᠡᠨ ᠤ ᠠᠵᠢᠯ ᠢ ᠬᠠᠪᠰᠤᠷᠤᠨ

ᠰᠠᠶᠢᠲᠤᠷ ᠠᠳᠬᠤᠨ᠎ᠠ᠃

    ᠭᠤᠷᠪᠠᠳᠤᠭᠠᠷ ᠵᠦᠶ᠋ᠯ ᠡᠯ᠎ᠡ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠨᠢᠭᠡᠴᠢ ᠶᠢᠨ ᠨᠠᠮ ᠤᠨ

ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠦᠨᠳᠦᠰᠦᠲᠡᠨ ᠤ ᠠᠵᠢᠯ ᠤᠨ ᠭᠤᠤᠯ ᠴᠣᠭᠴᠠ ᠶᠢᠨ

ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠦᠨᠳᠦᠰᠦᠲᠡᠨ ᠤ ᠠᠵᠢᠯ ᠢ ᠲᠣᠰ ᠰᠠᠯᠠᠭ᠎ᠠ ᠮᠥᠴᠢᠷ ᠤᠨ ᠢᠶᠠᠨ

ᠲᠤᠬᠠᠶᠢᠯᠠᠭᠰᠠᠨ ᠠᠵᠢᠯ ᠲᠠᠢ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠵᠤ᠂ ᠬᠠᠮᠲᠤ ᠳᠤᠨᠢ

ᠬᠢᠨᠠᠯᠲᠠ ᠲᠠᠯᠪᠢᠵᠤ᠂ ᠬᠠᠮᠲᠤ ᠳᠤᠨᠢ ᠬᠢᠨᠠᠨ ᠰᠢᠯᠭᠠᠨ᠎ᠠ᠃ ᠦᠨᠳᠦᠰᠦᠲᠡᠨ ᠤ ᠠᠵᠢᠯ ᠢ ᠵᠢᠯ ᠪᠦᠷᠢ ᠠᠳᠠᠭ ᠲᠠᠭᠠᠨ

ᠬᠤᠶᠠᠷ ᠤᠳᠠᠭ᠎ᠠ ᠲᠤᠰᠬᠠᠶ ᠰᠡᠳᠦᠪ ᠢᠶᠠᠷ ᠰᠤᠳᠤᠯᠤᠨ᠎ᠠ᠃

    ᠳᠥᠷᠪᠡᠳᠦᠭᠡᠷ ᠵᠦᠢᠯ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯ ᠢ

ᠴᠢᠬᠤᠯᠠ ᠠᠴᠠ ᠴᠢᠬᠤᠯᠠ ᠪᠠᠶᠢᠷᠢᠨ ᠳᠤ ᠲᠠᠯᠪᠢᠵᠤ᠂ ︽ᠭᠤᠷᠪᠠ ᠶᠢ ᠲᠦᠷᠦᠭᠦᠯᠡᠨ ᠬᠢᠵᠦ᠂ ᠵᠢᠷᠭᠤᠭ᠎ᠠ ᠶᠢ

ᠣᠷᠣᠭᠤᠯᠬᠤ︾ ᠶᠢ ᠪᠡᠶᠡᠯᠡᠭᠦᠯᠬᠦ ᠬᠡᠷᠡᠭᠲᠡᠢ᠂ ᠲᠤᠬᠠᠶᠢᠯᠠᠪᠠᠯ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ

ᠺᠠᠳ᠋ᠷ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢ ᠲᠦᠷᠦᠭᠦᠯᠡᠨ ᠰᠤᠷᠤᠯᠴᠠᠵᠤ᠂ ᠲᠦᠷᠦᠭᠦᠯᠡᠨ ᠴᠢᠬᠤᠯᠠ

ᠠᠵᠢᠯᠯᠠᠭ᠎ᠠ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢ ᠬᠥᠮᠦᠰ ᠲᠤ ᠥᠷᠭᠡᠨ ᠢᠶᠠᠷ

ᠲᠤᠰᠢᠶᠠᠬᠤ ᠬᠡᠷᠡᠭᠲᠡᠢ︔ ᠦᠨᠳᠦᠰᠦᠲᠡᠨ ᠤ ᠠᠵᠢᠯ ᠢ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶

 ᠶᠢᠨ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠤᠨᠤᠯ ᠤᠨ ᠭᠤᠣᠯ ᠳᠤᠭᠤᠶᠢᠯᠠᠩ ᠤᠨ

ᠰᠤᠷᠤᠯᠴᠠᠬᠤ ᠴᠢᠬᠤᠯᠠ ᠠᠭᠤᠯᠭ᠎ᠠ ᠳᠤ ᠣᠷᠣᠭᠤᠯᠵᠤ᠂ ᠺᠠᠳ᠋ᠷ ᠤᠨ ᠬᠥᠮᠦᠵᠢᠯ᠂ ᠤᠯᠤᠰ ᠠᠷᠠᠳ ᠤᠨ ᠬᠥᠮᠦᠵᠢᠯ᠂

ᠨᠡᠶᠢᠭᠡᠮ ᠤᠨ ᠬᠥᠮᠦᠵᠢᠯ ᠤᠨ ᠪᠦᠬᠦ ᠶᠠᠪᠤᠴᠠ ᠳᠤ ᠣᠷᠣᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠤᠯᠤᠰ

ᠲᠦᠷᠦ ᠶᠢᠨ ᠪᠠᠶᠢᠴᠠᠭᠠᠯᠲᠠ ᠪᠠ ᠰᠠᠯᠠᠭ᠎ᠠ ᠮᠥᠴᠢᠷ ᠤᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠳᠤ ᠣᠷᠣᠭᠤᠯᠵᠤ᠂

ᠡᠯ᠎ᠡ ᠱᠠᠲᠤᠨ ᠤ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠳᠤ ᠣᠷᠣᠭᠤᠯᠵᠤ᠂ ᠡᠯ᠎ᠡ ᠱᠠᠲᠤᠨ ᠤ ᠡᠳ᠋ ᠤᠨ

ᠵᠠᠰᠠᠭ ᠤᠨ ᠲᠥᠰᠦᠪ ᠲᠤ ᠣᠷᠣᠭᠤᠯᠬᠤ ᠬᠡᠷᠡᠭᠲᠡᠢ᠃

    ᠲᠠᠪᠤᠳᠤᠭᠠᠷ ᠵᠦᠢᠯ ᠡᠯ᠎ᠡ ᠭᠡᠰᠢᠭᠦᠨ ᠨᠢᠭᠡᠴᠡ ᠨᠢ ᠨᠢᠭᠡ ᠬᠠᠷᠢᠭᠤᠴᠠᠯᠭᠠᠲᠠᠨ ᠲᠠᠢ ᠠᠶᠢᠮᠠᠭ ᠤᠨ ᠦᠨᠳᠦᠰᠦᠲᠡᠨ ᠤ

ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠢ ᠲᠣᠭᠲᠠᠭᠠᠵᠤ᠂ ᠡᠭᠦᠨ ᠤ ᠬᠠᠮᠲᠤ ᠦᠨᠳᠦᠰᠦᠲᠡᠨ ᠤ ᠠᠵᠢᠯ ᠤᠨ

ᠬᠠᠷᠢᠯᠴᠠᠭ᠎ᠠ ᠨᠢ ᠨᠡᠯᠢᠶᠡᠳ ᠨᠢᠭᠲᠠ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠢ

ᠬᠤᠯᠪᠣᠭᠠᠴᠢᠨ ᠪᠣᠯᠭᠠᠵᠤ᠂ ᠭᠡᠰᠢᠭᠦᠳ ᠢ ᠬᠠᠪᠰᠤᠷᠤᠨ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠲᠠᠢ

ᠬᠠᠷᠢᠯᠴᠠᠵᠤ᠂ ᠭᠡᠰᠢᠭᠦᠨ ᠨᠢᠭᠡᠴᠢ ᠪᠣᠯᠤᠨ ᠲᠤᠰᠢᠶᠠᠯ ᠬᠠᠪᠰᠤᠷᠭᠠᠭᠰᠠᠨ ᠭᠡᠰᠢᠭᠦᠨ ᠤ ᠡᠭᠦᠷᠭᠡ ᠬᠠᠷᠢᠭᠤᠴᠠᠯᠭ᠎ᠠ ᠶᠢᠨ

ᠬᠡᠪᠴᠢᠶᠡᠨ ᠳᠣᠲᠣᠷᠠᠬᠢ ᠠᠵᠢᠯ ᠢ ᠨᠠᠶᠢᠳᠠᠪᠤᠷᠢᠵᠢᠭᠤᠯᠬᠤ ᠶᠢ ᠬᠠᠷᠢᠭᠤᠴᠠᠭᠤᠯᠤᠨ᠎ᠠ᠃ ᠲᠤᠰᠢᠶᠠᠯ ᠬᠠᠪᠰᠤᠷᠭᠠᠭᠰᠠᠨ

ᠭᠡᠰᠢᠭᠦᠨ ᠪᠠ ᠬᠤᠯᠪᠣᠭᠠᠴᠢᠨ ᠬᠡᠷᠪᠡ ᠠᠵᠢᠯ ᠤᠨ ᠬᠤᠪᠢᠷᠠᠯᠲᠠ ᠭᠠᠷᠪᠠᠯ ᠪᠠᠶᠢᠭ᠎ᠠ ᠨᠢᠭᠡᠴᠡ ᠠᠴᠠ ᠨᠢ ᠲᠣᠬᠢᠷᠠᠭᠤᠯᠬᠤ

ᠰᠠᠨᠠᠯ ᠳᠤᠷᠠᠳᠴᠤ᠂ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠤ ᠮᠡᠳᠡᠭᠦᠯᠦᠨ ᠳᠠᠩᠰᠠᠯᠠᠭᠤᠯᠤᠨ᠎ᠠ᠃

    ᠵᠢᠷᠭᠤᠳᠤᠭᠠᠷ ᠵᠦᠢᠯ ᠵᠢᠯ ᠤᠨ ᠳᠣᠲᠣᠷ᠎ᠠ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠨᠠᠮ ᠤᠨ ᠬᠤᠷᠢᠶ᠎ᠠ ︵

ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠴᠣᠭᠴᠠᠯᠠᠬᠤ ᠲᠤᠰᠬᠠᠶ ᠰᠡᠳᠦᠪᠲᠦ ᠨᠠᠮ ᠤᠨ ᠬᠢᠴᠢᠶᠡᠯ ᠤᠨ ᠠᠵᠢᠯᠯᠠᠭ᠎ᠠ ᠶᠢ ᠥᠷᠨᠢᠭᠦᠯᠦᠨ᠎ᠡ᠃

    ︵ᠬᠤᠶᠠᠷ︶ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠳᠦᠷᠢᠮ

    ᠨᠢᠭᠡᠳᠦᠭᠡᠷ ᠵᠦᠶ᠋ᠯ ᠡᠯ᠎ᠡ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠨᠢᠭᠡᠴᠡ ᠶᠢᠨ ᠨᠠᠮ ᠤᠨ

ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠢᠴᠢᠭ ᠤᠨ ᠬᠡᠯᠪᠡᠷᠢ ᠪᠠᠷ ᠠᠶᠢᠮᠠᠭ ᠤᠨ ᠨᠠᠮ ᠤᠨ ᠬᠤᠷᠢᠶ᠎ᠠ᠂

ᠵᠠᠬᠢᠷᠭ᠎ᠠ ᠳᠤ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠤᠭᠰᠠᠨ ᠪᠠᠶᠢᠳᠠᠯ ᠢ ᠬᠠᠭᠠᠰ ᠵᠢᠯ ᠳᠤ ᠨᠢᠭᠡ

ᠤᠳᠠᠭ᠎ᠠ ᠲᠤᠰᠬᠠᠶ ᠰᠡᠳᠦᠪ ᠢᠶᠠᠷ ᠮᠡᠳᠡᠬᠦᠯᠦᠨ᠎ᠡ᠃

    ᠬᠤᠶᠠᠳᠤᠭᠠᠷ ᠵᠦᠶ᠋ᠯ ᠲᠤᠰᠬᠠᠶ ᠰᠡᠳᠦᠪᠲᠦ ᠮᠡᠳᠡᠭᠦᠯᠦᠯᠲᠡ ᠶᠢᠨ ᠭᠤᠤᠯᠳᠠᠯᠭ᠎ᠠ ᠪᠣᠯ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢᠨ ᠲᠣᠭᠤᠷᠢᠨ ᠳᠤ

ᠥᠷᠨᠢᠭᠦᠯᠦᠭᠰᠡᠨ ᠭᠤᠤᠯᠳᠠᠯᠭ᠎ᠠ ᠲᠠᠢ ᠠᠵᠢᠯ᠂ ᠠᠪᠤᠭᠰᠠᠨ ᠪᠣᠳᠠᠲᠠᠶ ᠠᠷᠭ᠎ᠠ ᠬᠡᠮᠵᠢᠶ᠎ᠡ᠂ ᠣᠯᠤᠭᠰᠠᠨ ᠠᠵᠢᠯ ᠤᠨ

ᠦᠷ᠎ᠡ ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ

ᠪᠣᠯᠤᠨ᠎ᠠ᠃

    ᠭᠤᠷᠪᠠᠳᠤᠭᠠᠷ ᠵᠦᠶ᠋ᠯ ᠲᠤᠰᠬᠠᠶ ᠰᠡᠳᠦᠪᠲᠦ ᠮᠡᠳᠡᠭᠦᠯᠦᠯᠲᠡ ᠶᠢ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ

ᠹᠷᠣᠨᠲ ᠤᠨ ᠬᠡᠯᠲᠡᠰ᠂ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠤ ᠬᠠᠭᠤᠯᠤᠨ ᠢᠯᠡᠭᠡᠨ᠎ᠡ᠃

    ᠳᠥᠷᠪᠡᠳᠦᠭᠡᠷ ᠵᠦᠢᠯ ᠦᠨᠳᠦᠰᠦᠲᠡᠨ ᠤ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠪᠤᠶᠤ ᠴᠢᠬᠤᠯᠠ

ᠬᠡᠷᠡᠭ ᠶᠠᠪᠤᠳᠠᠯ ᠳᠤ ᠡᠯ᠎ᠡ ᠭᠡᠰᠢᠭᠦᠨ ᠨᠢᠭᠡᠴᠡ ᠨᠢ ᠴᠠᠭ ᠲᠤᠬᠠᠶ ᠳᠤᠨᠢ ᠠᠶᠢᠮᠠᠭ ᠤᠨ ᠨᠠᠮ ᠤᠨ ᠬᠤᠷᠢᠶ᠎ᠠ᠂

ᠵᠠᠬᠢᠷᠭ᠎ᠠ ᠳᠤ ᠮᠡᠳᠡᠭᠦᠯᠬᠦ ᠶᠢᠨ ᠬᠠᠮᠲᠤ ᠪᠦᠲᠦᠭᠡᠯᠴᠢ ᠴᠢᠨᠠᠷᠲᠠᠶ ᠰᠠᠨᠠᠯ ᠳᠤᠷᠠᠳᠴᠤ ᠪᠣᠯᠤᠨ᠎ᠠ᠃

    ︵ᠭᠤᠷᠪᠠ︶ ᠳᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠳᠦᠷᠢᠮ

    ᠨᠢᠭᠡᠳᠦᠭᠡᠷ ᠵᠦᠢᠯ ᠲᠣᠬᠢᠷᠠᠭᠤᠯᠬᠤ ᠠᠭᠤᠯᠭ᠎ᠠ

    1. ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ

ᠬᠤᠷᠢᠶ᠎ᠠ ᠶᠢᠨ ᠬᠤᠯᠪᠣᠭᠳᠠᠯ ᠪᠥᠬᠦᠶ ᠦᠨᠳᠦᠰᠦᠲᠡᠨ ᠤ ᠠᠵᠢᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ

ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ︔

    2. ᠡᠯ᠎ᠡ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠶᠢᠨ ᠭᠡᠰᠢᠭᠦᠨ ᠨᠢᠭᠡᠴᠢ ᠶᠢᠨ ᠦᠨᠳᠦᠰᠦᠲᠡᠨ ᠤ ᠠᠵᠢᠯ ᠢ

ᠥᠷᠨᠢᠭᠦᠯᠦᠭᠰᠡᠨ ᠪᠠᠶᠢᠳᠠᠯ︔

    3᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠱᠢᠭᠦᠨ ᠪᠠᠢᠭᠤᠯᠤᠯᠭ᠎ᠠ ᠶᠢᠨ ᠦᠨᠳᠦᠰᠦᠲᠡᠨ ᠤ ᠠᠵᠢᠯ ᠢ

ᠰᠠᠢᠲᠤᠷ ᠬᠢᠬᠦ ᠲᠤᠬᠠᠢ ᠰᠠᠨᠠᠭᠤᠯᠭ᠎ᠠ ᠪᠠ ᠰᠠᠨᠠᠯ ᠢ ᠰᠣᠨᠣᠰᠴᠤ ᠦᠨᠳᠦᠰᠦᠲᠡᠨ ᠤ ᠠᠵᠢᠯ ᠤᠨ ᠳᠤᠮᠳᠠ ᠣᠷᠣᠱᠢᠵᠤ

ᠪᠠᠢᠭ᠎ᠠ ᠠᠰᠠᠭᠤᠳᠠᠯ ᠢ ᠰᠤᠳᠤᠯᠤᠨ ᠵᠣᠬᠢᠴᠠᠭᠤᠯᠵᠤ ᠱᠢᠢᠳᠪᠦᠷᠢᠯᠡᠬᠦ ᠬᠡᠷᠡᠭᠲᠡᠢ᠃

    ᠬᠤᠶᠠᠳᠤᠭᠠᠷ ᠵᠦᠢᠯ ᠲᠣᠬᠢᠷᠠᠭᠤᠯᠬᠤ ᠬᠡᠯᠪᠡᠷᠢ

    1. ᠲᠣᠬᠢᠷᠠᠭᠤᠯᠬᠤ ᠳᠤ ᠤᠯᠠᠷᠢᠯ ᠤᠨ ᠲᠣᠬᠢᠷᠠᠭᠤᠯᠤᠯᠲᠠ ᠶᠢ ᠬᠡᠷᠡᠭᠵᠢᠭᠦᠯᠵᠦ᠂ ᠪᠥᠬᠦᠳᠡ ᠬᠤᠷᠠᠯ᠂ ᠲᠤᠰᠬᠠᠶ

ᠰᠡᠳᠦᠪᠲᠦ ᠬᠤᠷᠠᠯ᠂ ᠵᠥᠪᠳᠡᠯᠴᠡᠨ ᠶᠠᠷᠢᠯᠴᠠᠬᠤ᠂ ᠪᠢᠴᠢᠭ ᠮᠠᠲ᠋ᠧᠷᠢᠶᠠᠯ ᠢ ᠵᠠᠬᠢᠳᠠᠯ ᠢᠶᠠᠷ ᠠᠰᠠᠭᠤᠬᠤ᠂ ᠬᠠᠮᠲᠤᠷᠠᠭᠰᠠᠨ

ᠪᠠᠶᠢᠴᠠᠭᠠᠨ ᠰᠤᠳᠤᠯᠤᠯᠲᠠ ᠬᠢᠬᠦ ᠪᠤᠶᠤ ᠪᠢᠴᠢᠭ ᠤᠨ ᠬᠡᠯᠪᠡᠷᠢ ᠪᠠᠷ ᠶᠠᠪᠤᠭᠳᠠᠭᠤᠯᠤᠨ᠎ᠠ᠃

    2. ᠵᠤᠬᠢᠴᠠᠭᠤᠯᠬᠤ ᠬᠤᠷᠠᠯ ᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠬᠤᠪᠢᠳᠠᠨ ᠬᠠᠮᠢᠶᠠᠷᠬᠤ

ᠤᠳᠤᠷᠢᠳᠤᠯᠭ᠎ᠠ ᠬᠤᠷᠠᠯᠳᠤᠭᠤᠯᠵᠤ᠂ ᠠᠶᠢᠮᠠᠭ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ

ᠬᠠᠷᠢᠭᠤᠴᠠᠯᠭᠠᠳᠠᠨ ᠡᠷᠬᠢᠯᠡᠨ ᠬᠤᠷᠠᠯᠳᠤᠭᠤᠯᠵᠦ ᠪᠤᠯᠤᠨ᠎ᠠ᠃

    3. ᠬᠡᠷᠪᠡ ᠴᠢᠬᠤᠯᠠ ᠶᠡᠭᠡ ᠠᠰᠠᠭᠤᠳᠠᠯ ᠲᠣᠬᠢᠶᠠᠯᠳᠤᠪᠠᠯ᠂ ᠴᠠᠭ ᠲᠤᠬᠠᠶ ᠳᠤᠨᠢ ᠲᠣᠬᠢᠷᠠᠭᠤᠯᠬᠤ ᠬᠤᠷᠠᠯ

ᠬᠤᠷᠠᠯᠳᠤᠭᠤᠯᠵᠤ ᠪᠣᠯᠤᠨ᠎ᠠ᠃

    ᠭᠤᠷᠪᠠᠳᠤᠭᠠᠷ ᠵᠦᠢᠯ ᠲᠣᠬᠢᠷᠠᠭᠤᠯᠬᠤ ᠡᠭᠦᠷᠭᠡ

    1. ᠦᠨᠳᠦᠰᠦᠲᠡᠨ ᠤ ᠠᠵᠢᠯ ᠤᠨ ᠪᠠᠶᠢᠳᠠᠯ ᠢ ᠨᠡᠪᠲᠡᠷᠡᠭᠦᠯᠵᠦ᠂ ᠦᠨᠳᠦᠰᠦᠲᠡᠨ ᠤ ᠠᠵᠢᠯ ᠤᠨ ᠪᠠᠶᠢᠳᠠᠯ ᠢ

ᠰᠣᠯᠢᠯᠴᠠᠨ᠎ᠠ᠃

    2. ᠲᠤᠰᠢᠶᠠᠯ ᠬᠠᠪᠰᠤᠷᠭᠠᠭᠰᠠᠨ ᠭᠡᠰᠢᠭᠦᠨ ᠨᠢᠭᠡᠴᠢ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠲᠤᠬᠠᠶ

ᠰᠠᠨᠠᠯ ᠪᠠ ᠰᠠᠨᠠᠭᠤᠯᠭ᠎ᠠ ᠶᠢ ᠰᠣᠨᠣᠰᠤᠨ᠎ᠠ︔

    3᠂ ᠦᠨᠳᠦᠰᠦᠲᠡᠨ ᠤ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠵᠣᠬᠢᠴᠠᠭᠤᠯᠵᠤ᠃

ᠲᠤᠰ ᠤᠯᠠᠷᠢᠯ ᠤᠨ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠢ ᠮᠡᠳᠡᠭᠡᠯᠡᠵᠦ᠂ ᠳᠠᠷᠠᠭ᠎ᠠ ᠤᠯᠠᠷᠢᠯ ᠤᠨ ᠠᠵᠢᠯ ᠤᠨ

ᠭᠤᠣᠯᠳᠠᠯᠭ᠎ᠠ ᠶᠢ ᠳᠤᠷᠠᠳᠤᠨ᠎ᠠ᠃

    ᠳᠥᠷᠪᠡᠳᠦᠭᠡᠷ ᠵᠦᠶ᠋ᠯ ᠲᠣᠬᠢᠷᠠᠭᠤᠯᠬᠤ ᠫᠷᠦᠭᠷᠡᠮ

    1. ᠬᠤᠯᠪᠣᠭᠳᠠᠯ ᠪᠦᠬᠦᠢ ᠪᠠᠶᠢᠳᠠᠯ ᠢᠶᠠᠨ ᠨᠡᠪᠲᠡᠷᠡᠭᠦᠯᠬᠦ ᠪᠠ ᠰᠣᠯᠢᠯᠴᠠᠨ᠎ᠠ᠃

    2. ᠬᠠᠮᠢᠶ᠎ᠠ ᠪᠦᠬᠦᠢ ᠠᠰᠠᠭᠤᠳᠠᠯ ᠢ ᠶᠠᠷᠢᠯᠴᠠᠨ ᠰᠤᠳᠤᠯᠤᠨ᠎ᠠ᠃

    3. ᠬᠠᠮᠢᠶ᠎ᠠ ᠪᠦᠬᠦᠢ ᠵᠦᠢᠯ ᠢ ᠲᠣᠭᠲᠠᠭᠠᠵᠤ᠂ ᠬᠤᠯᠪᠣᠭᠳᠠᠯ ᠪᠦᠬᠦᠢ ᠠᠵᠢᠯ ᠢ ᠪᠠᠶᠢᠷᠢᠯᠠᠭᠤᠯᠤᠨ᠎ᠠ᠃

    ᠲᠠᠪᠤᠳᠤᠭᠠᠷ ᠵᠦᠢᠯ ᠬᠡᠷᠡᠭᠴᠡᠭᠡ ᠪᠠᠨ ᠦᠨᠳᠦᠰᠦᠯᠡᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ

ᠬᠠᠷᠢᠭᠤᠴᠠᠯᠭᠠᠲᠠᠨ ᠢ ᠤᠷᠢᠵᠤ ᠬᠤᠷᠠᠯ ᠳᠤ ᠣᠷᠣᠯᠴᠠᠭᠤᠯᠵᠤ ᠪᠣᠯᠤᠨ᠎ᠠ᠂ ᠦᠨᠳᠦᠰᠦᠲᠡᠨ ᠤ ᠬᠡᠷᠡᠭ ᠡᠷᠬᠢᠯᠡᠬᠦ

ᠵᠥᠪᠯᠡᠯ ᠤᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠢ ᠬᠤᠷᠠᠯ ᠳᠤ

ᠰᠤᠯᠠ ᠣᠷᠣᠯᠴᠠᠭᠤᠯᠬᠤ ᠪᠠᠷ ᠲᠣᠬᠢᠷᠠᠭᠤᠯᠵᠤ ᠪᠣᠯᠤᠨ᠎ᠠ᠃

    ︵ᠲᠦᠷᠪᠡ︶ ᠲᠤᠰᠬᠠᠢ ᠲᠤᠰᠢᠶᠠᠯ ᠤᠨ ᠮᠡᠳᠡᠭᠦᠯᠦᠯᠲᠡ ᠬᠢᠬᠦ ᠳᠦᠷᠢᠮ

    ᠨᠢᠭᠡᠳᠦᠭᠡᠷ ᠵᠦᠢᠯ ᠲᠤᠰᠢᠶᠠᠯ ᠤᠨ ᠮᠡᠳᠡᠭᠦᠯᠦᠯᠲᠡ ᠬᠢᠬᠦ ᠡᠲᠡᠭᠡᠳ ᠪᠣᠯ ᠡᠯ᠎ᠡ ᠦᠨᠳᠦᠰᠦᠲᠡᠨ ᠤ ᠬᠡᠷᠡᠭ ᠡᠷᠬᠢᠯᠡᠬᠦ

ᠵᠥᠪᠯᠡᠯ ᠤᠨ ᠭᠡᠰᠢᠭᠦᠨ ᠨᠢᠭᠡᠴᠡ ᠪᠣᠯᠤᠨ᠎ᠠ᠃

    ᠬᠤᠶᠠᠳᠤᠭᠠᠷ ᠵᠦᠢᠯ ᠲᠤᠰᠢᠶᠠᠯ ᠤᠨ ᠮᠡᠳᠡᠭᠦᠯᠦᠯᠲᠡ ᠬᠢᠬᠦ ᠬᠡᠯᠪᠡᠷᠢ ᠨᠢ ᠪᠢᠴᠢᠭ ᠢᠶᠠᠷ ᠲᠤᠬᠠᠶ ᠶᠢᠨ ᠲᠠᠯᠠᠪᠠᠶ ᠳᠤ

ᠲᠤᠰᠢᠶᠠᠯ ᠤᠨ ᠮᠡᠳᠡᠭᠦᠯᠦᠯᠲᠡ ᠬᠢᠬᠦ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠤᠨ᠎ᠠ᠃

    ᠭᠤᠷᠪᠠᠳᠤᠭᠠᠷ ᠵᠦᠢᠯ ᠲᠤᠰᠢᠶᠠᠯ ᠤᠨ ᠮᠡᠳᠡᠭᠦᠯᠦᠯᠲᠡ ᠬᠢᠬᠦ ᠴᠠᠭ ᠬᠤᠭᠤᠴᠠᠭ᠎ᠠ᠃ ᠵᠢᠯ ᠳᠤ ᠬᠤᠶᠠᠷ ᠤᠳᠠᠭ᠎ᠠ

ᠶᠠᠪᠤᠭᠳᠠᠨ᠎ᠠ᠂ ᠲᠤᠬᠠᠶᠢᠯᠠᠪᠠᠯ ᠵᠢᠯ ᠪᠦᠷᠢ ᠶᠢᠨ 6 ᠰᠠᠷ᠎ᠠ ᠶᠢᠨ ᠰᠡᠭᠦᠯᠴᠢ ᠠᠴᠠ ᠡᠮᠦᠨ᠎ᠡ ᠲᠤᠰᠢᠶᠠᠯ

ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢᠶᠠᠨ ᠪᠢᠴᠢᠭ ᠤᠨ ᠬᠡᠯᠪᠡᠷᠢ ᠪᠠᠷ ᠮᠡᠳᠡᠭᠦᠯᠦᠨ ᠬᠦᠷᠭᠡᠨ᠎ᠡ︔ 12

ᠰᠠᠷ᠎ᠠ ᠶᠢᠨ ᠬᠤᠷᠢᠳ ᠢᠶᠠᠷ ᠡᠯ᠎ᠡ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠨᠢᠭᠡᠴᠡ ᠶᠢᠨ

ᠬᠠᠷᠢᠭᠤᠴᠠᠯᠭᠠᠲᠠᠨ ᠲᠤᠬᠠᠢ ᠶᠢᠨ ᠲᠠᠯᠠᠪᠤᠷ ᠲᠤ ᠲᠤᠰᠢᠶᠠᠯ ᠤᠨ ᠮᠡᠳᠡᠭᠦᠯᠦᠯᠲᠡ ᠬᠢᠨ᠎ᠡ᠃

    ᠳᠥᠷᠪᠡᠳᠦᠭᠡᠷ ᠵᠦᠶ᠋ᠯ ᠲᠤᠰᠢᠶᠠᠯ ᠤᠨ ᠮᠡᠳᠡᠭᠦᠯᠦᠯᠲᠡ ᠶᠢᠨ ᠠᠭᠤᠯᠭ᠎ᠠ᠃ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ ᠥᠷᠨᠢᠭᠦᠯᠦᠭᠰᠡᠨ ᠭᠤᠣᠯᠳᠠᠯᠭ᠎ᠠ ᠲᠠᠢ ᠠᠵᠢᠯ᠂

ᠠᠪᠤᠭᠰᠠᠨ ᠪᠣᠳᠠᠲᠠᠢ ᠠᠷᠭ᠎ᠠ ᠬᠡᠮᠵᠢᠶ᠎ᠡ᠂ ᠣᠯᠤᠭᠰᠠᠨ ᠠᠵᠢᠯ ᠤᠨ ᠦᠷ᠎ᠡ ᠪᠦᠲᠦᠮᠵᠢ᠂ ᠣᠷᠣᠰᠢᠵᠤ ᠪᠠᠶᠢᠭ᠎ᠠ

ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢᠨ ᠲᠣᠭᠤᠷᠢᠨ ᠳᠤ

ᠭᠤᠣᠯᠳᠠᠯᠭ᠎ᠠ ᠲᠠᠢ ᠪᠠᠷ ᠰᠦᠪᠡᠭᠴᠢᠯᠡᠨ᠎ᠡ᠃

    ᠲᠠᠪᠤᠳᠤᠭᠠᠷ ᠵᠦᠢᠯ ᠲᠤᠬᠠᠶ ᠶᠢᠨ ᠲᠠᠯᠠᠪᠠᠶ ᠳᠤ ᠲᠤᠰᠢᠶᠠᠯ ᠤᠨ ᠮᠡᠳᠡᠭᠦᠯᠦᠯᠲᠡ ᠬᠢᠬᠦ ᠶᠠᠪᠤᠴᠠ ᠳᠤ ᠲᠤᠬᠠᠶ ᠶᠢᠨ

ᠲᠠᠯᠠᠪᠠᠶ ᠳᠤ ᠦᠨᠡᠯᠡᠯᠲᠡ ᠬᠢᠬᠦ ᠶᠢᠨ ᠬᠠᠮᠲᠤ ᠲᠤᠰᠢᠶᠠᠯ ᠤᠨ ᠮᠡᠳᠡᠭᠦᠯᠦᠯᠲᠡ ᠬᠢᠭᠰᠡᠨ ᠪᠠᠶᠢᠳᠠᠯ ᠢᠶᠠᠨ ᠵᠠᠷᠯᠠᠨ

ᠮᠡᠳᠡᠭᠳᠡᠬᠦ ᠶᠢᠨ ᠬᠠᠮᠲᠤ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠳᠤ ᠬᠠᠭᠤᠯᠤᠨ ᠮᠡᠳᠡᠭᠦᠯᠦᠨ᠎ᠡ᠃

    ︵ᠲᠠᠪᠤ︶ ᠰᠢᠯᠭᠠᠨ ᠬᠢᠨᠠᠵᠤ ᠦᠨᠡᠯᠡᠬᠦ ᠳᠦᠷᠢᠮ

    ᠨᠢᠭᠡᠳᠦᠭᠡᠷ ᠵᠦᠢᠯ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠨᠢᠭᠡᠴᠢ ᠶᠢᠨ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠵᠢᠴᠢ ᠲᠤᠰᠢᠶᠠᠯ

ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠣᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ

ᠭᠦᠢᠴᠡᠳᠬᠡᠯ ᠲᠤᠭ᠎ᠠ ᠳᠤ ᠣᠷᠣᠭᠤᠯᠤᠨ᠎ᠠ᠃

    ᠬᠤᠶᠠᠳᠤᠭᠠᠷ ᠵᠦᠢᠯ ᠡᠳᠦᠷ ᠲᠤᠲᠤᠮ ᠤᠨ ᠬᠢᠨᠠᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ

ᠰᠠᠯᠠᠭ᠎ᠠ ᠮᠥᠴᠢᠷ ᠡᠯ᠎ᠡ ᠨᠢᠭᠡᠴᠡ ᠲᠣᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠦᠨᠳᠦᠰᠦᠲᠡᠨ ᠤ

ᠪᠦᠯᠬᠦᠮᠳᠡᠯ ᠳᠠᠪᠰᠢᠯᠲᠠ ᠶᠢᠨ ︽ᠨᠢᠭᠡ ᠭᠠᠷᠠᠭ ᠬᠤᠶᠠᠷ ᠰᠠᠷ᠎ᠠ︾ ᠶᠢᠨ ᠠᠵᠢᠯᠯᠠᠭ᠎ᠠ ᠶᠢ ᠥᠷᠨᠢᠭᠦᠯᠵᠦ ᠪᠠᠶᠢᠭ᠎ᠠ

ᠪᠠᠶᠢᠳᠠᠯ ᠢ ᠭᠤᠤᠯᠳᠠᠯᠭ᠎ᠠ ᠲᠠᠢ ᠬᠢᠨᠠᠨ ᠡᠵᠡᠮᠳᠡᠬᠦ ᠬᠡᠷᠡᠭᠲᠡᠶ᠃

ᠭᠤᠷᠪᠠᠳᠤᠭᠠᠷ ᠵᠦᠢᠯ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠬᠤᠯᠪᠣᠭᠳᠠᠯ ᠪᠦᠬᠦᠢ ᠰᠠᠯᠠᠭ᠎ᠠ

ᠮᠥᠴᠢᠷ ᠢ ᠵᠣᠬᠢᠴᠠᠭᠤᠯᠤᠨ ᠰᠢᠯᠭᠠᠨ ᠦᠨᠡᠯᠡᠬᠦ ᠳᠤᠭᠤᠶᠢᠯᠠᠩ ᠪᠠᠶᠢᠭᠤᠯᠵᠤ᠂ ᠠᠶᠢᠮᠠᠭ ᠤᠨ ᠦᠨᠳᠦᠰᠦᠲᠡᠨ ᠤ ᠬᠡᠷᠡᠭ

ᠡᠷᠬᠢᠯᠡᠬᠦ ᠵᠥᠪᠯᠡᠯ ᠤᠨ ᠭᠡᠰᠢᠭᠦᠨ ᠨᠢᠭᠡᠴᠡ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ

ᠰᠢᠯᠭᠠᠨ ᠦᠨᠡᠯᠡᠪᠡ᠃

 

 

    ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠴᠠᠬᠢᠯᠭᠠᠨ ᠬᠦᠴᠦᠨ ᠤ ᠴᠠᠬᠢᠯᠭᠠᠨ ᠤ ᠰᠠᠯᠠᠭ᠎ᠠ ᠶᠢ

2023 ᠣᠨ ᠤ 7 ᠰᠠᠷ᠎ᠠ ᠶᠢᠨ 5 ᠤ ᠡᠳᠦᠷ ᠳᠠᠷᠤᠮᠠᠯᠯᠠᠨ ᠲᠠᠷᠬᠠᠭᠠᠪᠠ

 

 

 

ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ

ᠲᠦᠷᠢᠮ ᠢ ᠳᠣᠭᠢᠷᠠᠭᠤᠯᠤᠨ ᠰᠢᠯᠢᠳᠡᠭᠵᠢᠭᠦᠯᠬᠦ ᠲᠤᠬᠠᠶ ᠮᠡᠳᠡᠭᠳᠡᠯ

 

ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ

ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄

    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ

ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠪᠠ ︽ᠬᠢᠩᠭᠠᠨ ᠠᠶᠢᠮᠠᠭ ᠤᠨ ︿ᠠᠷᠪᠠᠨ

ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢᠨ

ᠱᠠᠭᠠᠷᠳᠠᠯᠭ᠎ᠠ ᠶᠣᠰᠣᠭᠠᠷ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠠᠶᠢᠮᠠᠭ ᠤᠨ ᠵᠠᠬᠢᠷᠭ᠎ᠠ ᠶᠢᠨ

ᠰᠤᠳᠤᠯᠤᠨ ᠲᠣᠭᠲᠠᠭᠠᠬᠤ ᠪᠠᠷ ᠳᠡᠮᠵᠢᠨ᠂ ᠮᠠᠨ ᠤ ᠠᠶᠢᠮᠠᠭ ᠤᠨ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ

ᠲᠤᠰᠠᠯᠠᠬᠤ ᠲᠦᠷᠢᠮ ᠢ ᠳᠣᠭᠢᠷᠠᠭᠤᠯᠤᠨ ᠰᠢᠯᠢᠳᠡᠭᠵᠢᠭᠦᠯᠵᠦ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ

ᠮᠡᠲᠦ ᠮᠡᠳᠡᠭᠳᠡᠶ᠎ᠡ᠄

    ᠨᠢᠭᠡ᠂ ᠶᠡᠷᠦᠩᠬᠡᠶ ᠬᠠᠷᠠᠯᠲᠠ

    ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠵᠢᠴᠢ ᠬᠤᠶᠢᠰᠢᠳᠠ ᠶᠢᠨ ᠨᠢᠭᠡ ᠬᠤᠭᠤᠴᠠᠭᠠᠨ ᠳᠤ

᠂ ᠵᠡᠮᠳᠡᠭ ᠬᠡᠦᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠳᠦᠷᠢᠮ ᠤᠨ ᠰᠢᠰᠲ᠋ᠧᠮᠵᠢ ᠶᠢ ᠨᠠᠩ ᠣᠨᠣᠪᠴᠢᠲᠠᠶ

ᠲᠡᠭᠦᠯᠳᠡᠷᠵᠢᠭᠦᠯᠵᠦ᠂ ᠵᠡᠮᠳᠡᠭ ᠬᠡᠦᠬᠡᠳ ᠢ ᠡᠷᠡᠭᠦᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠵᠢᠷᠤᠮᠵᠢᠭᠰᠠᠨ

ᠪᠠᠶᠢᠭᠤᠯᠤᠯᠲᠠ ᠶᠢ ᠴᠢᠩᠭᠠᠳᠬᠠᠵᠤ᠂ ᠵᠡᠮᠳᠡᠭ ᠬᠡᠦᠬᠡᠳ ᠢ ᠡᠷᠡᠭᠦᠯᠵᠢᠭᠦᠯᠬᠦ ᠦᠢᠯᠡᠴᠢᠯᠡᠭᠡᠨ ᠤ ᠬᠠᠩᠭᠠᠯᠭ᠎ᠠ ᠶᠢᠨ

ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠦᠢᠯᠡᠴᠢᠯᠡᠭᠡᠨ ᠤ ᠶᠠᠰᠤ ᠴᠢᠨᠠᠷ ᠪᠠ ᠪᠠᠲᠤᠯᠠᠭ᠎ᠠ ᠶᠢᠨ ᠬᠢᠷᠢ

ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠵᠡᠮᠳᠡᠭ ᠬᠡᠦᠬᠡᠳ ᠢ ᠰᠢᠭᠰᠢᠨ ᠪᠠᠶᠢᠴᠠᠭᠠᠬᠤ᠂ ᠣᠨᠣᠰᠢᠯᠠᠬᠤ᠂

ᠡᠷᠡᠭᠦᠯᠵᠢᠭᠦᠯᠵᠦ ᠠᠪᠤᠷᠠᠨ ᠲᠤᠰᠠᠯᠠᠬᠤ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠵᠡᠮᠳᠡᠭ ᠬᠡᠦᠬᠡᠳ ᠢ

ᠡᠷᠡᠭᠦᠯᠵᠢᠭᠦᠯᠵᠦ ᠠᠪᠤᠷᠠᠨ ᠲᠤᠰᠠᠯᠠᠬᠤ ᠶᠢ ᠪᠡᠶᠡᠯᠡᠭᠦᠯᠬᠦ ᠬᠡᠷᠡᠭᠲᠡᠶ᠃

    ᠬᠤᠶᠠᠷ᠂ ᠪᠣᠳᠠᠲᠠᠶ ᠠᠭᠤᠯᠭ᠎ᠠ

    ︵ᠨᠢᠭᠡ︶ ᠠᠪᠤᠷᠠᠨ ᠲᠤᠰᠠᠯᠠᠬᠤ ᠡᠲᠡᠭᠡᠳ

    ᠠᠪᠤᠷᠠᠨ ᠲᠤᠰᠠᠯᠠᠬᠤ ᠡᠲᠡᠭᠡᠳ ᠨᠢ ᠬᠢᠩᠭᠠᠨ ᠠᠶᠢᠮᠠᠭ ᠤᠨ ᠡᠷᠦᠬᠡ ᠠᠮᠠ ᠲᠠᠢ ︵ᠪᠤᠶᠤ ᠬᠢᠩᠭᠠᠨ ᠠᠶᠢᠮᠠᠭ ᠤᠨ

ᠣᠷᠣᠰᠢᠨ ᠰᠠᠭᠤᠬᠤ ᠦᠨᠡᠮᠯᠡᠯ ᠲᠠᠢ︶ 0 — 10 ᠨᠠᠰᠤ ︵10 ᠪᠦᠬᠦᠯᠢ ᠨᠠᠰᠤ ᠪᠠᠭᠲᠠᠨ᠎ᠠ︶ ᠬᠠᠷᠠᠭ᠎ᠠ᠂

ᠰᠣᠨᠣᠰᠬᠤ ᠴᠢᠳᠠᠪᠤᠷᠢ᠂ ᠦᠭᠡ ᠬᠡᠯᠡ᠂ ᠮᠥᠴᠢ᠂ ᠣᠶᠤᠨ᠂ ᠣᠯᠠᠨ ᠳᠠᠪᠬᠤᠷ ᠵᠡᠮᠳᠡᠭ ᠬᠡᠦᠬᠡᠳ ᠪᠠ

ᠭᠠᠭᠴᠠᠭᠠᠷᠳᠠᠬᠤ ᠭᠡᠮ ᠲᠠᠢ ᠬᠡᠦᠬᠡᠳ ᠪᠣᠯᠤᠨ᠎ᠠ᠃

    ︵ᠬᠤᠶᠠᠷ︶ ᠦᠢᠯᠡᠴᠢᠯᠡᠭᠡᠨ ᠤ ᠲᠦᠷᠦᠯ ᠵᠦᠢᠯ ᠵᠢᠴᠢ ᠠᠪᠤᠷᠠᠨ ᠲᠤᠰᠠᠯᠠᠬᠤ ᠪᠠᠷᠢᠮᠵᠢᠶ᠎ᠠ

    ᠪᠣᠳᠠᠲᠠᠶ ᠠᠭᠤᠯᠭ᠎ᠠ ᠶᠢ ᠳᠠᠭᠠᠯᠳᠤᠭᠤᠯᠤᠯ 1

    ︵ᠭᠤᠷᠪᠠ︶ ᠲᠣᠭᠲᠠᠭᠠᠭᠰᠠᠨ ᠴᠡᠭ ᠤᠨ ᠡᠷᠡᠭᠦᠯᠵᠢᠯ ᠤᠨ ᠪᠠᠶᠢᠭᠤᠯᠤᠮᠵᠢ

    ᠲᠣᠭᠲᠠᠭᠰᠠᠨ ᠴᠡᠭ ᠤᠨ ᠡᠷᠡᠭᠦᠯᠵᠢᠯ ᠤᠨ ᠪᠠᠶᠢᠭᠤᠯᠤᠮᠵᠢ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ

ᠵᠡᠮᠳᠡᠭᠴᠦᠳ ᠤᠨ ᠬᠤᠯᠪᠣᠭᠠᠨ ᠤ ᠵᠣᠬᠢᠶᠠᠨ ᠪᠠᠶᠢᠭᠤᠯᠤᠯᠲᠠ ᠨᠢ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ

ᠬᠥᠮᠦᠵᠢᠯ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠢᠯᠡ ᠪᠠᠷ ᠰᠢᠯᠢᠳᠡᠭ ᠢ ᠨᠢ ᠰᠣᠩᠭᠤᠬᠤ

ᠵᠠᠷᠴᠢᠮ ᠢᠶᠠᠷ ᠰᠣᠩᠭᠤᠨ ᠲᠣᠭᠲᠠᠭᠠᠨ᠎ᠠ᠃

    1. ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠲᠥᠷᠥᠯ ᠵᠦᠢᠯ ᠢ ᠡᠭᠦᠷᠭᠡᠯᠡᠬᠦ ᠪᠠᠷ ᠪᠠᠶᠢᠭ᠎ᠠ

ᠪᠠᠶᠢᠭᠤᠯᠤᠮᠵᠢ ᠰᠠᠶᠢᠨ ᠳᠤᠷ᠎ᠠ ᠠᠴᠠ ᠪᠠᠨ ᠬᠠᠷᠢᠶ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠵᠡᠮᠳᠡᠭᠴᠦᠳ ᠤᠨ

ᠬᠤᠯᠪᠣᠭ᠎ᠠ ᠳᠤ ᠭᠤᠶᠤᠴᠢᠯᠠᠯ ᠭᠠᠷᠭᠠᠵᠤ᠂ ᠴᠡᠭ ᠲᠣᠭᠲᠠᠭᠠᠭᠰᠠᠨ ᠡᠷᠡᠭᠦᠯᠵᠢᠯ ᠤᠨ ᠪᠠᠶᠢᠭᠤᠯᠤᠮᠵᠢ ᠶᠢ ᠬᠤᠰᠢᠭᠤ

ᠰᠢᠶᠠᠨ ᠤ ᠱᠠᠲᠤᠨ ᠠᠴᠠ ᠳᠡᠭᠡᠭᠰᠢᠬᠢ ᠵᠡᠮᠳᠡᠭᠴᠦᠳ ᠤᠨ ᠬᠤᠯᠪᠣᠭ᠎ᠠ ᠠᠴᠠ ᠡᠷᠡᠭᠦᠯ ᠬᠠᠮᠠᠭᠠᠯᠠᠯ ᠡᠷᠡᠭᠦᠯ ᠮᠡᠨᠳᠦ᠂

ᠰᠤᠷᠭᠠᠨ ᠬᠥᠮᠦᠵᠢᠯ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠤᠯᠤᠰ᠂ ᠥᠪᠡᠷᠲᠡᠭᠡᠨ

ᠵᠠᠰᠠᠬᠤ ᠣᠷᠣᠨ ᠤ ᠵᠡᠮᠳᠡᠭ ᠬᠡᠦᠬᠡᠳ ᠢ ᠴᠢᠭ ᠲᠣᠭᠲᠠᠭᠠᠭᠰᠠᠨ ᠡᠷᠡᠭᠦᠯᠵᠢᠯ ᠤᠨ ᠪᠠᠶᠢᠭᠤᠯᠤᠮᠵᠢ ᠶᠢᠨ ᠵᠥᠪᠰᠢᠶᠡᠷᠡᠨ

ᠣᠷᠣᠭᠤᠯᠬᠤ ᠬᠤᠯᠪᠣᠭᠳᠠᠯ ᠪᠦᠬᠦᠢ ᠪᠠᠷᠢᠮᠵᠢᠶ᠎ᠠ ᠵᠡᠷᠭᠡ ᠱᠠᠭᠠᠷᠳᠠᠯᠭ᠎ᠠ ᠶᠣᠰᠣᠭᠠᠷ ᠦᠨᠡᠯᠡᠨ ᠵᠢᠱᠢᠵᠦ ᠲᠣᠭᠲᠠᠭᠠᠨ᠎ᠠ᠃

ᠵᠡᠮᠳᠡᠭᠴᠦᠳ ᠤᠨ ᠬᠤᠯᠪᠣᠭᠠᠨ ᠤ ᠵᠣᠬᠢᠶᠠᠨ ᠪᠠᠶᠢᠭᠤᠯᠤᠯᠲᠠ ᠨᠢ ᠲᠣᠭᠲᠠᠭᠰᠠᠨ ᠴᠡᠭ ᠤᠨ ᠦᠢᠯᠡᠴᠢᠯᠡᠭᠡᠨ ᠤ

ᠪᠠᠶᠢᠭᠤᠯᠤᠮᠵᠢ ᠲᠠᠢ ᠦᠢᠯᠡᠴᠢᠯᠡᠭᠡᠨ ᠤ ᠬᠡᠯᠡᠯᠴᠡᠭᠡᠷ ᠲᠣᠭᠲᠠᠵᠤ᠂ ᠬᠡᠯᠡᠯᠴᠡᠭᠡᠷ ᠤᠨ ᠬᠠᠮᠢᠶᠠᠷᠤᠯᠲᠠ ᠶᠢ ᠬᠡᠷᠡᠭᠵᠢᠭᠦᠯᠦᠨ᠂

ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠲᠠᠢ

ᠬᠠᠮᠲᠤᠷᠠᠨ ᠲᠣᠭᠲᠠᠭᠰᠠᠨ ᠴᠡᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠡᠯᠡᠯᠴᠡᠭᠡᠷ ᠢ ᠭᠦᠢᠴᠡᠳᠬᠡᠭᠰᠡᠨ

ᠪᠠᠶᠢᠳᠠᠯ ᠳᠤ ᠬᠢᠨᠠᠯᠲᠠ ᠬᠠᠮᠢᠶᠠᠷᠤᠯᠲᠠ ᠬᠢᠬᠦ ᠬᠡᠷᠡᠭᠲᠡᠶ᠃

    2 ᠵᠡᠮᠳᠡᠭ ᠬᠡᠤᠬᠡᠳ ᠤᠨ ᠲᠣᠭᠲᠠᠭᠰᠠᠨ ᠴᠡᠭ ᠤᠨ ᠡᠷᠡᠭᠦᠯᠵᠢᠯ ᠤᠨ ᠪᠠᠶᠢᠭᠤᠯᠤᠮᠵᠢ ᠨᠢ ᠳᠣᠤᠷᠠᠬᠢ ᠦᠨᠳᠦᠰᠦᠨ

ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠄

    ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ ᠰᠠᠶᠢᠨ ᠳᠤᠷ᠎ᠠ ᠠᠴᠠ ᠪᠠᠨ ᠵᠡᠮᠳᠡᠭ ᠬᠡᠦᠬᠡᠳ ᠤᠨ ᠲᠣᠭᠲᠠᠭᠰᠠᠨ

ᠴᠡᠭ ᠤᠨ ᠡᠷᠡᠭᠦᠯᠵᠢᠯ ᠤᠨ ᠪᠠᠶᠢᠭᠤᠯᠤᠮᠵᠢ ᠪᠣᠯᠬᠤ ᠪᠠᠷ ᠭᠤᠶᠤᠴᠢᠯᠠᠬᠤ ᠶᠢᠨ ᠬᠠᠮᠲᠤ ᠵᠣᠬᠢᠬᠤ ᠬᠠᠷᠢᠭᠤᠴᠠᠯᠭ᠎ᠠ ᠪᠠ

ᠡᠭᠦᠷᠭᠡ ᠶᠢ ᠭᠦᠢᠴᠡᠳᠬᠡᠵᠦ᠂ ᠬᠠᠮᠢᠶ᠎ᠠ ᠪᠦᠬᠦᠢ ᠡᠷᠡᠭᠦᠯᠵᠢᠭᠦᠯᠵᠦ ᠠᠪᠤᠷᠠᠨ ᠲᠤᠰᠠᠯᠠᠬᠤ ᠡᠭᠦᠷᠭᠡ ᠶᠢ ᠡᠭᠦᠷᠭᠡᠯᠡᠬᠦ

ᠦᠢᠯᠡᠴᠢᠯᠡᠭᠡᠨ ᠤ ᠴᠢᠳᠠᠪᠤᠷᠢ ᠶᠢ ᠪᠦᠷᠢᠯᠳᠦᠭᠦᠯᠦᠨ᠎ᠡ︔ ᠵᠡᠮᠳᠡᠭ ᠬᠡᠦᠬᠡᠳ ᠤᠨ ᠴᠢᠭ ᠲᠣᠭᠲᠠᠭᠠᠭᠰᠠᠨ ᠡᠷᠡᠭᠦᠯᠵᠢᠯ ᠤᠨ

ᠪᠠᠶᠢᠭᠤᠯᠤᠮᠵᠢ ᠶᠢᠨ ᠬᠠᠮᠢᠶ᠎ᠠ ᠪᠦᠬᠦᠢ ᠣᠷᠣᠬᠤ ᠵᠥᠪᠰᠢᠶᠡᠷᠡᠯ ᠤᠨ ᠪᠠᠷᠢᠮᠵᠢᠶ᠎ᠠ ᠳᠤ ᠨᠡᠶᠢᠴᠡᠵᠦ᠂ ᠤᠯᠤᠰ᠂

ᠥᠪᠡᠷᠲᠡᠭᠡᠨ ᠵᠠᠰᠠᠬᠤ ᠣᠷᠣᠨ ᠤ ᠣᠲᠣ ᠶᠢᠨ ᠬᠡᠷᠡᠭᠵᠢᠭᠦᠯᠵᠦ ᠪᠠᠶᠢᠭ᠎ᠠ ᠵᠡᠮᠳᠡᠭ ᠬᠡᠦᠬᠡᠳ ᠢ ᠡᠷᠡᠭᠦᠯᠵᠢᠭᠦᠯᠬᠦ

ᠪᠠᠶᠢᠭᠤᠯᠤᠮᠵᠢ ᠶᠢᠨ ᠦᠢᠯᠡᠴᠢᠯᠡᠭᠡᠨ ᠤ ᠵᠢᠷᠤᠮᠵᠢᠯ ᠪᠠ ᠦᠢᠯᠡᠴᠢᠯᠡᠭᠡᠨ ᠤ ᠪᠠᠷᠢᠮᠵᠢᠶ᠎ᠠ ᠳᠤ ᠲᠣᠭᠲᠠᠭᠠᠭᠰᠠᠨ

ᠦᠢᠯᠡᠴᠢᠯᠡᠭᠡᠨ ᠤ ᠠᠭᠤᠯᠭ᠎ᠠ᠂ ᠦᠢᠯᠡᠴᠢᠯᠡᠭᠡᠨ ᠤ ᠴᠤᠪᠤᠷᠠᠯ᠂ ᠶᠠᠰᠤ ᠴᠢᠨᠠᠷ ᠵᠡᠷᠭᠡ ᠱᠠᠭᠠᠷᠳᠠᠯᠭ᠎ᠠ ᠶᠣᠰᠣᠭᠠᠷ

ᠦᠢᠯᠡᠴᠢᠯᠡᠭᠡ ᠬᠠᠩᠭᠠᠨ᠎ᠠ᠃

    3. ᠬᠢᠨᠠᠨ ᠬᠠᠷᠭᠤᠭᠤᠯᠤᠭᠠᠳ ᠨᠥᠬᠦᠴᠡᠯ ᠳᠤ ᠨᠡᠶᠢᠴᠡᠪᠡᠯ᠂ ᠵᠡᠮᠳᠡᠭ ᠬᠡᠦᠬᠡᠳ ᠤᠨ ᠬᠢᠨᠠᠨ ᠬᠠᠮᠠᠭᠠᠯᠠᠭᠴᠢ ᠨᠢ ︵

ᠨᠠᠶᠢᠳᠠᠭᠴᠢ ᠪᠤᠶᠤ ᠨᠠᠶᠢᠳᠠᠭᠰᠠᠨ ᠪᠠᠶᠢᠭᠤᠯᠤᠮᠵᠢ︶ ᠪᠡᠶ᠎ᠡ ᠪᠠᠨ ᠳᠠᠭᠠᠭᠠᠨ ᠲᠣᠭᠲᠠᠭᠰᠠᠨ ᠴᠡᠭ ᠤᠨ ᠡᠷᠡᠭᠦᠯᠵᠢᠯ ᠤᠨ

ᠪᠠᠶᠢᠭᠤᠯᠤᠮᠵᠢ ᠶᠢ ᠰᠣᠩᠭᠤᠵᠤ ᠡᠷᠡᠭᠦᠯᠵᠢᠯ ᠤᠨ ᠦᠢᠯᠡᠴᠢᠯᠡᠭᠡ ᠬᠦᠯᠢᠶᠡᠨ᠎ᠡ᠃

    ︵ᠲᠦᠷᠪᠡ︶ ᠠᠵᠢᠯ ᠤᠨ ᠶᠠᠪᠤᠴᠠ

    ︽ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠲᠦᠷᠢᠮ ᠢ ᠪᠠᠶᠢᠭᠤᠯᠬᠤ ᠲᠤᠬᠠᠶ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵

ᠥᠪᠥᠷ ᠵᠠᠰᠠᠭ ᠲᠠᠷᠬᠠᠭᠠᠭᠰᠠᠨ ︹2018︺ 45 ᠳ᠋ᠤᠭᠠᠷ ᠲᠣᠭᠠᠲᠤ︶ ᠤᠨ ᠵᠠᠷᠴᠢᠮ ᠶᠣᠰᠣᠭᠠᠷ ᠬᠡᠷᠡᠭᠵᠢᠭᠦᠯᠵᠦ᠂

ᠵᠡᠮᠳᠡᠭ ᠬᠡᠤᠬᠡᠳ ᠤᠨ ᠬᠠᠷᠠᠭᠠᠯᠵᠠᠨ ᠬᠠᠮᠠᠭᠠᠯᠠᠭᠴᠢ ︵ᠨᠠᠶᠢᠳᠠᠭᠴᠢ ᠪᠤᠶᠤ ᠨᠠᠶᠢᠳᠠᠭᠴᠢ︶ ᠠᠴᠠ ᠵᠡᠮᠳᠡᠭ ᠬᠡᠤᠬᠡᠳ ᠤᠨ

ᠡᠷᠦᠬᠡ ᠠᠮᠠ ᠶᠢᠨ ᠪᠠᠶᠢᠭ᠎ᠠ ᠭᠠᠵᠠᠷ ︵ᠣᠷᠣᠰᠢᠨ ᠰᠠᠭᠤᠬᠤ ᠦᠨᠡᠮᠯᠡᠯ ᠣᠯᠭᠤᠬᠤ ᠭᠠᠵᠠᠷ︶ ᠤᠨ ᠬᠤᠰᠢᠭᠤ

ᠰᠢᠶᠠᠨ ᠤ ᠱᠠᠲᠤᠨ ᠤ ᠵᠡᠮᠳᠡᠭᠴᠦᠳ ᠤᠨ ᠬᠤᠯᠪᠤᠭᠠᠨ ᠤ ᠵᠣᠬᠢᠶᠠᠨ ᠪᠠᠶᠢᠭᠤᠯᠤᠯᠲᠠ ᠳᠤ ᠭᠤᠶᠤᠴᠢᠯᠠᠯ ᠭᠠᠷᠭᠠᠵᠤ᠂

ᠬᠤᠰᠢᠭᠤ ᠰᠢᠶᠠᠨ ᠤ ᠱᠠᠲᠤᠨ ᠤ ᠵᠡᠮᠳᠡᠭᠴᠦᠳ ᠤᠨ ᠬᠤᠯᠪᠤᠭᠠᠨ ᠤ ᠵᠣᠬᠢᠶᠠᠨ ᠪᠠᠶᠢᠭᠤᠯᠤᠯᠲᠠ ᠠᠴᠠ ᠬᠢᠨᠠᠨ

ᠵᠥᠪᠰᠢᠶᠡᠷᠡᠭᠦᠯᠦᠭᠰᠡᠨ ᠤ ᠳᠠᠷᠠᠭ᠎ᠠ ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠳᠤ ᠮᠡᠳᠡᠭᠦᠯᠵᠦ ᠳᠠᠩᠰᠠᠯᠠᠭᠤᠯᠬᠤ

ᠬᠡᠷᠡᠭᠲᠡᠶ᠃

    ︵ᠲᠠᠪᠤ︶ ᠵᠠᠷᠤᠳᠠᠯ ᠤᠨ ᠪᠠᠳᠤᠯᠠᠭ᠎ᠠ

    ᠲᠥᠪ᠂ ᠥᠪᠡᠷᠲᠡᠭᠡᠨ ᠵᠠᠰᠠᠬᠤ ᠣᠷᠣᠨ ᠤ ᠨᠥᠬᠦᠪᠥᠷᠢ ᠶᠢᠨ ᠪᠠᠯᠠ ᠮᠥᠩᠭᠦ ᠶᠢᠨ ᠬᠦᠷᠦᠯᠴᠡᠬᠦ ᠥᠬᠡᠶ ᠬᠡᠰᠡᠭ ᠢ

ᠠᠶᠢᠮᠠᠭ ᠤᠨ ᠱᠠᠲᠤ ᠪᠠ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 3᠄ 7 ᠶᠢᠨ

ᠬᠠᠷᠢᠴᠠᠯ ᠢᠶᠠᠷ ᠡᠳ᠋ ᠤᠨ ᠵᠠᠰᠠᠭ ᠤᠨ ᠲᠥᠰᠦᠪ ᠲᠣᠬᠢᠷᠠᠭᠤᠯᠵᠤ᠂ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ

ᠲᠤᠰᠠᠯᠠᠬᠤ ᠳᠤ ᠲᠤᠰᠬᠠᠶ ᠬᠡᠷᠡᠭᠯᠡᠨ᠎ᠡ᠃

    ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ

    ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠠᠶᠢᠮᠠᠭ ᠤᠨ ᠵᠠᠬᠢᠷᠭ᠎ᠠ ᠶᠢᠨ

ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ ᠤᠨ ᠱᠠᠭᠠᠷᠳᠠᠯᠭ᠎ᠠ ᠶᠢ ᠦᠨᠳᠦᠰᠦᠯᠡᠨ᠂

ᠲᠤᠬᠠᠶ ᠶᠢᠨ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠵᠠᠰᠠᠭ ᠵᠠᠬᠢᠷᠭᠠᠨ ᠤ ᠣᠷᠣᠨ ᠪᠦᠰᠡ ᠶᠢᠨ

ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠶᠢᠨ

ᠠᠷᠭ᠎ᠠ ᠬᠡᠮᠵᠢᠶ᠎ᠡ ᠶᠢ ᠲᠣᠭᠲᠠᠭᠠᠵᠤ ᠪᠣᠯᠤᠨ᠎ᠠ᠃ ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ᠂ ᠰᠤᠷᠭᠠᠨ

ᠬᠥᠮᠦᠵᠢᠯ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠡᠮ ᠡᠮᠨᠡᠯᠭᠡ ᠶᠢᠨ ᠳᠠᠭᠠᠳᠬᠠᠯ᠂ ᠡᠷᠡᠭᠦᠯ ᠬᠠᠮᠠᠭᠠᠯᠠᠯ

ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠢᠨᠠᠨ ᠪᠤᠳᠤᠬᠤ ᠵᠡᠷᠭᠡ

ᠰᠠᠯᠠᠭ᠎ᠠ ᠮᠥᠴᠢᠷ ᠤᠳ ︽ᠬᠢᠩᠭᠠᠨ ᠠᠶᠢᠮᠠᠭ ᠤᠨ ᠵᠠᠬᠢᠷᠭ᠎ᠠ ᠶᠢᠨ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ

ᠲᠤᠰᠠᠯᠠᠬᠤ ᠲᠦᠷᠢᠮ ᠢ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠬᠢᠩᠭᠠᠨ ᠵᠠᠬᠢᠷᠭ᠎ᠠ ᠲᠠᠷᠬᠠᠭᠠᠭᠰᠠᠨ ﹇

2019﹈ 41 ᠳ᠋ᠦ᠋ᠭᠡᠷ ᠲᠣᠭᠠᠲᠤ︶ ᠤᠨ ᠲᠣᠭᠲᠠᠭᠠᠯ ᠶᠣᠰᠣᠭᠠᠷ᠂ ᠵᠣᠬᠢᠶᠠᠨ ᠪᠠᠶᠢᠭᠤᠯᠤᠯᠲᠠ ᠶᠢᠨ

ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂

ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠤᠬᠠᠭᠤᠯᠤᠨ ᠳᠠᠶᠢᠴᠢᠯᠠᠬᠤ ᠶᠢ ᠰᠠᠶᠢᠲᠤᠷ ᠠᠳᠬᠤᠵᠤ᠂ ᠪᠥᠬᠦ

ᠠᠶᠢᠮᠠᠭ ᠤᠨ ᠵᠡᠮᠳᠡᠭ ᠬᠡᠤᠬᠡᠳ ᠢ ᠡᠷᠡᠭᠦᠯᠵᠢᠭᠦᠯᠬᠦ ᠦᠢᠯᠡᠴᠢᠯᠡᠭᠡᠨ ᠤ ᠰᠢᠰᠲ᠋ᠧᠮ ᠢ ᠬᠦᠴᠦ ᠪᠠᠨ ᠬᠠᠮᠲᠤᠳᠬᠠᠨ

ᠲᠡᠭᠦᠯᠳᠡᠷᠵᠢᠭᠦᠯᠵᠦ᠂ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ ᠤᠨ

ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠵᠤ᠂ ᠵᠡᠮᠳᠡᠭᠴᠦᠳ ᠤᠨ ᠦᠢᠯᠡᠰ ᠤᠨ ᠪᠥᠬᠦ ᠲᠠᠯ᠎ᠠ ᠶᠢᠨ ᠴᠢᠨᠠᠷ

ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠬᠠᠮᠢᠶ᠎ᠠ ᠪᠥᠬᠦᠶ

ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠭᠠᠵᠠᠷ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ

ᠬᠢᠬᠦ ᠶᠢ ᠰᠢᠮᠳᠠᠭᠤᠯᠤᠨ ᠵᠢᠯᠣᠭᠤᠳᠴᠤ᠂ ᠠᠵᠢᠯ ᠤᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ

ᠰᠤᠳᠤᠯᠤᠨ ᠰᠢᠢᠳᠪᠦᠷᠢᠯᠡᠵᠦ᠂ ᠴᠢᠬᠤᠯᠠ ᠶᠡᠭᠡ ᠪᠠᠶᠢᠳᠠᠯ ᠢ ᠠᠶᠢᠮᠠᠭ ᠤᠨ ᠵᠠᠬᠢᠷᠭ᠎ᠠ ᠳᠤ ᠮᠡᠳᠡᠭᠦᠯᠬᠦ ᠬᠡᠷᠡᠭᠲᠡᠶ᠃

    

 

    2023 ᠣᠨ ᠤ 7 ᠰᠠᠷ᠎ᠠ ᠶᠢᠨ 24 ᠤ ᠡᠳᠦᠷ

  

 

ᠭᠠᠳᠠᠨ᠎ᠠ ᠠᠴᠠ ᠬᠠᠯᠳᠠᠨ ᠣᠷᠣᠵᠤ ᠢᠷᠡᠭᠰᠡᠨ ᠠᠮᠢᠳᠤ ᠪᠣᠳᠠᠰ ᠤᠨ ᠳᠦᠷᠰᠦ ᠶᠢᠨ ᠱᠣᠷᠲᠤ ᠴᠤᠮᠤᠷᠯᠢᠭᠲᠤ ᠨᠠᠷᠠᠨ

ᠬᠤᠸᠠᠷ ᠢ ᠰᠡᠷᠭᠡᠶᠢᠯᠡᠨ ᠵᠠᠰᠠᠬᠤ ᠠᠵᠢᠯ ᠢ ᠦᠨᠡᠨ ᠬᠦ ᠰᠠᠶᠢᠲᠤᠷ ᠬᠢᠬᠦ ᠲᠤᠬᠠᠶ ᠮᠡᠳᠡᠭᠳᠡᠯ

 

ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠲᠠᠷᠢᠶᠠᠯᠠᠩ ᠮᠠᠯ ᠠᠵᠤ

ᠠᠬᠤᠶ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠬᠢᠩᠭᠠᠨ ᠠᠲᠠᠷ

ᠬᠠᠭᠠᠯᠪᠤᠷᠢᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠲᠤ᠄

    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ᠊ ᠦᠨ

ᠭᠠᠳᠠᠨ‌‍᠎ᠠ᠎ᠠ ᠴᠠ ᠲᠦᠷᠢᠮᠡᠭᠡᠢᠯᠡᠨ ᠣᠷᠣᠵᠤ ᠢᠷᠡᠭᠰᠡᠨ ᠠᠮᠢᠳᠤ ᠪᠣᠳᠠᠰ ᠢ᠊ ᠰᠡᠷᠭᠡᠢᠯᠡᠨ ᠡᠵᠡᠮᠳᠡᠬᠦ ᠲᠤᠬᠠᠢ ᠴᠢᠬᠤᠯᠠ

ᠵᠢᠭᠠᠪᠤᠷᠢ ᠴᠢᠬᠤᠯᠠ ᠴᠣᠬᠤᠯᠠᠪᠤᠷ᠊ ᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂

ᠲᠠᠷᠢᠶᠠᠯᠠᠩ᠊ ᠤᠨ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠳᠦᠷᠢᠯᠳ᠋᠊ ᠡ ᠶᠢ ᠰᠡᠷᠭᠡᠢᠯᠡᠨ ᠡᠵᠡᠮᠳᠡᠬᠦ ᠰᠠᠢᠨ

ᠰᠠᠢᠬᠠᠨ ᠠᠭᠤᠷ ᠠᠮᠢᠰᠭᠤᠯ ᠢ᠊ ᠦᠷᠭᠦᠯᠵᠢᠯᠡᠨ ᠪᠤᠢ ᠪᠣᠯᠭᠠᠵᠤ᠂ ᠭᠠᠳᠠᠨ‌‍᠎ᠠ᠎ᠠ ᠴᠠ ᠲᠦᠷᠢᠮᠡᠬᠡᠢᠯᠡᠨ ᠣᠷᠣᠵᠤ

ᠢᠷᠡᠭᠰᠡᠨ ᠠᠮᠢᠳᠤ ᠪᠣᠳᠠᠰ ᠤᠨ ᠲᠥᠷᠥᠯ ᠢ᠊ ᠱᠣᠪᠣᠭᠤᠷ ᠴᠡᠴᠠᠭ᠋ ᠢ᠊ ᠰᠡᠷᠭᠡᠢᠯᠡᠨ ᠵᠠᠰᠠᠬᠤ ᠠᠵᠢᠯ ᠢ᠊ ᠯᠠᠪᠳᠠᠭᠤᠨ

ᠪᠠᠲᠤᠲᠠᠢ ᠰᠠᠢᠲᠤᠷ ᠬᠢᠭ᠊ ᠦᠶ᠋ᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠶᠠᠪᠤᠳᠠᠯ ᠢ᠊ ᠳᠣᠣᠷᠠᠬᠢ ᠮᠡᠲᠦ

ᠮᠡᠳᠡᠭᠳᠡᠶ᠎ᠡ᠄

    ᠨᠢᠭᠡ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠳᠲᠡᠷ ᠲᠦᠷᠭᠡᠨ ᠪᠠᠶᠢᠷᠢᠯᠠᠭᠤᠯᠤᠨ ᠳᠠᠶᠢᠴᠢᠯᠠᠬᠤ ᠬᠡᠷᠡᠭᠲᠡᠶ

    ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠭᠠᠳᠠᠨ᠎ᠠ ᠠᠴᠠ ᠣᠷᠣᠵᠤ ᠢᠷᠡᠭᠰᠡᠨ

ᠠᠮᠢᠳᠤ ᠪᠣᠳᠠᠰ ᠤᠨ ᠳᠦᠷᠰᠦ ᠶᠢ ᠱᠣᠷᠲᠤ ᠴᠤᠮᠤᠷᠯᠢᠭᠲᠤ ᠨᠠᠷᠠᠨ ᠬᠤᠸᠠᠷ ᠢ ᠰᠡᠷᠭᠡᠶᠢᠯᠡᠨ ᠵᠠᠰᠠᠬᠤ ᠠᠵᠢᠯ ᠢ ᠳᠡᠭᠡᠳᠦ

ᠬᠡᠮᠵᠢᠶ᠎ᠡ ᠪᠠᠷ ᠴᠢᠬᠤᠯᠠᠴᠢᠯᠠᠵᠤ᠂ ᠳᠠᠷᠤᠶ ᠲᠦᠷᠭᠡᠨ ᠪᠠᠶᠢᠴᠠᠭᠠᠯᠲᠠ ᠬᠢᠵᠦ᠂ ᠲᠠᠷᠬᠠᠯᠲᠠ ᠶᠢᠨ ᠭᠠᠵᠠᠷ ᠣᠷᠣᠨ ᠢ

ᠲᠣᠳᠣᠷᠬᠠᠶ ᠣᠶᠢᠯᠠᠭᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠰᠠᠨᠠᠭᠠᠴᠢᠯᠠᠭ᠎ᠠ ᠨᠡᠶᠢᠲᠡᠯᠡᠬᠦ᠂ ᠬᠤᠤᠷ

ᠬᠥᠨᠥᠭᠡᠯ ᠢ ᠤᠬᠠᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠭᠠᠴᠠᠭ᠎ᠠ

ᠲᠣᠰᠬᠤᠨ ᠢᠶᠠᠷ ᠨᠢᠭᠡᠴᠢ ᠪᠣᠯᠭᠠᠵᠤ᠂ ᠮᠠᠯᠴᠢᠨ ᠲᠠᠷᠢᠶᠠᠴᠢᠳ ᠢ ᠲᠥᠪᠯᠡᠷᠡᠭᠦᠯᠦᠨ ᠵᠣᠬᠢᠶᠠᠨ ᠪᠠᠶᠢᠭᠤᠯᠤᠨ

ᠭᠠᠳᠠᠨ᠎ᠠ ᠠᠴᠠ ᠣᠷᠣᠵᠤ ᠢᠷᠡᠭᠰᠡᠨ ᠠᠮᠢᠳᠤ ᠪᠣᠳᠠᠰ ᠤᠨ ᠳᠦᠷᠰᠦ ᠶᠢ ᠱᠣᠣᠲᠤ ᠴᠡᠴᠡᠭ ᠢ ᠰᠡᠷᠭᠡᠶᠢᠯᠡᠨ ᠵᠠᠰᠠᠬᠤ᠂

ᠠᠷᠢᠯᠭᠠᠬᠤ ᠵᠡᠷᠭᠡ ᠠᠵᠢᠯ ᠢ ᠥᠷᠨᠢᠭᠦᠯᠵᠦ᠂ ᠬᠠᠮᠤᠭ ᠤᠨ ᠲᠦᠷᠭᠡᠨ ᠬᠤᠷᠳᠤᠴᠠ ᠶᠢ ᠦᠨᠡᠨ ᠬᠦ ᠪᠠᠲᠤᠯᠠᠵᠤ᠂

ᠭᠠᠳᠠᠨ᠎ᠠ ᠠᠴᠠ ᠣᠷᠣᠵᠤ ᠢᠷᠡᠭᠰᠡᠨ ᠠᠮᠢᠳᠤ ᠪᠣᠳᠠᠰ ᠤᠨ ᠲᠦᠷᠦᠯ ᠢ ᠥᠷᠭᠡᠵᠢᠭᠦᠯᠬᠦ ᠶᠢ ᠬᠠᠮᠤᠭ ᠤᠨ ᠶᠡᠭᠡ

ᠬᠡᠮᠵᠢᠶ᠎ᠡ ᠪᠠᠷ ᠰᠡᠷᠭᠡᠶᠢᠯᠡᠬᠦ ᠬᠡᠷᠡᠭᠲᠡᠶ᠃

    ᠬᠤᠶᠠᠷ᠂ ᠤᠬᠠᠭᠤᠯᠭ᠎ᠠ ᠪᠣᠯᠪᠠᠰᠤᠷᠠᠭᠤᠯᠤᠯ ᠬᠢᠵᠦ᠂ ᠰᠡᠷᠭᠡᠶᠢᠯᠡᠨ ᠵᠠᠰᠠᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ

ᠬᠡᠷᠡᠭᠲᠡᠶ

    ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ

ᠲᠣᠪᠴᠢᠶ᠎ᠠ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠳᠦᠷᠰᠦ ᠶᠢ ᠦᠷᠭᠡᠨ ᠢᠶᠠᠷ ᠴᠡᠴᠡᠭ ᠢ ᠰᠡᠷᠭᠡᠶᠢᠯᠡᠨ

ᠵᠠᠰᠠᠬᠤ ᠠᠵᠢᠯ ᠤᠨ ᠤᠬᠠᠭᠤᠯᠭ᠎ᠠ ᠲᠠᠶᠢᠴᠢᠯᠠᠯᠳᠠ ᠶᠢ ᠴᠢᠩᠭᠠᠳᠬᠠᠵᠤ᠂ ᠭᠠᠳᠠᠨ᠎ᠠ ᠠᠴᠠ ᠢᠷᠡᠭᠰᠡᠨ ᠪᠣᠳᠠᠰ ᠤᠨ

ᠳᠦᠷᠰᠦ ᠶᠢᠨ ᠬᠤᠤᠷ ᠬᠥᠨᠥᠭᠡᠯ ᠢ ᠥᠷᠭᠡᠨ ᠢᠶᠠᠷ ᠤᠬᠠᠭᠤᠯᠵᠤ᠂ ᠬᠥᠮᠦᠨ ᠪᠦᠬᠦᠨ ᠳᠤ ᠮᠡᠳᠡᠭᠦᠯᠵᠦ᠂ ᠬᠥᠮᠦᠨ

ᠪᠦᠬᠦᠨ ᠳᠤ ᠮᠡᠳᠡᠭᠦᠯᠬᠦ ᠬᠡᠷᠡᠭᠲᠡᠶ᠃ ᠡᠭᠦᠨ ᠤ ᠬᠠᠮᠲᠤ᠂ ᠰᠡᠷᠭᠡᠶᠢᠯᠡᠨ ᠵᠠᠰᠠᠬᠤ᠂ ᠠᠷᠢᠯᠭᠠᠬᠤ ᠵᠡᠷᠭᠡ ᠲᠠᠯ᠎ᠠ ᠶᠢᠨ

ᠮᠡᠷᠭᠡᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠠᠶᠢᠮᠠᠭ ᠤᠨ ᠰᠡᠷᠭᠡᠶᠢᠯᠡᠨ ᠵᠠᠰᠠᠬᠤ

ᠠᠵᠢᠯ ᠤᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃

    ᠭᠤᠷᠪᠠ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠮᠡᠷᠭᠡᠵᠢᠯ ᠤᠨ ᠵᠠᠭᠪᠤᠷ ᠤᠨ ᠰᠢᠨ᠎ᠡ ᠶᠢ

ᠡᠭᠦᠳᠦᠨ᠎ᠡ

    ᠱᠦᠭᠦᠷᠳᠡᠨ ᠠᠷᠢᠯᠭᠠᠬᠤ᠂ ᠰᠢᠲᠠᠭᠠᠬᠤ᠂ ᠭᠦᠨ ᠪᠤᠯᠠᠬᠤ ᠵᠡᠷᠭᠡ ᠮᠡᠷᠭᠡᠵᠢᠯ ᠤᠨ ᠠᠷᠭ᠎ᠠ ᠬᠡᠮᠵᠢᠶ᠎ᠡ ᠶᠢ ᠪᠦᠬᠦ

ᠲᠠᠯ᠎ᠠ ᠪᠠᠷ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠮᠠᠰᠢᠨ ᠢᠶᠠᠷ ᠠᠵᠢᠯᠯᠠᠵᠤ ᠡᠪᠡᠰᠦ ᠠᠷᠢᠯᠭᠠᠭᠴᠢ ᠡᠳ᠋ ᠵᠡᠷᠭᠡ

ᠬᠢᠮᠢ ᠶᠢᠨ ᠠᠷᠭ᠎ᠠ ᠬᠡᠮᠵᠢᠶ᠎ᠡ ᠲᠠᠢ ᠬᠠᠮᠵᠢᠯᠴᠠᠨ ᠭᠠᠳᠠᠨ᠎ᠠ ᠠᠴᠠ ᠣᠷᠣᠵᠤ ᠢᠷᠡᠭᠰᠡᠨ ᠠᠮᠢᠳᠤ ᠪᠣᠳᠠᠰ ᠤᠨ ᠳᠦᠷᠰᠦ ᠶᠢ

ᠱᠣᠷᠲᠤ ᠴᠡᠴᠡᠭ ᠢ ᠠᠷᠢᠯᠭᠠᠬᠤ ᠠᠵᠢᠯ ᠢ ᠶᠡᠭᠡ ᠬᠡᠪᠴᠢᠶ᠎ᠡ ᠪᠠᠷ ᠥᠷᠨᠢᠭᠦᠯᠬᠦ ᠶᠢ ᠵᠣᠷᠢᠭᠵᠢᠭᠤᠯᠤᠨ᠎ᠠ᠃ ᠡᠭᠦᠨ ᠤ

ᠬᠠᠮᠲᠤ᠂ ᠡᠯ᠎ᠡ ᠭᠠᠵᠠᠷ ᠤᠨ ︽ᠡᠪᠡᠰᠦ ᠪᠡᠯᠴᠢᠭᠡᠷ ᠢᠶᠠᠷ ᠡᠪᠡᠰᠦ ᠵᠠᠰᠠᠬᠤ︾ ᠠᠷᠭ᠎ᠠ ᠶᠢ ᠰᠦᠪᠡᠭᠴᠢᠯᠡᠨ ᠰᠢᠨ᠎ᠡ ᠶᠢ

ᠡᠭᠦᠳᠬᠦ ᠶᠢ ᠵᠣᠷᠢᠭᠵᠢᠭᠤᠯᠵᠤ᠂ ᠳᠠᠪᠠᠭᠤᠯᠢᠭ ᠡᠪᠡᠰᠦᠨ ᠤ ᠦᠷ᠎ᠡ ᠳᠠᠷᠢᠬᠤ ᠪᠠᠷ ᠳᠠᠮᠵᠢᠭᠤᠯᠤᠨ ᠭᠠᠳᠠᠨ᠎ᠠ ᠠᠴᠠ

ᠣᠷᠣᠵᠤ ᠢᠷᠡᠭᠰᠡᠨ ᠠᠮᠢᠳᠤ ᠪᠣᠳᠠᠰ ᠤᠨ ᠳᠦᠷᠰᠦ ᠶᠢ ᠤᠰᠠᠳᠬᠠᠨ᠎ᠠ᠃

    ᠳᠥᠷᠪᠡ᠂ ᠲᠣᠬᠢᠷᠠᠭᠤᠯᠤᠯᠲᠠ ᠶᠢ ᠴᠢᠩᠭᠠᠷᠠᠭᠤᠯᠵᠤ᠂ ᠠᠵᠢᠯ ᠤᠨ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠶ

    ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ

ᠲᠣᠪᠴᠢᠶ᠎ᠠ ᠨᠢ ᠭᠠᠳᠠᠨ᠎ᠠ ᠠᠴᠠ ᠣᠷᠣᠵᠤ ᠢᠷᠡᠭᠰᠡᠨ ᠠᠮᠢᠳᠤ ᠪᠣᠳᠠᠰ ᠤᠨ ᠳᠦᠷᠰᠦ ᠱᠣᠷᠲᠤ ᠴᠤᠮᠤᠷᠯᠢᠭᠲᠤ ᠨᠠᠷᠠᠨ

ᠬᠤᠸᠠᠷ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠪᠠᠷ ᠭᠤᠤᠯᠳᠠᠯᠭ᠎ᠠ ᠪᠣᠯᠭᠠᠵᠤ᠂ ᠬᠢᠨᠠᠨ ᠵᠢᠯᠣᠭᠤᠳᠴᠤ

ᠵᠢᠯᠣᠭᠤᠳᠬᠤ ᠪᠠᠨ ᠦᠨᠡᠨ ᠬᠦ ᠴᠢᠩᠭᠠᠳᠬᠠᠨ᠂ ᠰᠡᠷᠭᠡᠶᠢᠯᠡᠨ ᠵᠠᠰᠠᠬᠤ ᠲᠥᠰᠦᠯ ᠲᠣᠭᠲᠠᠭᠠᠬᠤ ᠶᠢᠨ ᠬᠠᠮᠲᠤ

ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠤᠤᠷᠲᠤ ᠡᠪᠡᠰᠦ ᠶᠢ ᠵᠠᠰᠠᠬᠤ

ᠵᠡᠷᠭᠡ ᠲᠥᠷᠥᠯ ᠵᠦᠢᠯ ᠤᠨ ᠬᠡᠷᠡᠭᠵᠢᠭᠦᠯᠦᠯᠲᠡ ᠲᠠᠢ ᠤᠶᠠᠯᠳᠤᠭᠤᠯᠤᠨ᠂ ᠴᠢᠬᠤᠯᠠ ᠪᠥᠬᠦᠶ ᠳᠡᠮᠵᠢᠯᠭᠡ ᠪᠠᠲᠤᠯᠠᠭ᠎ᠠ

ᠣᠯᠭᠤᠵᠤ᠂ ᠭᠠᠳᠠᠨ᠎ᠠ ᠠᠴᠠ ᠣᠷᠣᠵᠤ ᠢᠷᠡᠭᠰᠡᠨ ᠠᠮᠢᠳᠤ ᠪᠣᠳᠠᠰ ᠤᠨ ᠳᠦᠷᠡᠮᠡᠬᠡᠶ ᠴᠡᠴᠡᠭ ᠢ ᠰᠡᠷᠭᠡᠶᠢᠯᠡᠨ ᠵᠠᠰᠠᠬᠤ

ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠬᠤᠰᠢᠭᠤ ᠰᠢᠶᠠᠨ

ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠢᠩᠭᠠᠨ ᠠᠲᠠᠷ ᠬᠠᠭᠠᠯᠪᠤᠷᠢᠯᠠᠯᠲᠠ ᠶᠢᠨ ᠦᠢᠯᠡᠰ ᠤᠨ

ᠬᠥᠭᠵᠢᠯᠲᠡ ᠶᠢᠨ ᠲᠥᠪ ᠨᠢ 8 ᠳ᠋ᠤᠭᠠᠷ ᠰᠠᠷ᠎ᠠ ᠶᠢᠨ 10 ᠤ ᠡᠳᠦᠷ᠂ 9 ᠳ᠋ᠦ᠋ᠭᠡᠷ ᠰᠠᠷ᠎ᠠ ᠶᠢᠨ 15 ᠤ ᠡᠳᠦᠷ ᠲᠣᠰ

ᠲᠣᠰ ᠰᠡᠷᠭᠡᠶᠢᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠢᠶᠠᠨ ᠠᠶᠢᠮᠠᠭ ᠤᠨ ᠲᠠᠷᠢᠶᠠᠯᠠᠩ ᠮᠠᠯ ᠠᠵᠤ

ᠠᠬᠤᠶ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠳᠤ ᠮᠡᠳᠡᠭᠦᠯᠬᠦ ᠬᠡᠷᠡᠭᠲᠡᠶ᠃

    2023 ᠣᠨ ᠤ 7 ᠰᠠᠷ᠎ᠠ ᠶᠢᠨ 28 ᠤ ᠡᠳᠦᠷ

 

ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ︽ᠬᠢᠩᠭᠠᠨ ᠠᠶᠢᠮᠠᠭ ᠤᠨ ᠰᠢᠨ᠎ᠡ ᠪᠣᠬᠢᠷᠲᠤᠯ ᠪᠣᠳᠠᠰ ᠢ ᠵᠠᠰᠠᠬᠤ

ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ

 

ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ

ᠵᠥᠪᠯᠡᠯ᠂ ᠠᠯᠪᠠᠨ ᠬᠡᠷ᠂ ᠲᠣᠪᠴᠢᠶ᠎ᠠ᠂ ᠳᠤᠮᠳᠠ ᠣᠷᠣᠨ ᠤ ᠰᠢᠭᠤᠳ ᠬᠠᠷᠢᠶ᠎ᠠ ᠰᠢᠭᠤᠳ ᠬᠠᠮᠢᠶᠠᠷᠤᠯᠲᠠ ᠶᠢᠨ

ᠨᠢᠭᠡᠴᠡ ᠳᠤ᠄

    ᠠᠶᠢᠮᠠᠭ ᠤᠨ ᠵᠠᠬᠢᠷᠭ᠎ᠠ ᠶᠢᠨ ᠵᠥᠪᠰᠢᠶᠡᠷᠡᠯ ᠢᠶᠠᠷ᠂ ᠡᠳᠦᠭᠡ ︽ᠬᠢᠩᠭᠠᠨ ᠠᠶᠢᠮᠠᠭ ᠤᠨ ᠰᠢᠨ᠎ᠡ ᠪᠣᠬᠢᠷᠲᠤᠯ

ᠪᠣᠳᠠᠰ ᠢ ᠵᠠᠰᠠᠬᠤ ᠠᠵᠢᠯ ᠤᠨ ᠲᠥᠰᠦᠯ︾ ᠢ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ

ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃

    2023 ᠣᠨ ᠤ 8 ᠰᠠᠷ᠎ᠠ ᠶᠢᠨ 14 ᠤ ᠡᠳᠦᠷ

 

ᠬᠢᠩᠭᠠᠨ ᠠᠶᠢᠮᠠᠭ ᠤᠨ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠤᠨ ᠲᠥᠰᠦᠯ

    ︽ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯᠯᠠᠭ᠎ᠠ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ

ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ

︹2022︺ 15 ᠳ᠋ᠤᠭᠠᠷ ᠲᠣᠭᠠᠲᠤ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ

ᠪᠣᠬᠢᠷᠲᠤᠯ ᠪᠣᠳᠠᠰ ᠢ ᠵᠠᠰᠠᠬᠤ ᠠᠵᠢᠯ ᠤᠨ ᠲᠥᠰᠦᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 22

ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠰᠢᠨ᠎ᠡ

ᠪᠣᠬᠢᠷᠲᠤᠯ ᠪᠣᠳᠠᠰ ᠢ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠮᠢ ᠠᠬᠤᠶ ᠣᠷᠴᠢᠨ

ᠲᠣᠭᠤᠷᠢᠨ ᠤ ᠠᠮᠤᠷ ᠲᠦᠪᠰᠢᠨ ᠪᠠ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠶᠢᠨ ᠲᠤᠰᠠᠳᠠ᠂ ᠨᠠᠩ

ᠥᠨᠳᠥᠷ ᠪᠠᠷᠢᠮᠵᠢᠶ᠎ᠠ ᠪᠠᠷ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠶ

ᠰᠠᠶᠢᠲᠤᠷ ᠬᠢᠵᠦ᠂ ᠬᠢᠩᠭᠠᠨ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃

    ᠨᠢᠭᠡ᠂ ᠵᠢᠯᠣᠭᠤᠳᠬᠤ ᠦᠵᠡᠯ ᠰᠠᠨᠠᠭ᠎ᠠ

    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ

ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ

ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠪᠦᠷᠢᠨ ᠪᠦᠲᠦᠨ᠂

ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ

ᠰᠠᠶᠢᠲᠠᠢ ᠬᠥᠭᠵᠢᠯᠲᠡ ᠶᠢ ᠠᠬᠢᠭᠤᠯᠵᠤ᠂ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠪᠣᠯᠤᠨ ᠡᠷᠡᠭᠦᠯ

ᠮᠡᠨᠳᠦ ᠶᠢᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠬᠦ ᠪᠠᠷ ᠭᠤᠣᠯ ᠪᠣᠯᠭᠠᠵᠤ᠂ ᠤᠨᠢᠨ ᠳᠡᠭᠡᠷ᠎ᠡ ᠨᠢ

ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ

ᠵᠠᠰᠠᠬᠤ ᠪᠠᠷ ᠠᠵᠢᠯ ᠤᠨ ᠴᠢᠭᠯᠡᠯᠲᠡ ᠪᠣᠯᠭᠠᠵᠤ᠂ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠣᠷᠴᠢᠨ

ᠲᠣᠭᠤᠷᠢᠨ ᠤ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂

ᠪᠠᠶᠢᠴᠠᠭᠠᠨ ᠦᠨᠡᠯᠡᠬᠦ᠂ ᠲᠦᠷᠦᠯ ᠬᠤᠪᠢᠶᠠᠨ ᠵᠠᠰᠠᠬᠤ᠂ ᠪᠦᠬᠦ ᠶᠠᠪᠤᠴᠠ ᠶᠢᠨ ᠣᠷᠴᠢᠨ ᠲᠣᠭᠤᠷᠢᠨ ᠤ ᠠᠶᠤᠯ

ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠲᠦᠷᠢᠮ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ

ᠲᠤᠯᠭᠠᠭᠤᠷᠢᠯᠠᠯ ᠪᠠᠲᠤᠯᠠᠭ᠎ᠠ ᠶᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠢ ᠵᠠᠰᠠᠬᠤ ᠰᠢᠰᠲ᠋ᠧᠮ ᠢ ᠪᠦᠷᠢᠨᠰᠢᠬᠦᠯᠵᠤ

᠂ ᠨᠡᠩ ᠥᠨᠳᠥᠷ ᠪᠠᠷᠢᠮᠵᠢᠶ᠎ᠠ ᠪᠠᠷ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ

ᠳᠠᠶᠢᠯᠠᠯᠳᠤᠭᠠᠨ ᠢ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠡᠨᠡᠬᠦ ᠲᠦᠮᠡᠨ ᠭᠠᠵᠠᠷ ᠤᠨ ᠨᠣᠭᠤᠭᠠᠨ

ᠬᠠᠯᠬᠠᠪᠴᠢ ᠶᠢ ᠨᠡᠩ ᠪᠠᠲᠤ ᠪᠠᠬᠢ ᠴᠣᠭᠴᠠᠯᠠᠨ᠎ᠠ᠃

    ᠬᠤᠶᠠᠷ᠂ ᠭᠤᠣᠯ ᠬᠠᠷᠠᠯᠲᠠ

    2023 ᠤᠨ ᠪᠣᠯᠬᠤ ᠳᠤ᠂ ᠪᠥᠬᠦ ᠠᠶᠢᠮᠠᠭ ᠤᠨ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠮᠡᠳᠡᠭᠡ

ᠵᠠᠩᠭᠢ ᠶᠢᠨ ᠪᠠᠶᠢᠴᠠᠭᠠᠯᠲᠠ ᠶᠢ ᠪᠡᠶᠡᠯᠡᠭᠦᠯᠵᠦ᠂ ᠰᠢᠨ᠎ᠡ ᠪᠣᠬᠢᠷᠲᠤᠯ ᠪᠣᠳᠠᠰ ᠤᠨ ᠦᠢᠯᠡᠳᠪᠦᠷᠢᠯᠡᠯ᠂ ᠬᠡᠷᠡᠭᠯᠡᠯᠲᠡ᠂

ᠭᠠᠳᠠᠭᠰᠢᠯᠠᠭᠤᠯᠤᠯᠲᠠ ᠶᠢ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ ᠢ ᠦᠨᠳᠦᠰᠦᠨ ᠳᠡᠭᠡᠨ

ᠲᠣᠳᠣᠷᠬᠠᠶ ᠣᠶᠢᠯᠠᠭᠠᠵᠤ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠵᠢᠯ ᠲᠥᠷᠥᠯ᠂

ᠭᠤᠤᠯᠳᠠᠯᠭ᠎ᠠ ᠲᠠᠢ ᠠᠵᠤ ᠠᠬᠤᠶᠢᠯᠠᠯ ᠢ ᠲᠣᠳᠣᠷᠬᠠᠶ ᠪᠣᠯᠭᠠᠨ᠎ᠠ᠃ 2025 ᠤᠨ ᠪᠣᠯᠬᠤ ᠳᠤ᠂ ᠥᠨᠳᠥᠷ ᠠᠩᠬᠠᠷᠴᠤ᠂

ᠥᠨᠳᠥᠷ ᠤᠨᠠᠯᠲᠠ ᠲᠠᠢ ︵ᠬᠡᠷᠡᠭᠯᠡᠬᠦ︶ ᠬᠡᠮᠵᠢᠶ᠎ᠡ ᠲᠠᠢ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ

ᠲᠦᠭᠰᠢᠭᠦᠷᠢ ᠶᠢ ᠰᠢᠭᠰᠢᠨ ᠪᠠᠶᠢᠴᠠᠭᠠᠬᠤ ᠵᠢᠴᠢ ᠨᠢᠭᠡ ᠪᠦᠯᠦᠭ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ

ᠲᠦᠭᠰᠢᠭᠦᠷᠢ ᠶᠢ ᠦᠨᠡᠯᠡᠨ ᠵᠢᠱᠢᠬᠦ ᠶᠢ ᠪᠡᠶᠡᠯᠡᠭᠦᠯᠵᠦ᠂ ᠰᠢᠨ᠎ᠡ ᠪᠣᠬᠢᠷᠳᠤᠯ ᠪᠣᠳᠠᠰ ᠢ ᠭᠤᠣᠯᠳᠠᠯᠭ᠎ᠠ ᠲᠠᠢ ᠬᠠᠮᠢᠶᠠᠷᠤᠨ

ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠬᠤᠣᠷ ᠬᠥᠨᠥᠭᠡᠯ ᠲᠠᠢ ᠬᠢᠮᠢ ᠶᠢᠨ ᠪᠣᠳᠠᠰ ᠤᠨ ᠣᠷᠴᠢᠨ

ᠲᠣᠭᠤᠷᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂

ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ᠂ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ

ᠠᠯᠬᠤᠮ ᠴᠢᠩᠭᠠᠳᠬᠠᠵᠤ᠂ ᠰᠢᠨ᠎ᠡ ᠪᠣᠬᠢᠷᠳᠤᠯ ᠪᠣᠳᠠᠰ ᠢ ᠪᠠᠶᠢᠴᠠᠭᠠᠬᠤ᠂ ᠬᠢᠨᠠᠨ ᠬᠡᠮᠵᠢᠬᠦ᠂ ᠰᠢᠭᠰᠢᠨ ᠪᠠᠶᠢᠴᠠᠭᠠᠬᠤ᠂

ᠦᠨᠡᠯᠡᠨ ᠵᠢᠱᠢᠬᠦ᠂ ᠬᠠᠮᠢᠶᠠᠷᠤᠨ ᠡᠵᠡᠮᠳᠡᠬᠦ᠂ ᠵᠠᠰᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃

    ᠭᠤᠷᠪᠠ᠂ ᠠᠵᠢᠯ ᠤᠨ ᠡᠭᠦᠷᠭᠡ

    ︵ᠨᠢᠭᠡ︶ ᠰᠢᠨ᠎ᠡ ᠪᠣᠬᠢᠷᠳᠦᠯ ᠡᠳ᠋ ᠢ ᠪᠠᠶᠢᠴᠠᠭᠠᠨ ᠰᠢᠨᠵᠢᠬᠦ ᠪᠠ ᠣᠷᠴᠢᠨ ᠲᠤᠭᠤᠷᠢᠨ ᠤ ᠳᠥᠭᠰᠢᠬᠦᠷᠢ ᠶᠢ

ᠦᠨᠡᠯᠡᠨ ᠵᠢᠱᠢᠬᠦ ᠶᠢ ᠦᠷᠨᠢᠬᠦᠯᠥᠨ᠎ᠠ᠃

    1. ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠪᠠᠶᠢᠴᠠᠭᠠᠯᠲᠠ ᠶᠢ ᠥᠷᠨᠢᠭᠦᠯᠬᠦ

ᠬᠡᠷᠡᠭᠲᠡᠶ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ

ᠦᠨᠳᠦᠰᠦᠨ ᠮᠡᠳᠡᠭᠡ ᠵᠠᠩᠭᠢ ᠶᠢᠨ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠬᠢᠮᠢ ᠶᠢᠨ ᠪᠣᠳᠠᠰ ᠤᠨ

ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠪᠠᠶᠢᠴᠠᠭᠠᠯᠲᠠ ᠶᠢ ᠥᠷᠨᠢᠭᠦᠯᠵᠦ᠂ ᠪᠥᠬᠦ ᠠᠶᠢᠮᠠᠭ ᠤᠨ

ᠭᠤᠤᠯᠳᠠᠯᠭ᠎ᠠ ᠲᠠᠢ ᠠᠵᠢᠯ ᠲᠥᠷᠥᠯ ᠤᠨ ᠳᠣᠲᠣᠷᠠᠬᠢ ᠭᠤᠤᠯᠳᠠᠯᠭ᠎ᠠ ᠲᠠᠢ ᠬᠢᠮᠢ ᠶᠢᠨ ᠪᠣᠳᠠᠰ ᠤᠨ ᠦᠢᠯᠡᠳᠪᠦᠷᠢᠯᠡᠯ

ᠬᠡᠷᠡᠭᠯᠡᠯᠲᠡ ᠶᠢᠨ ᠲᠥᠷᠥᠯ ᠵᠦᠢᠯ᠂ ᠲᠤᠭ᠎ᠠ ᠬᠡᠮᠵᠢᠶ᠎ᠡ᠂ ᠬᠡᠷᠡᠭᠴᠡᠭᠡ ᠵᠡᠷᠭᠡ ᠮᠡᠳᠡᠭᠡ ᠵᠠᠩᠭᠢ ᠶᠢ ᠪᠥᠬᠦ ᠲᠠᠯ᠎ᠠ ᠪᠠᠷ

ᠵᠢᠭᠰᠠᠭᠠᠨ ᠪᠠᠶᠢᠴᠠᠭᠠᠬᠤ ᠬᠡᠷᠡᠭᠲᠡᠶ᠃ ᠪᠠᠶᠢᠴᠠᠭᠠᠠᠠᠰᠠᠨ ᠦᠷ᠎ᠠ ᠳ᠋ᠦᠡᠭ ᠢ ᠦᠨᠳᠣᠰᠣᠯᠡᠨ᠂ ᠣᠯᠥᠰ ᠤᠨ ᠣᠷᠴᠢᠨ

ᠲᠤᠭᠤᠷᠢᠨ ᠤ ᠳᠥᠭᠰᠢᠬᠦᠷᠢ ᠶᠢ ᠣᠷᠢᠳᠡᠪᠡᠷ ᠦᠨᠡᠯᠡᠨ ᠵᠢᠱᠢᠬᠦ ᠳᠥᠯᠥᠪᠯᠡᠭᠡ ᠳᠤ ᠣᠷᠣᠭᠤᠯᠥᠠᠠᠰᠠᠨ ᠬᠢᠮᠢ ᠶᠢᠨ

ᠪᠤᠳᠡᠰ ᠲᠤ ᠬᠤᠯᠪᠤᠠᠠᠳᠡᠯ ᠪᠦᠬᠦᠢ ᠦᠢᠯᠡᠳᠪᠦᠷᠢᠯᠡᠬᠦ᠂ ᠡᠳ᠋ᠰᠢᠬᠦᠯᠬᠦ᠂ ᠭᠡᠷᠡᠭᠯᠡᠬᠦ᠂ ᠣᠷᠴᠢᠨ ᠲᠤᠭᠤᠷᠢᠨ ᠤ

ᠭᠠᠳ᠋ᠬᠠᠰᠢᠯᠠᠭᠤᠯᠥᠠᠠᠰᠠᠨ ᠲᠤᠭ᠎ᠠ ᠭᠡᠮᠵᠢᠶ᠎ᠠ ᠵᠢᠴᠢ ᠠᠷᠭ᠎ᠠ ᠵᠠᠮ᠂ ᠬᠤᠬᠢᠷᠡᠯ ᠤᠨ ᠣᠨᠴᠠᠯᠢᠠᠠᠳᠦ ᠴᠢᠨᠡᠷ᠂ ᠪᠣᠬᠢᠷᠳᠦᠯ

ᠡᠳ᠋ ᠢ ᠭᠠᠳ᠋ᠬᠠᠰᠢᠯᠠᠭᠤᠯᠬᠤ ᠠᠵᠦ ᠠᠬᠤᠶᠢᠯᠠᠯ ᠤᠨ ᠲᠠᠷᠬᠠᠯᠳᠡ ᠵᠡᠷᠭᠡ ᠪᠠᠶᠢᠳᠡᠯ ᠳᠤ ᠨᠠᠷᠢᠨ ᠮᠡᠳᠡᠭᠡ ᠵᠠᠩᠬᠢ ᠶᠢᠨ

ᠪᠠᠶᠢᠴᠠᠭᠠᠯᠳᠡ ᠶᠢ ᠤᠯᠠᠮ ᠨᠢᠭᠡ ᠠᠯᠬᠤᠮ ᠦᠷᠨᠢᠬᠦᠯᠥᠨ᠎ᠠ᠃ 2023 ᠣᠨ ᠤ 12 ᠰᠠᠷ᠎ᠠ ᠶᠢᠨ ᠰᠡᠭᠦᠯᠴᠢ ᠠᠴᠠ

ᠡᠮᠦᠨ᠎ᠡ᠂ ᠨᠢᠭᠡᠳᠦᠭᠡᠷ ᠡᠭᠡᠯᠵᠢ ᠶᠢᠨ ᠬᠢᠮᠢ ᠶᠢᠨ ᠪᠣᠳᠠᠰ ᠤᠨ ᠦᠨᠳᠦᠰᠦᠨ ᠮᠡᠳᠡᠭᠡ ᠵᠠᠩᠭᠢ ᠶᠢᠨ ᠪᠠᠶᠢᠴᠠᠭᠠᠯᠲᠠ ᠶᠢ

ᠪᠡᠶᠡᠯᠡᠭᠦᠯᠦᠨ᠎ᠡ︔ ︽ᠨᠢᠭᠡᠳᠦᠭᠡᠷ ᠪᠦᠯᠦᠭ ᠤᠨ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ

ᠤᠷᠢᠳᠠᠪᠠᠷ ᠦᠨᠡᠯᠡᠬᠦ ᠲᠥᠯᠥᠪᠯᠡᠭᠡ︾ ᠳᠤ ᠵᠢᠭᠰᠠᠭᠠᠨ ᠣᠷᠣᠭᠤᠯᠤᠭᠰᠠᠨ 20 ᠵᠦᠢᠯ ᠤᠨ ᠬᠢᠮᠢ ᠶᠢᠨ ᠪᠣᠳᠠᠰ ᠲᠤ

ᠨᠠᠷᠢᠨ ᠲᠣᠳᠣᠷᠬᠠᠶ ᠮᠡᠳᠡᠭᠡ ᠵᠠᠩᠭᠢ ᠶᠢᠨ ᠪᠠᠶᠢᠴᠠᠭᠠᠯᠲᠠ ᠬᠢᠵᠦ᠂ ᠪᠥᠬᠦ ᠠᠶᠢᠮᠠᠭ ᠤᠨ ᠭᠤᠤᠯᠳᠠᠯᠭ᠎ᠠ ᠲᠠᠢ ᠠᠵᠢᠯ

ᠲᠥᠷᠥᠯ ᠤᠨ ᠬᠤᠤᠷ ᠬᠥᠨᠥᠭᠡᠯ ᠲᠠᠢ ᠬᠢᠮᠢ ᠶᠢᠨ ᠪᠣᠳᠠᠰ ᠤᠨ ᠦᠨᠳᠦᠰᠦᠨ ᠮᠡᠳᠡᠭᠡ ᠵᠠᠩᠭᠢ ᠶᠢᠨ ᠳ᠋ᠠᠶᠢᠲ᠋ᠠ

ᠬᠥᠮᠥᠷᠭᠡ ᠶᠢ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ

ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠃ ᠲᠣᠷᠣᠠᠠᠰᠢ ᠴᠦᠮ ᠡᠯ᠎ᠠ

ᠬᠤᠰᠢᠭᠤ ᠰᠢᠶᠡᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠨᠠᠶᠢᠳᠡᠪᠦᠷᠢᠵᠢᠭᠤᠯᠥᠨ᠎ᠠ᠂

ᠳᠡᠬᠢᠵᠦ ᠵᠢᠠᠠᠰᠠᠭᠠᠬᠤ ᠦᠭᠡᠢ︶

    2 ᠰᠢᠨ᠎ᠡ ᠪᠠᠷ ᠪᠤᠶ ᠪᠣᠯᠤᠭᠰᠠᠨ ᠪᠣᠬᠢᠷ ᠪᠣᠳᠠᠰ ᠤᠨ ᠣᠷᠴᠢᠨ ᠲᠣᠭᠤᠷᠢᠨ ᠢ ᠪᠠᠶᠢᠴᠠᠭᠠᠨ ᠬᠡᠮᠵᠢᠬᠦ

ᠰᠢᠰᠲ᠋ᠧᠮᠵᠢ ᠶᠢ ᠪᠠᠶᠢᠭᠤᠯᠤᠨ᠎ᠠ᠃ ᠣᠳᠣ ᠶᠢᠨ ᠪᠠᠶᠢᠭ᠎ᠠ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠲᠣᠤᠷ

ᠰᠦᠯᠵᠢᠶ᠎ᠡ ᠶᠢ ᠭᠦᠢᠴᠡᠳ ᠬᠡᠷᠡᠭᠯᠡᠨ᠂ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ᠂ ᠨᠡᠶᠢᠲᠡᠯᠢᠭ ᠠᠵᠤ

ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ ᠭᠤᠤᠯᠳᠠᠯᠭ᠎ᠠ ᠲᠠᠢ ᠣᠷᠣᠨ ᠪᠦᠰᠡ᠂ ᠬᠢᠮᠢ ᠶᠢᠨ ᠠᠵᠤ

ᠦᠢᠯᠡᠳᠪᠦᠷᠢ᠂ ᠡᠮ ᠡᠮᠨᠡᠯᠭᠡ ᠵᠡᠷᠭᠡ ᠭᠤᠤᠯᠳᠠᠯᠭ᠎ᠠ ᠲᠠᠢ ᠠᠵᠢᠯ ᠲᠥᠷᠥᠯ᠂ ᠪᠣᠬᠢᠷ ᠤᠰᠤ ᠰᠢᠶ᠋ᠳᠪᠦᠷᠢᠯᠡᠬᠦ᠂ ᠬᠤᠭ

ᠨᠣᠪᠰᠢ ᠰᠢᠲᠠᠭᠠᠬᠤ᠂ ᠠᠶᠤᠯᠲᠠᠶ ᠬᠠᠶᠠᠭᠳᠠᠮᠠᠯ ᠡᠳ᠋ ᠢ ᠰᠢᠶ᠋ᠳᠪᠦᠷᠢᠯᠡᠵᠦ ᠠᠰᠢᠭᠯᠠᠬᠤ ᠵᠡᠷᠭᠡ ᠭᠤᠤᠯᠳᠠᠯᠭ᠎ᠠ ᠲᠠᠢ ᠠᠵᠤ

ᠠᠬᠤᠶᠢᠯᠠᠯ ᠤᠳ ᠥᠪᠡᠷᠲᠡᠭᠡᠨ ᠵᠠᠰᠠᠬᠤ ᠣᠷᠣᠨ ᠯᠤᠭ᠎ᠠ ᠬᠠᠮᠵᠢᠯᠴᠠᠨ ᠰᠢᠨ᠎ᠡ ᠪᠣᠬᠢᠷᠲᠤᠯ ᠡᠳ᠋ ᠤᠨ ᠣᠷᠴᠢᠨ

ᠲᠣᠭᠤᠷᠢᠨ ᠢ ᠪᠠᠶᠢᠴᠠᠭᠠᠨ ᠰᠢᠨᠵᠢᠬᠦ ᠲᠤᠷᠰᠢᠯᠲᠠ ᠶᠢ ᠪᠡᠶᠡᠯᠡᠭᠦᠯᠵᠦ᠂ ᠰᠢᠨ᠎ᠡ ᠪᠣᠬᠢᠷᠲᠤᠯ ᠡᠳ᠋ ᠤᠨ ᠣᠷᠴᠢᠨ

ᠲᠣᠭᠤᠷᠢᠨ ᠢ ᠪᠠᠶᠢᠴᠠᠭᠠᠨ ᠰᠢᠨᠵᠢᠬᠦ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ︵ᠬᠠᠷᠢᠭᠤᠴᠠᠯᠭᠠᠲᠤ

ᠨᠢᠭᠡᠴᠡ᠄ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ︶

    3. ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠰᠢᠯᠢᠨ ᠪᠠᠶᠢᠴᠠᠭᠠᠬᠤ ᠪᠠ ᠦᠨᠡᠯᠡᠨ

ᠵᠢᠱᠢᠬᠦ ᠶᠢ ᠥᠷᠨᠢᠭᠦᠯᠦᠨ᠎ᠡ᠃ ᠮᠠᠨ ᠤ ᠠᠶᠢᠮᠠᠭ ᠤᠨ ᠠᠵᠤ ᠦᠢᠯᠡᠰ ᠤᠨ ᠪᠦᠲᠦᠴᠡ ᠲᠠᠢ ᠭᠦᠢᠴᠡᠳ ᠤᠶᠠᠯᠳᠤᠭᠤᠯᠤᠨ

᠂ ᠥᠨᠳᠥᠷ ᠠᠩᠬᠠᠷᠴᠤ ᠪᠠᠶᠢᠭ᠎ᠠ᠂ ᠦᠨᠳᠦᠷ ᠬᠤᠷᠢᠶᠠᠯᠲᠠ ᠲᠠᠢ ︵ᠬᠡᠷᠡᠭᠯᠡᠬᠦ︶ ᠬᠡᠮᠵᠢᠶ᠎ᠡ᠂ ᠥᠨᠳᠥᠷ ᠣᠷᠴᠢᠨ

ᠲᠣᠭᠤᠷᠢᠨ ᠢ ᠪᠠᠶᠢᠴᠠᠭᠠᠵᠤ ᠭᠠᠷᠭᠠᠬᠤ ᠨᠤᠷᠮ᠎ᠠ᠂ ᠲᠠᠷᠠᠬᠠᠢ ᠬᠡᠯᠪᠡᠷᠢ ᠶᠢᠨ ᠬᠡᠷᠡᠭᠴᠡᠭᠡᠲᠦ ᠬᠢᠮᠢ ᠶᠢᠨ ᠪᠣᠳᠠᠰ ᠢᠶᠠᠷ

ᠰᠢᠭᠰᠢᠨ ᠪᠠᠶᠢᠴᠠᠭᠠᠬᠤ ᠭᠤᠣᠯᠳᠠᠯᠭ᠎ᠠ ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠪᠠ ᠠᠷᠠᠳ ᠣᠯᠠᠨ ᠤ

ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠬᠤᠣᠷ ᠬᠦᠨᠦᠭᠡᠯ ᠤᠴᠠᠷᠠᠭᠤᠯᠬᠤ ᠬᠤᠣᠷᠲᠠᠢ ᠬᠢᠮᠢ ᠶᠢᠨ ᠪᠣᠳᠠᠰ ᠢ ᠦᠨᠡᠯᠡᠨ

ᠵᠢᠱᠢᠵᠦ ᠢᠯᠭᠠᠨ ᠲᠠᠨᠢᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠮᠢ ᠠᠬᠤᠶ ᠣᠷᠴᠢᠨ

ᠲᠣᠭᠤᠷᠢᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ

ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

    4. ᠰᠢᠨ᠎ᠡ ᠪᠣᠬᠢᠷᠲᠤᠯ ᠪᠣᠳᠠᠰ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠥᠬᠦ

ᠠᠶᠢᠮᠠᠭ ᠤᠨ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠠᠷᠢᠨ ᠬᠠᠭᠤᠳᠠᠰᠤ ᠶᠢ ᠲᠣᠭᠲᠠᠭᠠᠨ᠎ᠠ᠃ ᠬᠢᠮᠢ ᠶᠢᠨ ᠪᠣᠳᠠᠰ

ᠵᠢᠴᠢ ᠨᠢᠶᠠᠨ ᠳᠠᠷᠤᠭᠴᠢ᠂ ᠪᠢᠴᠢᠯ ᠰᠦᠯᠢᠶᠦᠦ ᠵᠡᠷᠭᠡ ᠭᠤᠣᠯᠳᠠᠯᠭ᠎ᠠ ᠲᠠᠢ ᠰᠢᠨ᠎ᠡ ᠪᠣᠬᠢᠷᠳᠤᠯ ᠪᠣᠳᠠᠰ ᠢ ᠤᠷᠢᠳᠠᠪᠠᠷ

ᠡᠵᠡᠮᠳᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠨᠢᠭᠡ ᠪᠦᠲᠦᠭᠡᠭᠳᠡᠬᠦᠨ ᠳᠤ ᠨᠢᠭᠡ ᠠᠷᠭ᠎ᠠ ᠪᠣᠳᠣᠯᠭ᠎ᠠ

ᠠᠪᠬᠤ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠤᠯᠤᠰ ᠠᠴᠠ ᠨᠡᠶᠢᠲᠡᠯᠡᠭᠰᠡᠨ ︽

ᠰᠢᠨ᠎ᠡ ᠪᠣᠬᠢᠷᠲᠤᠯ ᠪᠣᠳᠠᠰ ᠢ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠠᠷᠢᠨ ᠬᠠᠭᠤᠳᠠᠰᠤ︾ ᠶᠢ ᠴᠢᠩᠭ᠎ᠠ

ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠠᠷᠢᠨ ᠬᠠᠭᠤᠳᠠᠰᠤ ᠳᠤ ᠵᠢᠭᠰᠠᠭᠠᠨ

ᠣᠷᠣᠭᠤᠯᠤᠭᠰᠠᠨ ᠰᠢᠨ᠎ᠡ ᠪᠣᠬᠢᠷᠲᠤᠯ ᠪᠣᠳᠠᠰ ᠲᠤ ᠴᠠᠭᠠᠵᠠᠯᠠᠬᠤ᠂ ᠬᠢᠵᠠᠭᠠᠷᠯᠠᠬᠤ᠂ ᠭᠠᠳᠠᠭᠰᠢᠯᠠᠭᠤᠯᠬᠤ ᠵᠡᠷᠭᠡ

ᠣᠷᠴᠢᠨ ᠲᠣᠭᠤᠷᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠬᠢᠮᠢ ᠶᠢᠨ

ᠪᠣᠳᠠᠰ ᠤᠨ ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠪᠠᠶᠢᠴᠠᠭᠠᠯᠲᠠ ᠶᠢᠨ ᠪᠠᠶᠢᠳᠠᠯ ᠢ ᠦᠨᠳᠦᠰᠦᠯᠡᠨ᠂ ᠪᠥᠬᠦ

ᠠᠶᠢᠮᠠᠭ ᠤᠨ ᠰᠢᠨ᠎ᠡ ᠪᠣᠬᠢᠷᠲᠤᠯ ᠪᠣᠳᠠᠰ ᠢ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠥᠬᠦᠪᠥᠷᠢ ᠨᠠᠷᠢᠨ ᠬᠠᠭᠤᠳᠠᠰᠤ

ᠪᠠ ᠬᠠᠮᠢᠶᠠᠷᠤᠨ ᠡᠵᠡᠮᠳᠡᠬᠦ ᠲᠥᠰᠦᠯ ᠢ ᠬᠥᠳᠡᠯᠦᠩᠭᠦᠶ ᠪᠠᠷ ᠲᠣᠭᠲᠠᠭᠠᠨ᠎ᠠ᠃ ︵ᠬᠠᠷᠢᠭᠤᠴᠠᠯᠭᠠᠲᠤ ᠨᠢᠭᠡᠴᠡ᠄

ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠲᠦᠷᠦᠭᠦᠯᠡᠵᠦ᠂ ᠠᠶᠢᠮᠠᠭ ᠤᠨ ᠠᠵᠤ ᠦᠢᠯᠡᠳᠪᠦᠷᠢ

ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠷᠡᠭᠦᠯ ᠬᠠᠮᠠᠭᠠᠯᠠᠯ

ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠷᠠᠰᠢᠶᠠᠨ

ᠪᠣᠭᠤᠮᠲᠠ ᠵᠡᠷᠭᠡ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

    ︵ᠬᠤᠶᠠᠷ︶ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠳᠠᠯᠠᠵᠤ᠂ ᠰᠢᠨ᠎ᠡ ᠪᠣᠬᠢᠷᠲᠤᠯ ᠪᠣᠳᠠᠰ ᠤᠨ

ᠡᠭᠦᠰᠬᠦ ᠶᠢ ᠰᠡᠷᠭᠡᠶᠢᠯᠡᠨ᠎ᠡ᠃

    5. ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠳᠠᠩᠰᠠᠯᠠᠨ ᠲᠡᠮᠳᠡᠭᠯᠡᠬᠦ

ᠳᠦᠷᠢᠮ ᠢ ᠨᠠᠶᠢᠳᠠᠪᠤᠷᠢᠵᠢᠭᠤᠯᠤᠨ᠎ᠠ᠃ ︽ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ

ᠳᠠᠩᠰᠠᠯᠠᠬᠤ ᠠᠷᠭ᠎ᠠ︾ ᠶᠢ ᠴᠢᠩᠭ᠎ᠠ ᠬᠡᠷᠡᠭᠵᠢᠭᠦᠯᠵᠦ᠂ ᠰᠢᠨ᠎ᠡ ᠬᠢᠮᠢ ᠶᠢᠨ ᠪᠣᠳᠠᠰ ᠤᠨ ᠰᠤᠳᠤᠯᠤᠯ᠂ ᠦᠢᠯᠡᠳᠪᠦᠷᠢᠯᠡᠯ

᠂ ᠭᠠᠳᠠᠭᠠᠳᠤ ᠠᠴᠠ ᠣᠷᠣᠭᠤᠯᠬᠤ ᠪᠠ ᠡᠳ᠋ᠰᠢᠭᠦᠯᠦᠨ ᠬᠡᠷᠡᠭᠯᠡᠬᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢ

ᠰᠢᠮᠳᠠᠭᠤᠯᠵᠤ ᠪᠠᠶᠢᠭᠠᠳ ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ

ᠳᠡᠩᠰᠡᠯᠡᠯᠲᠡ ᠶᠢ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ

ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ︽

ᠬᠤᠶᠠᠷ ᠢ ᠲᠠᠰᠢᠷᠠᠮ ᠢᠶᠠᠷ᠂ ᠨᠢᠭᠡ ᠶᠢ ᠢᠯᠡ ᠪᠣᠯᠭᠠᠬᠤ︾ ᠵᠠᠷᠴᠢᠮ ᠶᠣᠰᠣᠭᠠᠷ᠂ ᠰᠢᠨ᠎ᠡ ᠬᠢᠮᠢ ᠶᠢᠨ ᠪᠣᠳᠠᠰ ᠤᠨ

ᠣᠷᠴᠢᠨ ᠲᠣᠭᠤᠷᠢᠨ ᠤ ᠬᠠᠮᠢᠶᠠᠷᠤᠯᠲᠠ ᠶᠢᠨ ᠵᠦᠢᠯᠡᠰ ᠢ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠣᠨ ᠤ

ᠠᠵᠢᠯ ᠤᠨ ᠲᠥᠯᠥᠪᠯᠡᠭᠡ ᠳᠤ ᠣᠷᠣᠭᠤᠯᠵᠤ᠂ ᠰᠢᠨ᠎ᠡ ᠬᠢᠮᠢ ᠶᠢᠨ ᠪᠣᠳᠠᠰ ᠤᠨ ᠦᠢᠯᠡᠳᠪᠦᠷᠢᠯᠡᠭᠴᠢ᠂ ᠭᠠᠳᠠᠭᠠᠳᠤ ᠠᠴᠠ

ᠣᠷᠣᠭᠤᠯᠤᠭᠴᠢ ᠪᠠ ᠡᠳ᠋ᠰᠢᠭᠦᠯᠦᠨ ᠬᠡᠷᠡᠭᠯᠡᠭᠴᠢ ᠶᠢᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠢ

ᠴᠢᠩᠭᠠᠷᠠᠭᠤᠯᠵᠤ᠂ ᠰᠢᠨ᠎ᠡ ᠬᠢᠮᠢ ᠶᠢᠨ ᠪᠣᠳᠠᠰ ᠲᠤ ᠬᠤᠯᠪᠣᠭᠳᠠᠬᠤ ᠣᠷᠴᠢᠨ ᠲᠣᠭᠤᠷᠢᠨ ᠤ ᠬᠠᠤᠯᠢ ᠠᠴᠠ

ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︵ᠬᠠᠷᠢᠭᠤᠴᠠᠯᠭᠠᠲᠤ ᠨᠢᠭᠡᠴᠡ᠄

ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ︶

    6. ᠰᠢᠭᠰᠢᠭᠳᠡᠭᠦᠯᠬᠦ ᠶᠢ ᠬᠢᠵᠠᠭᠠᠷᠯᠠᠵᠤ ᠬᠡᠷᠡᠭᠯᠡᠬᠦ ᠠᠷᠭ᠎ᠠ ᠬᠡᠮᠵᠢᠶ᠎ᠡ ᠵᠢᠴᠢ ᠠᠭᠤᠯᠤᠭᠳᠠᠴᠠ ᠶᠢ ᠬᠢᠵᠠᠭᠠᠷᠯᠠᠬᠤ

ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠤᠯᠤᠰ ᠤᠨ ᠠᠵᠤ ᠦᠢᠯᠡᠰ ᠤᠨ ᠪᠦᠲᠦᠴᠡ ᠶᠢ

ᠲᠣᠬᠢᠷᠠᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ

ᠵᠢᠯᠣᠭᠤᠳᠬᠤ ᠭᠠᠷᠴᠠᠭ︾ ᠲᠤ ᠣᠷᠣᠭᠤᠯᠤᠨ ᠰᠢᠭᠰᠢᠭᠳᠡᠭᠦᠯᠬᠦ ᠲᠥᠷᠥᠯ ᠤᠨ ᠠᠵᠤ ᠦᠢᠯᠡᠳᠪᠦᠷᠢ ᠶᠢᠨ ᠬᠢᠮᠢ ᠶᠢᠨ

ᠪᠣᠳᠠᠰ᠂ ᠲᠠᠷᠢᠶᠠᠨ ᠡᠮ᠂ ᠮᠠᠯ ᠤᠨ ᠡᠮ᠂ ᠵᠠᠰᠠᠯ ᠴᠢᠮᠡᠭ ᠤᠨ ᠡᠳ᠋ ᠵᠡᠷᠭᠡ ᠳᠤ ᠴᠠᠭ ᠲᠤᠬᠠᠶ ᠳᠤᠨᠢ ᠰᠢᠮᠳᠠᠭᠤᠯᠤᠨ

ᠵᠢᠯᠣᠭᠤᠳᠴᠤ ᠪᠠᠶᠢᠭᠠᠳ ᠠᠵᠤ ᠠᠬᠤᠶᠢᠯᠠᠯ ᠢ ᠬᠤᠭᠤᠴᠠᠭ᠎ᠠ ᠬᠢᠵᠠᠭᠠᠷᠯᠠᠨ ᠰᠢᠭᠰᠢᠭᠳᠡᠭᠦᠯᠵᠦ᠂ ᠬᠤᠭᠤᠴᠠᠭ᠎ᠠ

ᠶᠣᠰᠣᠭᠠᠷ ᠰᠢᠭᠰᠢᠭᠳᠡᠭᠦᠯᠦᠭᠰᠡᠨ ᠦᠭᠡᠶ ᠪᠣᠯ᠂ ᠦᠢᠯᠡᠳᠬᠦᠨ ᠤ ᠳᠠᠩᠰᠠᠯᠠᠯ ᠪᠤᠶᠤ ᠦᠢᠯᠡᠳᠪᠦᠷᠢᠯᠡᠬᠦ ᠵᠥᠪᠰᠢᠶᠡᠷᠡᠯ ᠤᠨ

ᠦᠨᠡᠮᠯᠡᠯ ᠢ ᠨᠢ ᠬᠢᠨᠠᠨ ᠣᠯᠭᠤᠬᠤ ᠶᠢ ᠬᠠᠤᠯᠢ ᠶᠣᠰᠣᠭᠠᠷ ᠵᠣᠭᠰᠣᠭᠠᠬᠤ ᠬᠡᠷᠡᠭᠲᠡᠶ᠃ ᠣᠷᠴᠢᠨ ᠲᠣᠭᠤᠷᠢᠨ ᠤ

ᠨᠥᠯᠥᠭᠡᠯᠡᠯ ᠢ ᠦᠨᠡᠯᠡᠬᠦ ᠬᠠᠮᠢᠶᠠᠷᠤᠯᠲᠠ ᠶᠢ ᠴᠢᠩᠭᠠᠷᠠᠭᠤᠯᠤᠨ᠂ ᠰᠢᠨ᠎ᠡ ᠪᠣᠬᠢᠷ ᠪᠣᠳᠠᠰ ᠭᠠᠳᠠᠭᠰᠢᠯᠠᠭᠤᠯᠬᠤ ᠪᠦᠲᠦᠭᠡᠨ

ᠪᠠᠶᠢᠭᠤᠯᠤᠯᠲᠠ ᠶᠢᠨ ᠲᠥᠷᠥᠯ ᠵᠦᠢᠯ ᠳᠤ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢ ᠴᠢᠩᠳᠠᠯᠠᠨ᠎ᠠ᠃

ᠭᠠᠳᠠᠭᠠᠳᠤ ᠠᠴᠠ ᠣᠷᠣᠭᠤᠯᠬᠤ ᠶᠢ ᠴᠠᠭᠠᠵᠠᠯᠠᠭᠰᠠᠨ ᠪᠠᠷᠠᠭᠠᠨ ᠤ ᠭᠠᠷᠴᠠᠭ ᠪᠠ ︽ᠳᠤᠮᠳᠠᠳᠤ ᠤᠯᠤᠰ ᠬᠤᠣᠷᠲᠠᠢ

ᠬᠢᠮᠢ ᠶᠢᠨ ᠪᠣᠳᠠᠰ ᠤᠨ ᠨᠡᠷᠡᠰ ᠤᠨ ᠵᠢᠭᠰᠠᠭᠠᠯᠲᠠ︾ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ

ᠨᠠᠶᠢᠳᠠᠪᠤᠷᠢᠵᠢᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠬᠠᠮᠢᠶᠠᠷᠤᠨ ᠡᠵᠡᠮᠳᠡᠬᠦ ᠶᠢ

ᠴᠢᠩᠭᠠᠳᠬᠠᠬᠤ ᠬᠡᠷᠡᠭᠲᠡᠢ᠃ ᠨᠢᠭᠡᠨᠲᠡ ᠰᠢᠭᠰᠢᠭᠳᠡᠭᠦᠯᠦᠭᠰᠡᠨ ᠤᠳᠠᠭᠠᠨ ᠴᠢᠨᠠᠷᠲᠠᠢ ᠣᠷᠭᠠᠨᠢᠭ ᠪᠣᠬᠢᠷᠲᠤᠯ ᠪᠣᠳᠠᠰ ᠵᠡᠷᠭᠡ

ᠰᠢᠨ᠎ᠡ ᠪᠣᠬᠢᠷᠲᠤᠯ ᠪᠣᠳᠠᠰ ᠢ ᠬᠠᠤᠯᠢ ᠪᠤᠰᠤ ᠪᠠᠷ ᠦᠢᠯᠡᠳᠪᠦᠷᠢᠯᠡᠬᠦ ᠪᠠ ᠡᠳ᠋ᠰᠢᠭᠦᠯᠦᠨ ᠬᠡᠷᠡᠭᠯᠡᠬᠦ ᠳᠤ ᠴᠢᠩᠭ᠎ᠠ

ᠴᠣᠬᠢᠯᠲᠠ ᠥᠭᠴᠦ᠂ ᠰᠢᠨ᠎ᠡ ᠪᠠᠷ ᠨᠡᠮᠡᠭᠳᠡᠭᠰᠡᠨ ᠤᠳᠠᠭᠠᠨ ᠴᠢᠨᠠᠷᠲᠠᠢ ᠣᠷᠭᠠᠨᠢᠭ ᠪᠣᠬᠢᠷᠲᠤᠯ ᠪᠣᠳᠠᠰ ᠢ ᠬᠠᠮᠢᠶᠠᠷᠤᠨ

ᠡᠵᠡᠮᠳᠡᠬᠦ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠰᠢᠨ᠎ᠡ ᠪᠣᠬᠢᠷᠲᠤᠯ ᠤᠨ

ᠵᠦᠢᠯᠡᠰ ᠤᠨ ᠵᠦᠢᠯᠡᠰ᠂ ᠰᠤᠷᠤᠭᠴᠢ ᠶᠢᠨ ᠬᠡᠷᠡᠭᠰᠡᠯ ᠵᠡᠷᠭᠡ ᠬᠠᠮᠢᠶ᠎ᠠ ᠪᠦᠬᠦᠢ ᠦᠢᠯᠡᠳᠬᠦᠨ ᠢ ᠭᠤᠤᠯᠳᠠᠯᠭ᠎ᠠ ᠲᠠᠢ

ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠤᠨ ᠵᠦᠢᠯᠡᠰ ᠤᠨ ᠠᠭᠤᠯᠤᠭᠳᠠᠴᠠ ᠶᠢ ᠡᠵᠡᠮᠳᠡᠬᠦ ᠠᠯᠪᠠᠳᠠᠯᠭ᠎ᠠ ᠶᠢᠨ

ᠴᠢᠨᠠᠷᠲᠠᠶ ᠤᠯᠤᠰ ᠤᠨ ᠪᠠᠷᠢᠮᠵᠢᠶ᠎ᠠ ᠶᠢ ᠤᠬᠠᠭᠤᠯᠤᠨ ᠲᠤᠤᠱᠯᠠᠭᠤᠯᠬᠤ ᠠᠵᠢᠯᠯᠠᠭ᠎ᠠ ᠶᠢ ᠥᠷᠨᠢᠭᠦᠯᠵᠦ᠂ ᠦᠢᠯᠡᠳᠬᠦᠨ ᠤ

ᠬᠡᠷᠡᠭᠯᠡᠭᠡᠨ ᠤ ᠶᠠᠪᠤᠴᠠ ᠳᠤ ᠡᠭᠦᠰᠦᠭᠰᠡᠨ ᠰᠢᠨ᠎ᠡ ᠪᠣᠬᠢᠷᠲᠤᠯ ᠡᠳ᠋ ᠤᠨ ᠣᠷᠴᠢᠨ ᠲᠣᠭᠤᠷᠢᠨ ᠤ

ᠭᠠᠳᠠᠭᠰᠢᠯᠠᠭᠤᠯᠤᠯᠲᠠ ᠶᠢ ᠪᠠᠭᠠᠰᠬᠠᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠵᠤ ᠦᠢᠯᠡᠳᠪᠦᠷᠢ ᠪᠠ

ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠲᠠᠷᠢᠶᠠᠯᠠᠩ ᠮᠠᠯ

ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠷᠠᠰᠢᠶᠠᠨ

ᠪᠣᠭᠤᠮᠲᠠ ᠵᠡᠷᠭᠡ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

    ︵ᠭᠤᠷᠪᠠ︶ ᠶᠠᠪᠤᠴᠠ ᠶᠢ ᠡᠵᠡᠮᠳᠡᠬᠦ ᠶᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠤᠨ

ᠭᠠᠳᠠᠭᠰᠢᠯᠠᠭᠤᠯᠤᠯᠲᠠ ᠶᠢ ᠪᠠᠭᠠᠰᠬᠠᠨ᠎ᠠ᠃

    7. ᠠᠷᠢᠭᠤᠨ ᠴᠡᠪᠡᠷ ᠦᠢᠯᠡᠳᠪᠦᠷᠢᠯᠡᠬᠦ ᠶᠢ ᠲᠦᠯᠬᠢᠨ ᠠᠬᠢᠭᠤᠯᠵᠤ᠂ ᠪᠣᠬᠢᠷᠲᠤᠯ ᠦᠭᠡᠶ ᠦᠢᠯᠡᠳᠬᠦ

ᠪᠠᠷᠢᠮᠵᠢᠶ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠬᠤᠤᠷ ᠬᠥᠨᠥᠭᠡᠯ ᠲᠠᠢ ᠬᠢᠮᠢ ᠶᠢᠨ ᠪᠣᠳᠠᠰ ᠢ ᠬᠡᠷᠡᠭᠯᠡᠨ

ᠦᠢᠯᠡᠳᠪᠦᠷᠢᠯᠡᠬᠦ ᠪᠤᠶᠤ ᠦᠢᠯᠡᠳᠪᠦᠷᠢᠯᠡᠬᠦ ᠶᠠᠪᠤᠴᠠ ᠳᠤ ᠬᠤᠤᠷ ᠬᠥᠨᠥᠭᠡᠯ ᠲᠠᠢ ᠬᠢᠮᠢ ᠶᠢᠨ ᠪᠣᠳᠠᠰ

ᠭᠠᠳᠠᠭᠰᠢᠯᠠᠭᠤᠯᠬᠤ ᠠᠵᠤ ᠠᠬᠤᠶᠢᠯᠠᠯ ᠳᠤ ᠠᠷᠢᠭᠤᠨ ᠴᠡᠪᠡᠷ ᠦᠢᠯᠡᠳᠪᠦᠷᠢᠯᠡᠬᠦ ᠶᠢ ᠬᠢᠨᠠᠨ ᠬᠠᠷᠭᠤᠭᠤᠯᠬᠤ ᠶᠢ ᠬᠠᠤᠯᠢ

ᠶᠣᠰᠣᠭᠠᠷ ᠬᠡᠷᠡᠭᠵᠢᠭᠦᠯᠵᠦ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠲᠦᠭᠦᠬᠡᠶ ᠡᠳ᠋ ᠪᠣᠯᠤᠨ ᠲᠤᠰᠠᠯᠠᠬᠤ

ᠮᠠᠲ᠋ᠧᠷᠢᠶᠠᠯ ᠢ ᠬᠤᠤᠷ ᠥᠬᠡᠶᠢᠳᠡᠭᠦᠯᠦᠨ ᠣᠷᠣᠯᠠᠭᠤᠯᠬᠤ᠂ ᠦᠢᠯᠡᠳᠪᠦᠷᠢᠯᠡᠬᠦ ᠤᠷᠠᠨ ᠳᠠᠷᠬ᠎ᠠ ᠶᠢ ᠬᠤᠤᠷ

ᠥᠬᠡᠶᠢᠳᠡᠭᠦᠯᠦᠨ ᠰᠢᠯᠢᠳᠡᠭᠵᠢᠭᠦᠯᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠷᠢᠭᠤᠨ ᠴᠡᠪᠡᠷ ᠦᠢᠯᠡᠳᠪᠦᠷᠢᠯᠡᠬᠦ

ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠶ᠃ ᠠᠵᠤ ᠠᠬᠤᠶᠢᠯᠠᠯ ᠢ ᠬᠥᠲᠥᠯᠥᠨ

ᠵᠢᠯᠣᠭᠤᠳᠴᠤ ᠣᠯᠠᠨ ᠨᠡᠶᠢᠲᠡ ᠳᠤ ᠮᠡᠳᠡᠭᠳᠡᠬᠦ ᠳᠤ ᠳᠥᠭᠦᠮ ᠠᠷᠭ᠎ᠠ ᠮᠠᠶ᠋ᠢᠭ ᠢᠶᠠᠷ ᠬᠤᠤᠷ ᠬᠥᠨᠥᠭᠡᠯ ᠲᠠᠢ ᠲᠦᠭᠦᠬᠡᠶ

ᠮᠠᠲ᠋ᠧᠷᠢᠶᠠᠯ ᠬᠡᠷᠡᠭᠯᠡᠭᠰᠡᠨ ᠪᠠᠶᠢᠳᠠᠯ ᠵᠢᠴᠢ ᠬᠤᠤᠷ ᠬᠥᠨᠥᠭᠡᠯ ᠲᠠᠢ ᠬᠢᠮᠢ ᠶᠢᠨ ᠪᠣᠳᠠᠰ ᠭᠠᠳᠠᠭᠰᠢᠯᠠᠭᠤᠯᠤᠭᠰᠠᠨ

ᠨᠡᠷᠡᠶᠢᠳᠦᠯ᠂ ᠥᠳᠬᠡᠴᠡ ᠪᠣᠯᠤᠨ ᠲᠤᠭ᠎ᠠ ᠬᠡᠮᠵᠢᠶ᠎ᠡ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠢᠯᠡ ᠨᠡᠶᠢᠲᠡᠯᠡᠬᠦ

ᠬᠡᠷᠡᠭᠲᠡᠶ᠃ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠬᠤᠤᠷ ᠬᠥᠨᠥᠭᠡᠯ ᠲᠠᠢ ᠬᠢᠮᠢ ᠶᠢᠨ ᠪᠣᠳᠠᠰ ᠢ

ᠣᠷᠣᠯᠠᠭᠤᠯᠬᠤ ᠪᠠ ᠭᠠᠳᠠᠭᠰᠢᠯᠠᠭᠤᠯᠬᠤ ᠶᠢ ᠡᠵᠡᠮᠳᠡᠬᠦ ᠱᠠᠭᠠᠷᠳᠠᠯᠭ᠎ᠠ ᠶᠣᠰᠣᠭᠠᠷ ᠪᠣᠬᠢᠷᠲᠤᠯ ᠥᠬᠡᠶ ᠬᠦᠷᠢᠶᠡᠯᠡᠩ

ᠲᠣᠭᠤᠷᠢᠭ᠂ ᠪᠣᠬᠢᠷᠲᠤᠯ ᠥᠬᠡᠶ ᠦᠶ᠋ᠯᠡᠳᠪᠦᠷᠢ᠂ ᠪᠣᠬᠢᠷᠲᠤᠯ ᠥᠬᠡᠶ ᠦᠢᠯᠡᠳᠬᠦᠨ ᠪᠠ ᠪᠣᠬᠢᠷᠲᠤᠯ ᠥᠬᠡᠶ

ᠬᠠᠩᠭᠠᠯᠭ᠎ᠠ ᠶᠢᠨ ᠬᠡᠯᠬᠢᠶ᠎ᠡ ᠵᠡᠷᠭᠡ ᠪᠣᠬᠢᠷᠲᠤᠯ ᠥᠬᠡᠶ ᠦᠶ᠋ᠯᠡᠳᠬᠦ ᠪᠠᠷᠢᠮᠵᠢᠶ᠎ᠠ ᠶᠢᠨ ᠰᠢᠰᠲ᠋ᠧᠮᠵᠢ ᠳᠤ ᠣᠷᠣᠭᠤᠯᠬᠤ

ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ

ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ

ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ

ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ

ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

    8. ᠨᠢᠶᠠᠨ ᠳᠠᠷᠤᠭᠴᠢ ᠶᠢᠨ ᠲᠥᠷᠥᠯ ᠤᠨ ᠡᠮ ᠤᠨ ᠬᠡᠷᠡᠭᠯᠡᠯᠲᠡ ᠬᠠᠮᠢᠶᠠᠷᠤᠯᠲᠠ ᠶᠢ ᠵᠢᠷᠤᠮᠵᠢᠭᠤᠯᠵᠤ᠂

ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢ ᠥᠷᠨᠢᠭᠦᠯᠦᠨ᠎ᠡ᠃ ᠪᠠᠺᠲ᠋ᠧᠷᠢ ᠳᠠᠷᠤᠬᠤ ᠡᠮ ᠤᠨ ᠵᠦᠢᠯ ᠢ ᠡᠮᠴᠢᠯᠡᠭᠡᠨ ᠳᠤ

ᠬᠡᠷᠡᠭᠯᠡᠬᠦ ᠬᠠᠮᠢᠶᠠᠷᠤᠯᠲᠠ ᠶᠢ ᠴᠢᠩᠭᠠᠷᠠᠭᠤᠯᠤᠨ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠨᠢ ᠵᠣᠷ ᠢᠶᠠᠷ ᠢᠶᠠᠨ

ᠡᠮ ᠤᠨ ᠵᠦᠢᠯ ᠤᠨ ᠪᠠᠺᠲ᠋ᠤᠷᠢ ᠡᠰᠡᠷᠭᠦ ᠡᠮ ᠢ ᠪᠣᠷᠣᠯᠠᠭᠤᠯᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠵᠦ

᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃

ᠮᠠᠯ ᠤᠨ ᠪᠠᠺᠲ᠋ᠧᠷᠢ ᠳᠠᠷᠤᠬᠤ ᠡᠮ ᠳᠤ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠨ᠂ ᠮᠠᠯ ᠤᠨ ᠪᠠᠺᠲ᠋ᠧᠷᠢ

ᠳᠠᠷᠤᠬᠤ ᠡᠮ ᠢ ᠬᠡᠷᠡᠭᠯᠡᠬᠦ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢ ᠬᠡᠷᠡᠭᠵᠢᠭᠦᠯᠵᠦ᠂ ᠮᠢᠬ᠎ᠠ ᠥᠨᠳᠡᠭᠡ ᠰᠦ᠋ ᠶᠢᠨ

ᠭᠤᠤᠯ ᠪᠣᠯᠬᠤ ᠮᠠᠯ ᠤᠨᠤᠭ᠎ᠠ ᠲᠡᠵᠢᠭᠡᠪᠦᠷᠢ ᠵᠢᠭᠦᠷᠲᠡᠨ ᠤ ᠲᠥᠷᠥᠯ ᠵᠦᠢᠯ ᠢ ᠦᠢᠯᠡᠳᠪᠦᠷᠢᠯᠡᠬᠦ ᠪᠠᠷ ᠭᠤᠤᠯᠳᠠᠯᠭ᠎ᠠ

ᠪᠣᠯᠭᠠᠨ᠂ ᠮᠠᠯ ᠤᠨ ᠡᠮ ᠬᠡᠷᠡᠭᠯᠡᠭᠰᠡᠨ ᠲᠡᠮᠳᠡᠭᠯᠡᠯ᠂ ᠮᠠᠯ ᠤᠨ ᠬᠡᠷᠡᠭᠯᠡᠬᠦ ᠡᠮ ᠤᠨ ᠵᠣᠷ ᠪᠠ ᠮᠠᠯ ᠤᠨ ᠡᠮ ᠢ ᠲᠦᠷ

ᠵᠣᠭᠰᠣᠭᠠᠬᠤ ᠬᠤᠭᠤᠴᠠᠭᠠᠨ ᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠲᠡᠵᠢᠭᠡᠨ ᠦᠷᠡᠵᠢᠭᠦᠯᠬᠦ

ᠲᠠᠯᠠᠪᠠᠶ ᠶᠢᠨ ᠡᠮ ᠬᠡᠷᠡᠭᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠠᠮᠢᠲᠠᠨ ᠤ ᠪᠦᠲᠦᠭᠡᠭᠳᠡᠬᠦᠨ ᠤ ᠨᠢᠭᠡᠴᠡ ᠶᠢᠨ

ᠮᠠᠯ ᠤᠨ ᠬᠡᠷᠡᠭᠯᠡᠬᠦ ᠪᠠᠺᠲ᠋ᠧᠷᠢ ᠳᠠᠷᠤᠬᠤ ᠡᠮ ᠬᠡᠷᠡᠭᠯᠡᠬᠦ ᠨᠢ ᠪᠠᠭᠤᠷᠠᠬᠤ ᠬᠠᠨᠳᠤᠰᠢ ᠶᠢ ᠪᠠᠲᠤᠯᠠᠵᠤ᠂ ᠮᠠᠯ ᠤᠨᠤᠭ᠎ᠠ

ᠲᠡᠵᠢᠭᠡᠪᠦᠷᠢ ᠵᠢᠭᠦᠷᠲᠡᠨ ᠤ ᠦᠢᠯᠡᠳᠬᠦᠨ ᠤ ᠮᠠᠯ ᠤᠨ ᠬᠡᠷᠡᠭᠯᠡᠬᠦ ᠪᠠᠺᠲ᠋ᠧᠷᠢ ᠳᠠᠷᠤᠬᠤ ᠡᠮ ᠤᠨ ᠦᠯᠡᠳᠡᠭᠳᠡᠯ ᠤᠨ

ᠬᠡᠮᠵᠢᠶ᠎ᠡ ᠶᠢ ᠪᠠᠭᠤᠷᠠᠭᠤᠯᠵᠤ᠂ ᠮᠠᠯ ᠤᠨ ᠡᠮ ᠡᠵᠡᠩᠨᠡᠬᠦ᠂ ᠬᠡᠷᠡᠭᠯᠡᠬᠦ ᠭᠤᠭᠴᠤᠭ᠎ᠠ ᠳᠤ ᠦᠯᠢᠭᠡᠷ ᠠᠪᠴᠤ ᠥᠭᠬᠦ ᠶᠢᠨ

ᠬᠠᠮᠲᠤ ᠬᠠᠭᠤᠷᠮᠠᠭ ᠴᠢᠨᠠᠷ ᠮᠠᠭᠤ ᠮᠠᠯ ᠤᠨ ᠡᠮ ᠤᠨ ᠦᠢᠯᠡᠳᠬᠦᠨ ᠢ ᠪᠠᠶᠢᠴᠠᠭᠠᠨ ᠰᠢᠶ᠋ᠳᠪᠦᠷᠢᠯᠡᠵᠦ᠂ ᠲᠡᠵᠢᠭᠡᠨ

ᠦᠷᠡᠵᠢᠭᠦᠯᠬᠦ ᠦᠢᠯᠡᠰ ᠤᠨ ᠠᠶᠤᠯ ᠦᠭᠡᠶ ᠪᠠ ᠠᠮᠢᠲᠠᠨ ᠤ ᠦᠢᠯᠡᠳᠬᠦᠨ ᠤ ᠶᠠᠰᠤ ᠴᠢᠨᠠᠷ ᠤᠨ ᠠᠶᠤᠯ ᠦᠭᠡᠶ

ᠦᠢᠯᠡᠳᠪᠦᠷᠢᠯᠡᠬᠦ ᠶᠢ ᠪᠠᠲᠤᠯᠠᠬᠤ ᠬᠡᠷᠡᠭᠲᠡᠶ᠃ 2025 ᠤᠨ ᠪᠣᠯᠬᠤ ᠳᠤ᠂ 50% ᠠᠴᠠ ᠳᠡᠭᠡᠭᠰᠢᠬᠢ ᠬᠡᠪᠴᠢᠶᠡᠲᠦ

ᠲᠡᠵᠢᠭᠡᠨ ᠦᠷᠡᠵᠢᠭᠦᠯᠬᠦ ᠲᠠᠯᠠᠪᠠᠶ ᠳᠤ ᠲᠡᠵᠢᠭᠡᠨ ᠦᠷᠡᠵᠢᠭᠦᠯᠬᠦ ᠶᠢ ᠪᠠᠭᠠᠰᠬᠠᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ︵

ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠷᠡᠭᠦᠯ ᠬᠠᠮᠠᠭᠠᠯᠠᠯ

ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ

ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

    9. ᠲᠠᠷᠢᠶᠠᠨ ᠡᠮ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ

ᠬᠠᠶᠠᠭᠳᠠᠮᠠᠯ ᠪᠣᠳᠠᠰ ᠢ ᠬᠤᠷᠢᠶᠠᠨ ᠠᠪᠬᠤ ᠠᠵᠢᠯ ᠢ ᠵᠢᠷᠤᠮᠵᠢᠭᠤᠯᠬᠤ ᠬᠡᠷᠡᠭᠲᠡᠶ᠃ ᠡᠮ ᠢ ᠬᠢᠵᠠᠭᠠᠷᠯᠠᠨ ᠬᠤᠤᠷ

ᠬᠥᠨᠥᠭᠡᠯ ᠢ ᠪᠠᠭᠠᠰᠬᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠠᠷᠢᠶᠠᠨ ᠡᠮ ᠬᠡᠷᠡᠭᠯᠡᠬᠦ ᠵᠢᠯᠣᠭᠤᠳᠣᠯᠭ᠎ᠠ ᠶᠢ

ᠴᠢᠩᠭᠠᠷᠠᠭᠤᠯᠤᠨ᠂ ᠬᠤᠤᠷ ᠪᠠᠭᠠᠲᠠᠶ ᠦᠯᠡᠳᠡᠭᠳᠡᠯ ᠪᠠᠭ᠎ᠠ ᠲᠠᠷᠢᠶᠠᠨ ᠡᠮ ᠢ ᠬᠡᠷᠡᠭᠯᠡᠬᠦ ᠶᠢ ᠬᠡᠷᠡᠭᠵᠢᠭᠦᠯᠦᠨ᠎ᠡ᠃

ᠤᠷᠭᠤᠮᠠᠯ ᠢ ᠬᠠᠮᠠᠭᠠᠯᠠᠬᠤ ᠥᠨᠳᠥᠷ ᠪᠦᠲᠦᠮᠵᠢᠲᠡᠶ ᠮᠠᠰᠢᠨ ᠢ ᠳᠡᠯᠭᠡᠷᠡᠭᠦᠯᠵᠦ᠂ ᠨᠢᠭᠡᠳᠦᠯᠲᠡᠶ ᠰᠡᠷᠭᠡᠶᠢᠯᠡᠨ ᠵᠠᠰᠠᠬᠤ ᠪᠠ

ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠶᠢ ᠠᠭᠤᠰᠤᠯᠴᠠᠭᠤᠯᠬᠤ ᠶᠢ ᠠᠬᠢᠭᠤᠯᠵᠤ᠂ ᠲᠠᠷᠢᠮᠠᠯ ᠤᠨ ᠡᠪᠡᠳᠴᠢᠨ

ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠪᠠ ᠰᠢᠨᠵᠢᠯᠡᠬᠦ

ᠤᠬᠠᠭᠠᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠠᠷᠢᠶᠠᠨ ᠡᠮ ᠬᠡᠷᠡᠭᠯᠡᠬᠦ ᠡᠷᠴᠢᠮ ᠢ ᠪᠠᠭᠤᠷᠠᠭᠤᠯᠤᠨ᠎ᠠ᠃

ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠮᠢ ᠠᠬᠤᠶ ᠶᠢᠨ ᠲᠣᠬᠢᠷᠠᠭᠤᠯᠤᠯ ᠡᠵᠡᠮᠳᠡᠯ᠂

ᠡᠭᠡᠯᠢᠯᠡᠭᠡ ᠶᠢᠨ ᠥᠳᠥᠭᠡᠯᠭᠡ᠂ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠹᠢᠽᠢᠺ ᠬᠢᠮᠢ ᠶᠢᠨ ᠥᠳᠥᠭᠡᠨ ᠡᠵᠡᠮᠳᠡᠬᠦ᠂

ᠰᠢᠨᠵᠢᠯᠡᠬᠦ ᠤᠬᠠᠭᠠᠨᠴᠢ ᠪᠠᠷ ᠡᠮ ᠬᠡᠷᠡᠭᠯᠡᠬᠦ ᠵᠡᠷᠭᠡ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ

ᠲᠥᠪᠯᠡᠷᠡᠭᠦᠯᠦᠨ ᠳᠡᠯᠭᠡᠷᠡᠭᠦᠯᠵᠦ᠂ ᠬᠢᠮᠢ ᠶᠢᠨ ᠲᠠᠷᠢᠶᠠᠨ ᠡᠮ ᠬᠡᠷᠡᠭᠯᠡᠬᠦ ᠤᠳᠠᠭ᠎ᠠ ᠪᠠ ᠬᠡᠷᠡᠭᠯᠡᠬᠦ ᠬᠡᠮᠵᠢᠶ᠎ᠡ ᠶᠢ

ᠪᠠᠭᠠᠰᠬᠠᠨ᠎ᠠ᠃ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠶᠢ

ᠦᠷᠭᠦᠯᠵᠢᠯᠡᠨ ᠠᠬᠢᠭᠤᠯᠵᠤ᠂ ᠲᠠᠷᠢᠶᠠᠨ ᠡᠮ ᠦᠢᠯᠡᠳᠪᠦᠷᠢᠯᠡᠬᠦ ᠭᠤᠭᠴᠤᠭ᠎ᠠ ᠳᠤ ᠬᠤᠷᠢᠶᠠᠨ ᠠᠪᠬᠤ ᠳᠤ ᠳᠥᠭᠦᠮ

ᠦᠵᠡᠭᠦᠯᠬᠦ ᠶᠡᠭᠡ ᠪᠠᠭᠲᠠᠭᠠᠮᠵᠢᠲᠤ ᠪᠣᠭᠤᠳᠠᠯ ᠤᠨ ᠪᠣᠳᠠᠰ ᠢ ᠬᠡᠷᠡᠭᠯᠡᠬᠦ ᠶᠢ ᠵᠣᠷᠢᠭᠵᠢᠭᠤᠯᠵᠤ᠂ ᠲᠠᠷᠢᠶᠠᠨ ᠡᠮ

ᠦᠢᠯᠡᠳᠪᠦᠷᠢᠯᠡᠭᠴᠢ᠂ ᠡᠵᠡᠩᠨᠡᠭᠴᠢ ᠶᠢᠨ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ

ᠬᠤᠷᠢᠶᠠᠨ ᠠᠪᠬᠤ ᠡᠭᠦᠷᠭᠡ ᠶᠢ ᠭᠦᠢᠴᠡᠳᠬᠡᠬᠦ ᠶᠢ ᠱᠠᠯᠠᠪᠳᠠᠭᠤᠯᠵᠤ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ

ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠶᠢ ᠴᠢᠩᠭᠠᠳᠬᠠᠬᠤ ᠬᠡᠷᠡᠭᠲᠡᠢ᠃ 2025 ᠤᠨ ᠪᠣᠯᠬᠤ ᠳᠤ

᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠨᠣᠷᠮ᠎ᠠ ᠶᠢ 85% ᠠᠴᠠ

ᠳᠡᠭᠡᠭᠰᠢ ᠳᠤ ᠬᠦᠷᠦᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ

ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ

ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

    ︵ᠲᠦᠷᠪᠡ︶ ᠲᠡᠭᠦᠰᠭᠡᠯ ᠦᠵᠦᠭᠦᠷ ᠤᠨ ᠵᠠᠰᠠᠯᠲᠠ ᠶᠢ ᠭᠦᠨᠵᠡᠭᠡᠢᠷᠡᠭᠦᠯᠵᠦ ᠱᠢᠨ᠎ᠡ ᠪᠣᠬᠢᠷᠲᠤᠯ ᠪᠣᠳᠠᠰ ᠤᠨ

ᠣᠷᠴᠢᠨ ᠲᠣᠭᠤᠷᠢᠨ ᠤ ᠲᠦᠭᠱᠢᠭᠦᠷᠢ ᠶᠢ ᠪᠠᠭᠤᠷᠠᠭᠤᠯᠤᠨ᠎ᠠ᠃

    10. ᠰᠢᠨ᠎ᠡ ᠪᠣᠬᠢᠷᠲᠤᠯ ᠪᠣᠳᠠᠰ ᠤᠨ ᠣᠯᠠᠨ ᠣᠷᠴᠢᠨ ᠲᠣᠭᠤᠷᠢᠨ ᠤ ᠵᠠᠭᠤᠴᠢ ᠶᠢ ᠬᠠᠮᠵᠢᠯᠴᠠᠨ ᠵᠠᠰᠠᠬᠤ ᠶᠢ

ᠴᠢᠩᠭᠠᠳᠬᠠᠨ᠎ᠠ᠃ ︽ᠰᠢᠨ᠎ᠡ ᠪᠣᠬᠢᠷᠲᠤᠯ ᠪᠣᠳᠠᠰ ᠢ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠵᠦ ᠪᠠᠶᠢᠭ᠎ᠠ ᠨᠠᠷᠢᠨ

ᠲᠠᠩᠰᠠ︾ ᠳᠤ ᠵᠢᠭᠰᠠᠭᠠᠭᠰᠠᠨ ᠬᠢᠮᠢ ᠶᠢᠨ ᠪᠣᠳᠠᠰ ᠢ ᠭᠠᠳᠠᠭᠰᠢᠯᠠᠭᠤᠯᠵᠤ ᠪᠠᠶᠢᠭ᠎ᠠ ᠠᠵᠤ ᠠᠬᠤᠶᠢᠯᠠᠯ ᠠᠵᠢᠯ

ᠦᠢᠯᠡᠰ ᠤᠨ ᠨᠢᠭᠡᠴᠡ ᠶᠢ ᠭᠤᠤᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠡ ᠳᠤ ᠣᠷᠣᠭᠤᠯᠬᠤ ᠶᠢᠨ ᠬᠠᠮᠲᠤ

ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠵᠦ᠂ ᠪᠣᠬᠢᠷᠲᠤᠯ

ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠭᠤᠶᠤᠴᠢᠯᠠᠨ ᠠᠪᠬᠤ ᠪᠤᠶᠤ ᠪᠣᠬᠢᠷᠲᠤᠯ

ᠭᠠᠳᠠᠭᠰᠢᠯᠠᠭᠤᠯᠬᠤ ᠳᠡᠩᠰᠡᠯᠡᠯᠲᠡ ᠶᠢᠨ ᠬᠦᠰᠦᠨᠦᠭᠲᠦ ᠶᠢ ᠲᠠᠭᠯᠠᠵᠤ᠂ ᠬᠡᠷᠡᠭᠵᠢᠭᠦᠯᠵᠦ ᠪᠠᠶᠢᠭ᠎ᠠ ᠪᠣᠬᠢᠷᠲᠤᠯ ᠢ

ᠬᠢᠵᠠᠭᠠᠷᠯᠠᠬᠤ ᠪᠠᠷᠢᠮᠵᠢᠶ᠎ᠠ ᠶᠢᠨ ᠱᠠᠭᠠᠷᠳᠠᠯᠭ᠎ᠠ ᠵᠢᠴᠢ ᠠᠪᠤᠭᠰᠠᠨ ᠪᠣᠬᠢᠷᠲᠤᠯ ᠢ ᠬᠢᠵᠠᠭᠠᠷᠯᠠᠬᠤ ᠠᠷᠭ᠎ᠠ ᠬᠡᠮᠵᠢᠶ᠎ᠡ ᠶᠢ

ᠲᠣᠳᠣᠷᠬᠠᠶ ᠪᠢᠴᠢᠵᠦ᠂ ᠭᠠᠳᠠᠭᠰᠢᠯᠠᠭᠤᠯᠬᠤ ︵ᠪᠣᠬᠢᠷᠲᠤᠯ︶ ᠠᠮᠠ ᠵᠢᠴᠢ ᠲᠡᠭᠦᠨ ᠤ ᠡᠷᠬᠢᠨ ᠲᠣᠭᠤᠷᠢᠨ ᠤ ᠣᠷᠴᠢᠨ

ᠲᠣᠭᠤᠷᠢᠨ ᠳᠤ ᠲᠣᠭᠲᠠᠮᠠᠯ ᠬᠤᠭᠤᠴᠠᠭ᠎ᠠ ᠲᠠᠢ ᠪᠠᠷ ᠣᠷᠴᠢᠨ ᠲᠣᠭᠤᠷᠢᠨ ᠢ ᠬᠢᠨᠠᠨ ᠬᠡᠮᠵᠢᠬᠦ ᠶᠢ ᠥᠷᠨᠢᠭᠦᠯᠵᠦ᠂

ᠣᠷᠴᠢᠨ ᠲᠣᠭᠤᠷᠢᠨ ᠤ ᠲᠦᠭᠰᠢᠭᠦᠷᠢ ᠶᠢ ᠦᠨᠡᠯᠡᠨ ᠵᠢᠱᠢᠵᠦ᠂ ᠣᠷᠴᠢᠨ ᠲᠣᠭᠤᠷᠢᠨ ᠤ ᠠᠮᠤᠷ ᠲᠦᠪᠰᠢᠨ ᠤ ᠳᠠᠯᠳᠠ

ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠣᠷᠴᠢᠨ ᠲᠣᠭᠤᠷᠢᠨ ᠤ

ᠲᠦᠭᠰᠢᠭᠦᠷᠢ ᠶᠢ ᠰᠡᠷᠭᠡᠶᠢᠯᠡᠨ᠎ᠡ᠃ ᠬᠥᠷᠥᠰᠥ ᠰᠢᠷᠣᠶ ᠶᠢᠨ ᠪᠣᠬᠢᠷᠲᠤᠯ ᠤᠨ ᠭᠤᠤᠯᠳᠠᠯᠭ᠎ᠠ ᠲᠠᠢ ᠬᠢᠨᠠᠨ ᠬᠠᠮᠢᠶᠠᠷᠬᠤ

ᠨᠢᠭᠡᠴᠡ ᠨᠢ ᠬᠤᠤᠷ ᠬᠥᠨᠥᠭᠡᠯ ᠲᠠᠢ ᠪᠣᠳᠠᠰ ᠤᠨ ᠭᠠᠳᠠᠭᠰᠢᠯᠠᠭᠤᠯᠤᠯᠲᠠ ᠶᠢ ᠴᠢᠩᠭ᠎ᠠ ᠬᠢᠵᠠᠭᠠᠷᠯᠠᠵᠤ᠂ ᠬᠥᠷᠥᠰᠥ

ᠰᠢᠷᠣᠶ ᠶᠢᠨ ᠪᠣᠬᠢᠷᠲᠤᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠳᠦᠷᠢᠮ ᠢ ᠪᠠᠶᠢᠭᠤᠯᠵᠤ᠂ ᠬᠤᠤᠷ

ᠬᠥᠨᠥᠭᠡᠯ ᠲᠠᠢ ᠪᠣᠳᠠᠰ ᠤᠨ ᠨᠡᠪᠴᠢᠵᠦ ᠭᠤᠭᠤᠵᠢᠬᠤ᠂ ᠭᠡᠭᠡᠭᠳᠡᠬᠦ᠂ ᠪᠤᠲᠠᠷᠠᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ

᠃ ᠬᠤᠤᠷᠲᠠᠶ ᠬᠥᠨᠥᠭᠡᠯ ᠲᠠᠢ ᠠᠭᠠᠷ ᠮᠠᠨᠳᠠᠯ ᠤᠨ ᠪᠣᠬᠢᠷᠲᠤᠯ ᠪᠣᠳᠠᠰ᠂ ᠤᠰᠤᠨ ᠤ ᠪᠣᠬᠢᠷᠲᠤᠯ ᠪᠣᠳᠠᠰ ᠤᠨ ᠣᠷᠴᠢᠨ

ᠲᠣᠭᠤᠷᠢᠨ ᠢ ᠵᠠᠰᠠᠬᠤ ᠶᠢ ᠦᠨᠡᠨᠬᠦ ᠴᠢᠩᠭᠠᠳᠬᠠᠵᠤ᠂ ᠪᠣᠬᠢᠷᠲᠤᠯ ᠢ ᠬᠢᠵᠠᠭᠠᠷᠯᠠᠬᠤ ᠬᠠᠮᠢᠶ᠎ᠠ ᠪᠦᠬᠦᠢ ᠱᠠᠭᠠᠷᠳᠠᠯᠭ᠎ᠠ ᠶᠢ

ᠨᠠᠶᠢᠳᠠᠪᠤᠷᠢᠵᠢᠭᠤᠯᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠮᠢ ᠠᠬᠤᠶ ᠣᠷᠴᠢᠨ

ᠲᠣᠭᠤᠷᠢᠨ ᠤ ᠲᠣᠪᠴᠢᠶ᠎ᠠ︶

    11. ᠣᠨᠴᠠ ᠰᠢᠨ᠎ᠡ ᠪᠣᠬᠢᠷᠲᠤᠯ ᠪᠣᠳᠠᠰ ᠤᠨ ᠬᠠᠶᠠᠭᠳᠠᠮᠠᠯ ᠪᠣᠳᠠᠰ ᠢ ᠴᠤᠭᠯᠠᠭᠤᠯᠤᠨ ᠠᠰᠢᠭᠯᠠᠬᠤ ᠠᠵᠢᠯ ᠢ

ᠴᠢᠩᠭᠠᠳᠬᠠᠨ᠎ᠠ᠃ ᠬᠠᠶᠠᠭᠳᠠᠮᠠᠯ ᠡᠮ ᠤᠨ ᠵᠦᠢᠯ᠂ ᠬᠠᠶᠠᠭᠳᠠᠮᠠᠯ ᠲᠠᠷᠢᠶᠠᠨ ᠡᠮ ᠵᠢᠴᠢ ᠨᠢᠶᠠᠨ ᠳᠠᠷᠤᠭᠴᠢ ᠶᠢ

ᠦᠢᠯᠡᠳᠪᠦᠷᠢᠯᠡᠬᠦ ᠶᠠᠪᠤᠴᠠ ᠳᠤ ᠡᠭᠦᠰᠦᠭᠰᠡᠨ ᠬᠠᠶᠠᠭᠳᠠᠮᠠᠯ ᠡᠬᠡ ᠰᠢᠩᠭᠡᠨ᠂ ᠬᠠᠶᠠᠭᠳᠠᠮᠠᠯ ᠤᠷᠪᠠᠯ ᠤᠨ ᠰᠠᠭᠤᠷᠢ ᠪᠠ

ᠬᠠᠶᠠᠭᠳᠠᠮᠠᠯ ᠪᠣᠳᠠᠰ ᠢ ᠪᠤᠶᠢᠵᠢᠭᠤᠯᠬᠤ ᠰᠠᠭᠤᠷᠢ ᠵᠡᠷᠭᠡ ᠬᠠᠶᠠᠭᠳᠠᠮᠠᠯ ᠪᠣᠳᠠᠰ ᠢ ᠴᠤᠭᠯᠠᠭᠤᠯᠤᠨ ᠠᠰᠢᠭᠯᠠᠵᠤ

ᠰᠢᠢᠳᠪᠦᠷᠢᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃

ᠣᠳᠣ ᠶᠢᠨ ᠪᠠᠶᠢᠭ᠎ᠠ ᠡᠮᠴᠢᠯᠡᠭᠡᠨ ᠤ ᠬᠠᠶᠠᠭᠳᠠᠮᠠᠯ ᠡᠳ᠋ ᠢ ᠬᠠᠮᠵᠢᠯᠴᠠᠨ ᠰᠢᠶ᠋ᠳᠪᠦᠷᠢᠯᠡᠬᠦ ᠪᠡᠯᠡᠳᠬᠡᠮᠵᠢ ᠶᠢᠨ ᠦᠢᠯᠡᠳᠦᠯ ᠢ

ᠭᠦᠢᠴᠡᠳ ᠪᠠᠳᠠᠷᠠᠭᠤᠯᠵᠤ᠂ ᠬᠠᠶᠠᠭᠳᠠᠮᠠᠯ ᠡᠮ ᠤᠨ ᠵᠦᠢᠯᠡᠰ᠂ ᠬᠠᠶᠠᠭᠳᠠᠮᠠᠯ ᠲᠠᠷᠢᠶᠠᠨ ᠡᠮ ᠢ ᠬᠠᠮᠵᠢᠯᠴᠠᠨ

ᠰᠢᠶ᠋ᠳᠪᠦᠷᠢᠯᠡᠬᠦ ᠶᠢ ᠠᠬᠢᠭᠤᠯᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠮᠢ ᠠᠬᠤᠶ ᠣᠷᠴᠢᠨ

ᠲᠣᠭᠤᠷᠢᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠡᠭᠦᠷᠭᠡ

ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

    ︵ᠲᠠᠪᠤ︶ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠢ ᠵᠠᠰᠠᠬᠤ

ᠰᠠᠭᠤᠷᠢ ᠶᠢ ᠪᠠᠬᠢᠵᠢᠭᠦᠯᠦᠨ᠎ᠡ᠃

    12. ᠰᠢᠨ᠎ᠡ ᠪᠣᠬᠢᠷᠲᠤᠯ ᠪᠣᠳᠠᠰ ᠤᠨ ᠮᠡᠷᠭᠡᠵᠢᠯ ᠤᠨ ᠰᠤᠳᠤᠯᠭᠠᠨ ᠢ ᠥᠷᠨᠢᠭᠦᠯᠦᠨ᠎ᠡ᠃ ᠰᠢᠨ᠎ᠡ ᠪᠣᠬᠢᠷᠲᠤᠯ

ᠪᠣᠳᠠᠰ ᠢ ᠵᠠᠰᠠᠬᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠮᠠᠨ ᠤ ᠠᠶᠢᠮᠠᠭ ᠤᠨ ᠠᠵᠤ ᠠᠬᠤᠶᠢᠯᠠᠯ ᠠᠵᠢᠯ

ᠦᠢᠯᠡᠰ ᠤᠨ ᠨᠢᠭᠡᠴᠢ ᠪᠣᠯᠤᠨ ᠣᠷᠣᠨ ᠤ ᠳᠣᠲᠣᠷ᠎ᠠ ᠭᠠᠳᠠᠨᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ

ᠭᠠᠵᠠᠷ ᠤᠨ ᠳᠡᠭᠡᠳᠦ ᠰᠤᠷᠭᠠᠭᠤᠯᠢ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠵᠦ᠂ ᠰᠢᠨ᠎ᠡ

ᠪᠣᠬᠢᠷᠲᠤᠯ ᠪᠣᠳᠠᠰ ᠢ ᠵᠠᠰᠠᠬᠤ ᠮᠡᠷᠭᠡᠵᠢᠯ ᠤᠨ ᠰᠤᠳᠤᠯᠭᠠᠨ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ

ᠪᠦᠲᠦᠭᠡᠯ ᠢ ᠤᠯᠠᠷᠢᠭᠤᠯᠬᠤ ᠶᠢ ᠬᠠᠮᠲᠤᠷᠠᠨ ᠥᠷᠨᠢᠭᠦᠯᠦᠨ᠎ᠡ᠃ ᠰᠢᠨ᠎ᠡ ᠪᠤᠬᠢᠷᠳᠦᠯ ᠡᠳ᠋ ᠲᠤ ᠬᠤᠯᠪᠤᠠᠠᠳ᠋ᠬᠠᠰᠠᠨ

ᠰᠢᠨᠵᠢᠯᠡᠬᠦ ᠣᠬᠠᠭᠠᠨ ᠤ ᠰᠣᠳᠣᠯᠭᠠᠨ ᠤ ᠦᠷ᠎ᠠ ᠪᠦᠳᠦᠭᠡᠯ ᠢ ᠳᠡᠨᠢᠯᠴᠠᠭᠤᠯᠥᠨ ᠳᠡᠨᠢᠯᠴᠠᠭᠤᠯᠵᠦ ᠦᠪᠡᠷᠳᠡᠭᠡᠨ ᠵᠠᠰᠠᠬᠤ

ᠣᠷᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠱᠠᠩᠨᠠᠯ ᠤᠨ ᠳᠡᠰ ᠤᠨ ᠰᠢᠯᠭᠠᠷᠡᠭᠤᠯᠥᠯᠳᠡ ᠳᠤ ᠣᠷᠣᠯᠴᠠᠭᠤᠯᠥᠨ᠎ᠠ᠃

ᠬᠠᠮᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢ ᠵᠣᠷᠢᠭᠵᠢᠭᠤᠯᠵᠤ ᠪᠠᠶᠢᠭᠠᠳ ᠤᠳᠠᠭᠠᠨ

ᠳᠠᠭᠠᠭᠠᠮᠠᠭᠠᠶ ᠣᠷᠭᠠᠨᠢᠭ ᠪᠣᠬᠢᠷᠲᠤᠯ ᠡᠳ᠋᠂ ᠳᠣᠲᠣᠭᠠᠳᠤ ᠱᠦᠭᠦᠷᠡᠯ ᠤᠨ ᠬᠠᠷᠰᠢᠯᠠᠯ ᠤᠨ ᠪᠣᠳᠠᠰ᠂ ᠨᠢᠶᠠᠨ ᠳᠠᠷᠤᠭᠴᠢ

᠂ ᠪᠢᠴᠢᠯ ᠰᠦᠯᠢᠶᠣᠦ ᠵᠡᠷᠭᠡ ᠠᠮᠢ ᠠᠬᠤᠶ ᠶᠢᠨ ᠣᠷᠴᠢᠨ ᠲᠣᠭᠤᠷᠢᠨ ᠢ ᠬᠤᠬᠢᠷᠠᠭᠤᠯᠬᠤ ᠵᠢᠮ᠎ᠡ ᠶᠣᠰᠣᠨ ᠤ ᠰᠤᠳᠤᠯᠤᠯ

ᠥᠷᠨᠢᠭᠦᠯᠬᠦ ᠶᠢ ᠰᠦᠪᠡᠭᠴᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ

ᠮᠡᠷᠭᠡᠵᠢᠯ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ

ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ

ᠬᠠᠷᠢᠭᠤᠴᠠᠨ᠎ᠠ︶

    13. ᠰᠢᠨ᠎ᠡ ᠪᠣᠬᠢᠷᠲᠤᠯ ᠪᠣᠳᠠᠰ ᠢ ᠵᠠᠰᠠᠬᠤ ᠰᠠᠭᠤᠷᠢ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ

ᠳᠡᠭᠡᠭᠰᠢᠯᠡᠭᠦᠯᠦᠨ᠎ᠡ᠃ ᠰᠢᠨ᠎ᠡ ᠪᠣᠬᠢᠷᠲᠤᠯ ᠪᠣᠳᠠᠰ ᠢ ᠵᠠᠰᠠᠬᠤ ᠳᠤ ᠬᠢᠨᠠᠯᠲᠠ ᠲᠠᠯᠪᠢᠬᠤ᠂ ᠬᠠᠤᠯᠢ ᠬᠡᠷᠡᠭᠵᠢᠭᠦᠯᠬᠦ᠂

ᠬᠢᠨᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠲᠤ ᠬᠢᠨᠠᠯᠲᠠ

ᠲᠠᠯᠪᠢᠬᠤ᠂ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂

ᠪᠥᠬᠦ ᠠᠶᠢᠮᠠᠭ ᠤᠨ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠢ ᠬᠢᠨᠠᠨ ᠬᠡᠮᠵᠢᠬᠦ ᠪᠠ ᠬᠢᠮᠢ ᠶᠢᠨ

ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠦᠨᠡᠯᠡᠨ ᠵᠢᠱᠢᠬᠦ ᠮᠡᠷᠭᠡᠵᠢᠯ ᠤᠨ ᠲᠤᠯᠭᠠᠭᠤᠷᠢᠯᠠᠯ ᠢ ᠪᠠᠲᠤᠯᠠᠬᠤ

ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨ᠎ᠡ ᠪᠤᠬᠢᠷᠳᠦᠯ ᠡᠳ᠋ ᠢ ᠵᠠᠰᠠᠬᠤ ᠮᠡᠳᠡᠭᠡ ᠵᠠᠩᠬᠢᠵᠢᠯᠳᠡ ᠶᠢᠨ ᠬᠢᠷᠢ

ᠭᠡᠮᠵᠢᠶ᠎ᠠ ᠶᠢ ᠴᠢᠩᠭᠠᠷᠡᠭᠤᠯᠵᠦ᠂ ᠡᠯ᠎ᠠ ᠬᠤᠯᠪᠤᠠᠠᠳᠡᠯ ᠪᠦᠬᠦᠢ ᠰᠠᠯᠠᠭ᠎ᠠ ᠮᠦᠴᠢᠷ ᠪᠤᠯᠥᠨ ᠠᠵᠦ ᠠᠬᠤᠶᠢᠯᠠᠯ ᠢ

ᠰᠢᠮᠳᠡᠭᠤᠯᠥᠨ ᠱᠠᠭᠠᠷᠳᠠᠵᠤ ᠪᠠᠶᠢᠭᠠᠳ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠰᠢᠨ᠎ᠡ ᠪᠤᠬᠢᠷᠳᠦᠯ

ᠡᠳ᠋ ᠤᠨ ᠣᠷᠴᠢᠨ ᠲᠤᠭᠤᠷᠢᠨ ᠤ ᠬᠠᠮᠢᠶᠡᠷᠦᠯᠳᠡ ᠶᠢᠨ ᠮᠡᠳᠡᠭᠡ ᠵᠠᠩᠬᠢ ᠶᠢᠨ ᠰᠢᠰᠲ᠋ᠧᠮ ᠢ ᠴᠠᠭ ᠲᠣᠬᠠᠢ ᠳᠤᠨᠢ

ᠲᠠᠭᠯᠠᠨ ᠮᠡᠳᠡᠬᠦᠯᠥᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ

ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ

ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

    ︵ᠨᠢᠭᠡ︶ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠎ᠠ᠃ ᠡᠯ᠎ᠡ ᠬᠤᠰᠢᠭᠤ ᠰᠢᠶᠠᠨ

ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠭᠤᠤᠯ ᠴᠣᠭᠴᠠ ᠶᠢᠨ ᠬᠠᠷᠢᠭᠤᠴᠠᠯᠭ᠎ᠠ ᠪᠠᠨ

ᠴᠢᠩᠭᠠᠷᠠᠭᠤᠯᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭ᠎ᠠ

ᠨᠠᠶᠢᠳᠠᠪᠤᠷᠢᠵᠢᠭᠤᠯᠤᠨ᠂ ᠬᠠᠷᠠᠯᠲᠠᠲᠤ ᠡᠭᠦᠷᠭᠡ ᠶᠢ ᠨᠠᠷᠢᠯᠢᠬᠵᠢᠭᠤᠯᠤᠨ ᠵᠠᠳᠠᠯᠵᠤ᠂ ᠰᠢᠨ᠎ᠡ ᠪᠣᠬᠢᠷᠲᠤᠯ ᠪᠣᠳᠠᠰ ᠢ

ᠵᠠᠰᠠᠬᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠦᠨᠡᠨᠬᠦ ᠰᠠᠶᠢᠲᠤᠷ ᠬᠢᠵᠦ᠂ ᠬᠠᠮᠢᠶ᠎ᠠ ᠪᠥᠬᠦᠶ

ᠬᠠᠷᠢᠭᠤᠴᠠᠯᠭᠠᠲᠤ ᠨᠢᠭᠡᠴᠡ ᠶᠢ ᠰᠢᠮᠳᠠᠭᠤᠯᠵᠤ ᠪᠠᠶᠢᠭᠠᠳ ᠵᠠᠰᠠᠬᠤ ᠱᠠᠭᠠᠷᠳᠠᠯᠭ᠎ᠠ ᠪᠠ ᠠᠷᠭ᠎ᠠ ᠬᠡᠮᠵᠢᠶ᠎ᠡ ᠶᠢ

ᠨᠠᠶᠢᠳᠠᠪᠤᠷᠢᠵᠢᠭᠤᠯᠵᠤ᠂ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠢ ᠨᠠᠶᠢᠳᠠᠪᠤᠷᠢᠵᠢᠭᠤᠯᠤᠨ

ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ

ᠲᠣᠪᠴᠢᠶ᠎ᠠ ᠲᠦᠷᠦᠭᠦᠯᠡᠨ ᠶᠡᠷᠦᠩᠬᠡᠶ ᠠᠵᠢᠯ ᠢ ᠠᠳᠬᠤᠬᠤ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂

ᠬᠥᠭᠵᠢᠭᠦᠯᠦᠯᠲᠡ ᠥᠭᠡᠷᠡᠴᠢᠯᠡᠯᠲᠡ᠂ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠶ᠋ᠯᠡᠳᠪᠦᠷᠢ ᠪᠠ ᠮᠡᠳᠡᠭᠡ

ᠵᠠᠩᠭᠢᠵᠢᠯᠲᠠ᠂ ᠡᠳ᠋ ᠤᠨ ᠵᠠᠰᠠᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂

ᠲᠠᠷᠢᠶᠠᠯᠠᠩ ᠮᠠᠯ ᠠᠵᠤ ᠠᠬᠤᠶ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ

᠂ ᠡᠮ ᠤᠨ ᠵᠦᠶ᠋ᠯ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ᠂ ᠳᠤᠮᠳᠠᠳᠤ ᠤᠯᠤᠰ ᠤᠨ ᠪᠠᠩᠬᠢ ᠶᠢᠨ

ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠩᠭᠠᠨ ᠤ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ

ᠲᠣᠪᠴᠢᠶ᠎ᠠ᠂ ᠪᠣᠭᠤᠮᠲᠠ ᠵᠡᠷᠭᠡ ᠨᠢᠭᠡᠴᠡ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ

ᠵᠥᠪᠳᠡᠯᠴᠡᠵᠦ᠂ ᠪᠥᠬᠦ ᠠᠶᠢᠮᠠᠭ ᠤᠨ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠢ ᠨᠢᠭᠡᠳᠦᠯᠲᠡᠶ ᠲᠥᠯᠥᠪᠵᠢᠭᠦᠯᠦᠨ

ᠠᠬᠢᠭᠤᠯᠵᠤ᠂ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠰᠤᠳᠤᠯᠤᠨ ᠰᠢᠶ᠋ᠳᠪᠦᠷᠢᠯᠡᠬᠦ

ᠬᠡᠷᠡᠭᠲᠡᠶ᠃ ᠡᠯ᠎ᠡ ᠬᠤᠯᠪᠣᠭᠳᠠᠯ ᠪᠥᠬᠦᠶ ᠨᠢᠭᠡᠴᠡ ᠨᠦᠭᠦᠳ ᠬᠠᠮᠲᠤᠷᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠶᠢ

ᠥᠷᠨᠢᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠶᠢ ᠪᠡᠶᠡᠯᠡᠭᠦᠯᠦᠨ᠂ ᠰᠢᠨ᠎ᠡ ᠪᠣᠬᠢᠷᠲᠤᠯ ᠪᠣᠳᠠᠰ ᠢ ᠵᠠᠰᠠᠬᠤ

ᠡᠯ᠎ᠡ ᠵᠦᠢᠯ ᠤᠨ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠵᠦ᠂ 2025 ᠣᠨ ᠳᠤ ᠲᠣᠰ ᠲᠥᠰᠦᠯ ᠢ

ᠬᠡᠷᠡᠭᠵᠢᠭᠦᠯᠦᠭᠰᠡᠨ ᠪᠠᠶᠢᠳᠠᠯ ᠳᠤ ᠪᠥᠬᠦ ᠲᠠᠯ᠎ᠠ ᠶᠢᠨ ᠦᠨᠡᠯᠡᠯᠲᠡ ᠬᠢᠬᠦ ᠬᠡᠷᠡᠭᠲᠡᠶ᠃ ᠰᠢᠨ᠎ᠡ ᠪᠣᠬᠢᠷᠲᠤᠯ ᠪᠣᠳᠠᠰ ᠢ

ᠵᠠᠰᠠᠬᠤ ᠳᠤᠮᠳᠠ ᠣᠷᠣᠰᠢᠵᠤ ᠪᠠᠶᠢᠭ᠎ᠠ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠪᠥᠬᠦ ᠠᠶᠢᠮᠠᠭ ᠤᠨ

ᠭᠤᠤᠯᠳᠠᠯᠭ᠎ᠠ ᠲᠠᠢ ᠵᠠᠰᠠᠬᠤ ᠡᠭᠦᠷᠭᠡ ᠬᠠᠷᠠᠯᠲᠠ ᠳᠤ ᠣᠷᠣᠭᠤᠯᠵᠤ᠂ ᠴᠡᠭᠴᠡᠯᠡᠨ ᠵᠠᠰᠠᠬᠤ ᠶᠢ ᠢᠳᠡᠪᠬᠢᠲᠡᠶ ᠠᠬᠢᠭᠤᠯᠤᠨ

᠂ ᠪᠣᠬᠢᠷᠲᠤᠯ ᠤᠨ ᠳᠠᠯᠳᠠ ᠬᠡᠮ ᠢ ᠠᠷᠢᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠮᠢ ᠠᠬᠤᠶ

ᠣᠷᠴᠢᠨ ᠲᠣᠭᠤᠷᠢᠨ ᠤ ᠲᠣᠪᠴᠢᠶ᠎ᠠ ᠠᠴᠠ ᠲᠦᠷᠦᠭᠦᠯᠡᠵᠦ᠂ ᠡᠯ᠎ᠡ ᠬᠤᠯᠪᠣᠭᠳᠠᠯ ᠪᠥᠬᠦᠶ ᠨᠢᠭᠡᠴᠡ ᠡᠭᠦᠷᠭᠡ

ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

    ︵ᠬᠤᠶᠠᠷ︶ ᠬᠠᠣᠯᠢ ᠬᠡᠷᠡᠭᠵᠢᠬᠦᠯᠦᠯᠳᠡ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ

ᠨᠢᠭᠡᠴᠡ ᠨᠦᠭᠦᠳ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠮᠡᠳᠡᠭᠡᠯᠡᠬᠦ ᠲᠣᠭᠲᠠᠴᠠ ᠶᠢ

ᠪᠠᠶᠢᠭᠤᠯᠵᠤ᠂ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠵᠦ ᠬᠠᠮᠲᠤᠪᠠᠷ ᠭᠥᠷᠳᠡᠬᠦ ᠶᠢ ᠴᠢᠩᠭᠠᠷᠠᠭᠤᠯᠤᠨ᠂ ᠰᠢᠨ᠎ᠡ

ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠬᠠᠤᠯᠢ ᠬᠡᠷᠡᠭᠵᠢᠭᠦᠯᠵᠦ ᠬᠢᠨᠠᠨ

ᠰᠢᠨᠵᠢᠬᠦ ᠪᠠ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠤ ᠬᠢᠨᠠᠨ ᠰᠢᠨᠵᠢᠬᠦ ᠶᠢ ᠴᠢᠩᠭᠠᠳᠬᠠᠨ᠎ᠠ᠃

︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠵᠠᠷᠴᠢᠮ ᠶᠣᠰᠣᠭᠠᠷ᠂ ᠰᠢᠨ᠎ᠡ ᠬᠢᠮᠢ ᠶᠢᠨ ᠪᠣᠳᠠᠰ ᠤᠨ

ᠣᠷᠴᠢᠨ ᠲᠣᠭᠤᠷᠢᠨ ᠤ ᠬᠠᠮᠢᠶᠠᠷᠤᠯᠲᠠ ᠶᠢᠨ ᠵᠦᠢᠯᠡᠰ ᠢ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠣᠨ ᠤ

ᠠᠵᠢᠯ ᠤᠨ ᠲᠥᠯᠥᠪᠯᠡᠭᠡ ᠳᠤ ᠣᠷᠣᠭᠤᠯᠵᠤ᠂ ᠭᠤᠣᠯᠳᠠᠯᠭ᠎ᠠ ᠳᠤ ᠬᠤᠯᠪᠣᠭᠳᠠᠭᠰᠠᠨ ᠰᠢᠨ᠎ᠡ ᠪᠣᠬᠢᠷᠲᠤᠯ ᠪᠣᠳᠠᠰ ᠢ

ᠬᠠᠮᠢᠶᠠᠷᠤᠨ ᠡᠵᠡᠮᠳᠡᠬᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠬᠢᠨᠠᠯᠲᠠ ᠲᠠᠯᠪᠢᠵᠤ ᠬᠠᠤᠯᠢ

ᠬᠡᠷᠡᠭᠵᠢᠭᠦᠯᠬᠦ ᠡᠷᠴᠢᠮ ᠢᠶᠠᠨ ᠬᠠᠤᠯᠢ ᠶᠣᠰᠣᠭᠠᠷ ᠴᠢᠩᠭᠠᠷᠠᠭᠤᠯᠤᠨ᠎ᠠ᠃ ᠴᠠᠭᠠᠵᠠᠯᠠᠬᠤ ᠪᠤᠶᠤ ᠬᠢᠵᠠᠭᠠᠷᠯᠠᠬᠤ

ᠲᠥᠷᠥᠯ ᠳᠤ ᠬᠤᠤᠷ ᠬᠥᠨᠥᠭᠡᠯ ᠲᠠᠢ ᠬᠢᠮᠢ ᠶᠢᠨ ᠪᠣᠳᠠᠰ ᠵᠢᠴᠢ ᠬᠠᠮᠢᠶ᠎ᠠ ᠪᠦᠬᠦᠢ ᠦᠢᠯᠡᠳᠬᠦᠨ ᠦᠢᠯᠡᠳᠪᠦᠷᠢᠯᠡᠬᠦ᠂

ᠡᠳᠰᠢᠭᠦᠯᠬᠦ ᠬᠡᠷᠡᠭᠯᠡᠬᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠤ ᠬᠢᠨᠠᠯᠲᠠ ᠲᠠᠯᠪᠢᠵᠤ ᠬᠠᠤᠯᠢ

ᠬᠡᠷᠡᠭᠵᠢᠭᠦᠯᠬᠦ ᠶᠢ ᠴᠢᠩᠭᠠᠳᠬᠠᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠮᠢ ᠠᠬᠤᠶ ᠣᠷᠴᠢᠨ

ᠲᠣᠭᠤᠷᠢᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ

ᠬᠠᠮᠢᠶᠠᠷᠤᠯᠲᠠ ᠶᠢᠨ ᠲᠣᠪᠴᠢᠶ᠎ᠠ᠂ ᠷᠠᠰᠢᠶᠠᠨ ᠪᠣᠭᠤᠮᠲᠠ ᠵᠡᠷᠭᠡ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ

ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

    ︵ᠭᠤᠷᠪᠠ︶ ᠪᠡᠯᠡ ᠮᠥᠩᠭᠦᠨ ᠤ ᠣᠷᠣᠭᠤᠯᠤᠯᠲᠠ ᠶᠢ ᠨᠡᠮᠡᠭᠳᠡᠭᠦᠯᠦᠨ᠎ᠡ᠃ ᠠᠶᠢᠮᠠᠭ ᠤᠨ ᠡᠳ᠋ ᠤᠨ ᠵᠠᠰᠠᠭ ᠤᠨ

ᠲᠣᠪᠴᠢᠶ᠎ᠠ ᠪᠣᠯᠤᠨ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠡᠳ᠋ ᠤᠨ

ᠵᠠᠰᠠᠭ ᠤᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ᠂ ᠰᠢᠨ᠎ᠡ ᠪᠣᠬᠢᠷᠲᠤᠯ ᠪᠣᠳᠠᠰ ᠢ ᠵᠠᠰᠠᠬᠤ ᠵᠠᠷᠤᠳᠠᠯ ᠤᠨ

ᠪᠠᠲᠤᠯᠠᠭ᠎ᠠ ᠶᠢ ᠴᠢᠩᠭᠠᠳᠬᠠᠵᠤ᠂ ᠪᠠᠯᠠ ᠮᠥᠩᠭᠦ ᠶᠢᠨ ᠣᠷᠣᠭᠤᠯᠤᠯᠲᠠ ᠶᠢᠨ ᠠᠷᠭ᠎ᠠ ᠵᠠᠮ ᠢ ᠥᠷᠭᠡᠳᠬᠡᠨ᠂

ᠪᠠᠩᠬᠢ ᠶᠢᠨ ᠳᠠᠭᠠᠳᠬᠠᠯ ᠤᠨ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠪᠣᠬᠢᠷᠲᠤᠯ ᠢ ᠵᠠᠰᠠᠬᠤ ᠠᠵᠤ

ᠠᠬᠤᠶᠢᠯᠠᠯ ᠤᠨ ᠮᠥᠩᠭᠦᠨ ᠭᠦᠢᠯᠭᠡᠭᠡᠨ ᠤ ᠬᠡᠷᠡᠭᠴᠡᠭᠡ ᠱᠠᠭᠠᠷᠳᠠᠯᠭ᠎ᠠ ᠶᠢ ᠢᠳᠡᠪᠬᠢᠲᠡᠶ ᠵᠣᠯᠭᠠᠭᠤᠯᠵᠤ᠂

ᠦᠢᠯᠡᠳᠬᠦᠨ ᠤ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠤᠨ᠂ ᠪᠠᠯᠠ ᠮᠥᠩᠭᠦ ᠶᠢᠨ ᠬᠦᠴᠦᠨ ᠵᠦᠢᠯ ᠢ

ᠬᠥᠲᠥᠯᠦᠨ ᠵᠢᠯᠣᠭᠤᠳᠴᠤ ᠪᠠᠶᠢᠭᠠᠳ ᠰᠢᠨ᠎ᠡ ᠪᠣᠬᠢᠷᠲᠤᠯ ᠪᠣᠳᠠᠰ ᠢ ᠵᠠᠰᠠᠬᠤ ᠬᠦᠷᠢᠶ᠎ᠡ ᠴᠠᠷᠠᠭ᠎ᠠ ᠳᠠᠰᠢ ᠬᠡᠯᠪᠠᠶᠢᠯᠭᠡᠵᠦ᠂

ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠰᠢᠨ᠎ᠡ ᠪᠣᠬᠢᠷᠲᠤᠯ

ᠪᠣᠳᠠᠰ ᠢ ᠵᠠᠰᠠᠬᠤ ᠠᠵᠢᠯ ᠳᠤ ᠬᠦᠴᠦᠨ ᠨᠡᠮᠡᠷᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠡᠳ᠋ ᠤᠨ

ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠳᠤᠮᠳᠠᠳᠤ ᠤᠯᠤᠰ ᠤᠨ ᠪᠠᠩᠬᠢ ᠶᠢᠨ

ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠩᠭᠠᠨ ᠤ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ

ᠲᠣᠪᠴᠢᠶ᠎ᠠ ᠵᠡᠷᠭᠡ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

︵ᠲᠦᠷᠪᠡ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠬᠠᠤᠯᠢ ᠴᠠᠭᠠᠵᠠ ᠬᠠᠤᠯᠢ ᠲᠣᠭᠲᠠᠭᠠᠯ

ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠨ᠎ᠠ᠃ ᠰᠢᠨ᠎ᠡ ᠪᠣᠬᠢᠷᠲᠤᠯ ᠪᠣᠳᠠᠰ ᠢ

ᠵᠠᠰᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠥᠷᠭᠡᠨ ᠳᠡᠯᠭᠡᠷ ᠥᠷᠨᠢᠭᠦᠯᠵᠦ᠂

ᠤᠯᠠᠨ ᠨᠡᠶᠢᠲᠡ ᠶᠢᠨ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠪᠠ ᠡᠷᠡᠭᠦᠯ ᠮᠡᠨᠳᠤ ᠶᠢᠨ ᠬᠤᠣᠷ

ᠬᠥᠨᠥᠭᠡᠯ ᠤᠨ ᠲᠤᠬᠠᠢ ᠰᠢᠨᠵᠢᠯᠡᠬᠦ ᠤᠬᠠᠭᠠᠨᠴᠢ ᠲᠠᠨᠢᠯᠲᠠ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠣᠬᠢᠷᠲᠤᠯ

ᠦᠭᠡᠢ ᠬᠡᠷᠡᠭᠯᠡᠭᠡᠨ ᠤ ᠣᠶᠢᠯᠠᠭᠠᠭᠳᠠᠬᠤᠨ ᠢ ᠨᠡᠮᠡᠭᠳᠡᠭᠦᠯᠦᠨ᠎ᠡ᠃ ᠣᠯᠠᠨ ᠲᠦᠮᠡᠨ ᠤ ᠰᠢᠨ᠎ᠡ ᠪᠣᠬᠢᠷᠲᠤᠯ ᠡᠳ᠋ ᠤᠨ

ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠣᠯᠠᠨ ᠵᠦᠢᠯ ᠤᠨ ᠠᠷᠭ᠎ᠠ ᠵᠠᠮ ᠢᠶᠠᠷ

ᠳᠠᠮᠵᠢᠭᠤᠯᠤᠨ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ

ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠣᠯᠠᠨ

ᠤᠯᠤᠰ ᠤᠨ ᠨᠡᠶᠢᠲᠡ ᠶᠢᠨ ᠭᠡᠷ᠎ᠡ ᠭᠦᠢᠴᠡᠳᠬᠡᠬᠦ ᠠᠵᠢᠯᠯᠠᠭ᠎ᠠ ᠪᠠ ᠤᠬᠠᠭᠤᠯᠭ᠎ᠠ ᠶᠢᠨ ᠠᠵᠢᠯᠯᠠᠭ᠎ᠠ ᠳᠤ ᠢᠳᠡᠪᠬᠢᠲᠡᠶ

ᠣᠷᠣᠯᠴᠠᠵᠤ᠂ ᠣᠷᠣᠨ ᠨᠤᠲᠤᠭ ᠤᠨ ᠭᠡᠷ᠎ᠡ ᠪᠠᠨ ᠭᠦᠢᠴᠡᠳᠬᠡᠬᠦ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ︵

ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠠᠴᠠ ᠲᠦᠷᠦᠭᠦᠯᠡᠵᠦ᠂

ᠡᠯ᠎ᠡ ᠬᠤᠯᠪᠣᠭᠳᠠᠯ ᠪᠥᠬᠦᠶ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ

ᠬᠠᠷᠢᠭᠤᠴᠠᠨ᠎ᠠ︶

 

    ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠴᠠᠬᠢᠯᠭᠠᠨ ᠬᠦᠴᠦᠨ ᠤ ᠴᠠᠬᠢᠯᠭᠠᠨ ᠤ ᠰᠠᠯᠠᠭ᠎ᠠ 2023

ᠣᠨ ᠤ 8 ᠰᠠᠷ᠎ᠠ ᠶᠢᠨ 14 ᠤ ᠡᠳᠦᠷ ᠳᠠᠷᠤᠮᠠᠯᠯᠠᠨ ᠲᠠᠷᠬᠠᠭᠠᠪᠠ

 

 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号