ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 25 ᠤ ᠴᠠᠭᠢᠯᠭᠠᠨ ᠮᠡᠳᠡᠭᠡ 1 ᠰᠠᠷ᠎ᠠ ᠶᠢᠨ 25 ᠤ | ᠡᠳᠦᠷ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠣᠶ ᠶᠢᠨ ᠳᠠᠶᠢᠯᠠᠯᠭ᠎ᠠ ᠤᠯᠤᠰ ᠤᠨ | ᠶᠡᠭᠡ ᠲᠢᠶᠠᠳ᠋ᠷ ᠲᠤ ᠶᠠᠪᠤᠭᠳᠠᠵᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠳᠢᠤ᠋ ᠪᠠᠷ ᠪᠠᠶᠠᠷ ᠤᠨ ᠦᠭᠡ ᠬᠡᠯᠡᠪᠡ | ᠃ | | 1 ᠰᠠᠷ᠎ᠠ ᠶᠢᠨ 25 ᠤ ᠡᠳᠦᠷ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ | ᠤᠢ ᠶᠢᠨ ᠳᠠᠶᠢᠯᠠᠯᠭ᠎ᠠ ᠪᠡᠭᠡᠵᠢᠩ ᠳᠠᠬᠢ ᠤᠯᠤᠰ ᠤᠨ ᠶᠡᠭᠡ ᠲᠢᠶᠠᠳ᠋ᠷ ᠲᠤ ᠶᠠᠪᠤᠭᠳᠠᠵᠤ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠸᠢᠳᠢᠤ᠋ ᠪᠠᠷ ᠪᠠᠶᠠᠷ ᠤᠨ ᠦᠭᠡ ᠬᠡᠯᠡᠪᠡ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ | ᠷᠧᠨ ᠰᠡᠭᠦᠳᠡᠷᠯᠡᠪᠡ | ᠰᠢ ᠶᠢᠨ ᠫᠢᠩ᠂ 60 ᠵᠢᠯ ᠤᠨ ᠡᠮᠦᠨᠡᠬᠢ ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠰᠠᠨ ᠶᠠᠪᠤᠳᠠᠯ ᠪᠣᠯ | ᠤᠯᠠᠨ ᠤᠯᠤᠰ ᠤᠨ ᠬᠠᠷᠢᠯᠴᠠᠭᠠᠨ ᠤ ᠲᠡᠦᠬᠡᠨ ᠳᠠᠬᠢ ᠶᠡᠭᠡ ᠶᠠᠪᠤᠳᠠᠯ ᠪᠣᠯᠣᠨ᠎ᠠ᠃ ᠲᠡᠷᠢᠭᠦᠯᠡᠭᠴᠢ ᠮᠠᠤ ᠽᠧ ᠳ᠋ᠦᠩ | ᠪᠣᠯᠣᠨ ᠳ᠋ᠧᠭᠤᠯ ᠵᠠᠩᠵᠤᠨ ᠶᠡᠷᠦ ᠪᠤᠰᠤ ᠶᠢᠨ ᠤᠶᠤᠨ ᠤᠬᠠᠭᠠᠨ ᠪᠠ ᠰᠥᠰᠥ ᠵᠣᠷᠢᠭ ᠢᠶᠠᠷ ᠳᠤᠮᠳᠠᠳᠤ | ᠥᠷᠥᠨᠡᠳᠠᠬᠢᠨ ᠤ ᠶᠠᠪᠤᠯᠴᠠᠭ᠎ᠠ ᠬᠠᠮᠲᠤᠷᠠᠯᠴᠠᠭᠠᠨ ᠤ ᠲᠣᠮᠣ ᠡᠭᠦᠳᠡ ᠶᠢ ᠨᠡᠭᠡᠭᠡᠵᠦ᠂ ᠬᠦᠢᠲᠡᠨ ᠲᠠᠶᠢᠨ ᠤ ᠳᠤᠮᠳᠠ | ᠣᠷᠣᠰᠢᠵᠤ ᠪᠠᠶᠢᠭᠰᠠᠨ ᠳᠡᠯᠡᠬᠡᠢ ᠶᠢᠷᠲᠢᠨᠴᠦ ᠳᠤ ᠬᠦᠰᠡᠯ ᠡᠷᠡᠮᠡᠯᠵᠡᠯ ᠢ ᠠᠪᠴᠢᠷᠠᠵᠤ ᠥᠭᠪᠡ᠃ 60 ᠵᠢᠯ ᠤᠨ | ᠲᠤᠷᠰᠢ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠢᠮᠠᠭᠲᠠ ᠳᠤᠮᠳᠠᠳᠤ ᠤᠯᠤᠰ ᠪᠣᠯᠣᠨ ᠥᠷᠥᠨᠡᠳᠠᠬᠢᠨ ᠤ | ᠤᠯᠤᠰ ᠤᠳ ᠤᠨ ᠬᠠᠷᠢᠯᠴᠠᠭᠠᠨ ᠤ ᠡᠮᠦᠨ᠎ᠡ ᠡᠩᠨᠡᠭᠡᠨ ᠳᠤ ᠶᠠᠪᠤᠵᠤ᠂ ᠬᠤᠶᠠᠷ ᠤᠯᠤᠰ ᠤᠨ ᠠᠷᠠᠳ ᠲᠦᠮᠡᠨ ᠳᠤ | ᠪᠤᠶᠠᠨ ᠵᠢᠷᠭᠠᠯ ᠠᠪᠴᠢᠷᠠᠵᠤ᠂ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ ᠪᠣᠯᠣᠨ ᠬᠥᠭᠵᠢᠯᠲᠡ ᠳᠤ ᠬᠤᠪᠢ | ᠨᠡᠮᠡᠷᠢ ᠦᠵᠡᠭᠦᠯᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠹᠷᠠᠨᠼᠢ ᠶᠢᠨ ᠬᠠᠷᠢᠯᠴᠠᠭᠠᠨ ᠤ ᠥᠪᠡᠷᠮᠢᠴᠡ ᠲᠡᠦᠬᠡ ᠨᠢ ᠪᠡᠶ᠎ᠡ ᠪᠠᠨ ᠳᠠᠭᠠᠭᠠᠵᠤ | ᠡᠵᠡᠨ ᠮᠡᠳᠡᠬᠦ᠂ ᠬᠠᠷᠢᠯᠴᠠᠨ ᠣᠶᠢᠯᠠᠭᠠᠯᠴᠠᠬᠤ᠂ ᠥᠨᠳᠥᠷ ᠲᠤ ᠵᠣᠭᠰᠣᠨ ᠠᠯᠤᠰ ᠢ ᠪᠠᠷᠠᠯᠠᠬᠤ᠂ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠭᠦᠷᠳᠡᠭᠦ ︽ᠳᠤᠮᠳᠠᠳᠤ ᠹᠷᠠᠨᠼᠢ ᠶᠢᠨ ᠵᠣᠷᠢᠭ ᠰᠠᠨᠠᠭ᠎ᠠ︾ ᠶᠢ ᠪᠦᠷᠢᠯᠳᠦᠭᠦᠯᠵᠡᠢ᠃ | ᠰᠢᠨ᠎ᠡ ᠴᠠᠭ ᠦᠶ᠎ᠡ ᠶᠢᠨ ᠪᠠᠶᠢᠳᠠᠯ ᠲᠣᠬᠢᠶᠠᠯᠳᠤᠯ ᠤᠨ ᠡᠮᠦᠨ᠎ᠡ᠂ ᠳᠤᠮᠳᠠᠳᠤ ᠹᠷᠠᠨᠼᠢ ᠬᠠᠷᠢᠯᠴᠠᠭ᠎ᠠ ᠪᠠᠶᠢᠭᠤᠯᠤᠭᠰᠠᠨ | ᠤᠭ ᠰᠠᠨᠠᠭ᠎ᠠ ᠪᠠᠨ ᠪᠠᠷᠢᠮᠲᠠᠯᠠᠵᠤ᠂ ᠢᠷᠡᠭᠡᠳᠦᠢ ᠳᠤ ᠢᠳᠡᠪᠬᠢᠲᠡᠢ ᠬᠠᠨᠳᠤᠵᠤ᠂ ᠵᠣᠷᠢᠭᠲᠠᠢ ᠪᠠᠷ ᠵᠢᠳᠬᠦᠯ ᠴᠢᠷᠮᠠᠶᠢᠯᠭ᠎ᠠ | ᠭᠠᠷᠭᠠᠪᠠᠯ ᠵᠣᠬᠢᠨ᠎ᠠ᠃ ᠬᠤᠶᠠᠷ ᠲᠠᠯ᠎ᠠ ᠪᠠᠷ ᠢᠶᠠᠨ ᠬᠤᠶᠠᠷ ᠲᠠᠯ᠎ᠠ ᠶᠢᠨ ᠬᠠᠷᠢᠯᠴᠠᠭ᠎ᠠ ᠶᠢ ᠡᠷᠡᠰ ᠭᠤᠶᠢᠪᠢᠰᠢ ᠦᠭᠡᠢ | ᠬᠥᠭᠵᠢᠭᠦᠯᠵᠦ᠂ ᠳᠤᠮᠳᠠᠳᠤ ᠹᠷᠠᠨᠼᠢ ᠶᠢᠨ ᠬᠠᠷᠢᠯᠴᠠᠭᠠᠨ ᠤ ᠲᠣᠭᠲᠠᠪᠤᠷᠢᠲᠤ ᠴᠢᠨᠠᠷ ᠢᠶᠠᠷ ᠳᠡᠯᠡᠬᠡᠢ ᠶᠢᠨ ᠲᠣᠬᠲᠠᠭᠠᠯᠲᠤ | ᠪᠤᠰᠤ ᠴᠢᠨᠠᠷ ᠢ ᠠᠷᠭᠠᠴᠠᠭᠠᠶ᠎ᠠ︔ ᠳᠤᠮᠳᠠᠳᠤ ᠹᠷᠠᠨᠼᠢ ᠶᠢᠨ ᠰᠣᠶᠣᠯ ᠵᠢᠭᠤᠯᠴᠢᠯᠠᠯ ᠤᠨ ᠣᠨ᠂ ᠫᠠᠷᠢᠰ ᠤᠨ | ᠣᠯᠢᠮᠫᠢᠺ ᠤᠨ ᠲᠠᠮᠢᠷ ᠤᠨ ᠴᠤᠭᠯᠠᠭᠠᠨ ᠢᠶᠠᠷ ᠠᠵᠠ ᠲᠣᠭᠢᠶᠠᠯ ᠪᠤᠯᠭᠠᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ | ᠥᠷᠭᠡᠳᠬᠡᠵᠦ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠠᠭᠢᠭᠤᠯᠤᠶ᠎ᠠ︔ ᠡᠷᠭᠡ ᠲᠡᠭᠰᠢ ᠡᠮᠬᠢ ᠴᠡᠭᠴᠡ ᠲᠠᠢ | ᠳᠡᠯᠡᠬᠡᠢ ᠶᠢᠨ ᠤᠯᠠᠨ ᠲᠦᠢᠯᠰᠢᠷᠠᠯ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ | ᠳᠡᠯᠡᠬᠡᠶᠢᠵᠢᠯᠲᠡ ᠶᠢ ᠬᠠᠮᠲᠤ ᠪᠠᠷ ᠰᠠᠨᠠᠭᠠᠴᠢᠯᠠᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ᠂ | ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠬᠤ ᠳᠤ ᠦᠷᠭᠦᠯᠵᠢᠯᠡᠨ ᠳᠤᠮᠳᠠᠳᠤ ᠹᠷᠠᠨᠼᠢ ᠶᠢᠨ | ᠬᠤᠪᠢ ᠨᠡᠮᠡᠷᠢ ᠶᠢ ᠦᠵᠡᠭᠦᠯᠦᠶ᠎ᠡ︔ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ | ᠤᠯᠠᠮᠵᠢᠯᠠᠯᠲᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢᠨ ᠵᠡᠷᠭᠡ ᠪᠠᠷ ᠪᠣᠬᠢᠷᠳᠤᠯ ᠦᠭᠡᠢ ᠠᠵᠤ ᠦᠢᠯᠡᠰ᠂ ᠴᠡᠪᠡᠷ | ᠡᠨᠧᠷᠭᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭᠠᠨ ᠤ ᠲᠠᠯᠳᠠ ᠬᠦᠴᠦᠨ ᠢ ᠢᠳᠡᠪᠬᠢᠲᠡᠢ | ᠠᠭᠤᠳᠠᠯᠵᠤ᠂ ᠶᠡᠭᠡ ᠠᠮᠵᠢᠯᠲᠠ ᠪᠦᠲᠦᠭᠡᠯ ᠭᠠᠷᠭᠠᠬᠤ ᠶᠢ ᠪᠠᠷᠢᠮᠲᠠᠯᠠᠵᠤ᠂ ᠨᠡᠭᠡᠭᠡᠯᠲᠡ ᠪᠠᠷ ᠬᠠᠮᠲᠤᠷᠠᠯᠴᠠᠭᠠᠨ ᠤ | ᠬᠦᠴᠦᠨ ᠢ ᠨᠢᠭᠲᠠᠷᠠᠭᠤᠯᠵᠤ᠂ ᠬᠥᠭᠵᠢᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠶ᠎ᠡ᠃ ᠳᠠᠷᠠᠭᠠᠴᠢ ᠶᠢᠨ 60 | ᠵᠢᠯ ᠳᠤ ᠬᠠᠨᠳᠤᠨ᠂ ᠳᠤᠮᠳᠠᠳᠤ ᠹᠷᠠᠨᠼᠢ ᠭᠠᠷ ᠬᠤᠯᠪᠣᠯᠴᠠᠨ ᠬᠠᠮᠲᠤᠷᠠᠯᠴᠠᠪᠠᠯ᠂ ᠯᠠᠪᠲᠠᠢ ᠭᠡᠷᠡᠯ ᠰᠠᠴᠤᠷᠠᠩᠭᠤᠢ | ᠠᠮᠵᠢᠯᠲᠠ ᠶᠢ ᠳᠠᠬᠢᠨᠲᠠ ᠡᠭᠦᠳᠬᠦ ᠪᠣᠯᠣᠨ᠎ᠠ ᠭᠡᠵᠦ ᠴᠢᠬᠤᠯᠠᠴᠢᠯᠠᠪᠠ᠃ | ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠪᠠᠰᠠ ᠸᠢᠳᠢᠤ᠋ ᠪᠠᠷ ᠪᠠᠶᠠᠷ ᠤᠨ ᠦᠭᠡ ᠬᠡᠯᠡᠪᠡ᠃ ᠮᠠᠶᠢᠺᠷᠤᠨ᠂ 60 | ᠵᠢᠯ ᠤᠨ ᠡᠮᠦᠨ᠎ᠡ᠂ ᠳ᠋ᠧᠭᠤᠯ ᠵᠠᠩᠵᠤᠨ ᠯᠡᠭᠧᠷ ᠤᠨ ᠡᠰᠡᠷᠭᠦᠴᠡᠯᠳᠦᠯ ᠤᠨ ᠯᠣᠭᠢᠭ ᠢ ᠳᠠᠪᠠᠵᠤ᠂ ᠪᠦᠭᠦᠳᠠ | ᠨᠠᠶᠢᠷᠠᠮᠳᠠᠬᠤ ᠳᠤᠮᠳᠠᠳᠤ ᠠᠷᠠᠳ ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠬᠤ ᠲᠡᠦᠬᠡᠲᠦ ᠴᠢᠨᠠᠷᠲᠠᠢ | ᠲᠣᠭᠲᠠᠭᠠᠯ ᠭᠠᠷᠭᠠᠪᠠ᠃ ᠥᠨᠥᠳᠥᠷ ᠪᠢᠳᠡ 1964 ᠣᠨ ᠳᠤ ᠲᠣᠭᠲᠠᠭᠠᠭᠰᠠᠨ ᠠᠤᠭ᠎ᠠ ᠬᠠᠷᠠᠯᠲᠠ ᠶᠢᠨ ᠰᠠᠭᠤᠷᠢᠨ | ᠳᠡᠭᠡᠷ᠎ᠡ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠬᠤᠶᠠᠷ ᠤᠯᠤᠰ ᠤᠨ ᠠᠷᠠᠳ ᠲᠦᠮᠡᠨ ᠤ ᠬᠡᠷᠡᠭᠴᠡᠭᠡ ᠶᠢ | ᠬᠠᠩᠭᠠᠬᠤ ᠮᠥᠷᠲᠡᠭᠡᠨ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠳᠤ ᠠᠰᠢᠭᠲᠠᠢ ᠬᠠᠨᠢᠲᠠᠨ ᠤ ᠬᠠᠷᠢᠯᠴᠠᠭ᠎ᠠ ᠶᠢ | ᠬᠠᠮᠲᠤ ᠪᠠᠷ ᠪᠠᠶᠢᠭᠤᠯᠬᠤ ᠬᠠᠷᠢᠭᠤᠴᠠᠯᠭ᠎ᠠ ᠲᠠᠢ ᠶᠤᠮ᠃ ᠹᠷᠠᠨᠼᠢ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ | ᠭᠠᠷ ᠬᠤᠯᠪᠣᠯᠴᠠᠨ ᠴᠢᠷᠮᠠᠶᠢᠵᠤ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠵᠤ᠂ ᠤᠯᠠᠨ | ᠤᠯᠤᠰ ᠤᠨ ᠬᠢᠮᠤᠷᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ 2024 ᠣᠨ ᠪᠣᠯ ᠪᠠᠰᠠ ᠴᠤ ᠹᠷᠠᠨᠼᠢ | ᠳᠤᠮᠳᠠᠳᠤ ᠶᠢᠨ ᠰᠣᠶᠣᠯ ᠵᠢᠭᠤᠯᠴᠢᠯᠠᠯ ᠤᠨ ᠣᠨ ᠪᠣᠯᠣᠨ᠎ᠠ᠂ ᠬᠤᠶᠠᠷ ᠲᠠᠯ᠎ᠠ ᠪᠠᠷ ᠢᠶᠠᠨ ᠪᠠᠶᠠᠯᠢᠭ ᠰᠠᠶᠢᠬᠠᠨ | ᠠᠵᠢᠯᠯᠠᠭ᠎ᠠ ᠥᠷᠨᠢᠭᠦᠯᠬᠦ ᠪᠣᠯᠣᠨ᠎ᠠ᠃ ᠪᠢᠳᠡ ᠡᠭᠦᠨ ᠢᠶᠠᠷ ᠠᠵᠠ ᠲᠣᠭᠢᠶᠠᠯ ᠪᠤᠯᠭᠠᠵᠤ᠂ ᠬᠤᠶᠠᠷ ᠤᠯᠤᠰ ᠤᠨ ᠠᠷᠠᠳ | ᠲᠦᠮᠡᠨ ᠢᠯᠠᠩᠭᠤᠶ᠎ᠠ ᠵᠠᠯᠠᠭᠤᠴᠤᠳ ᠤᠨ ᠬᠤᠭᠤᠷᠣᠨᠳᠣᠭᠢ ᠶᠠᠪᠤᠯᠴᠠᠭ᠎ᠠ ᠶᠢ ᠨᠢᠭᠲᠠᠷᠠᠭᠤᠯᠵᠤ᠂ ᠹᠷᠠᠨᠼᠢ | ᠳᠤᠮᠳᠠᠳᠤ ᠶᠢᠨ ᠬᠠᠷᠢᠯᠴᠠᠭᠠᠨ ᠤ ᠢᠷᠡᠭᠡᠳᠦᠢ ᠳᠤ ᠨᠡᠩ ᠪᠠᠲᠤ ᠪᠠᠬᠢ ᠰᠠᠭᠤᠷᠢ ᠶᠢ ᠲᠠᠯᠪᠢᠯ᠎ᠠ ᠭᠡᠵᠦ ᠢᠯᠡᠳᠬᠡᠪᠡ᠃ | 1 ᠰᠠᠷ᠎ᠠ ᠶᠢᠨ 31 ᠤ ᠡᠳᠦᠷ᠂ ᠬᠤᠶᠠᠷ ᠤᠯᠤᠰ ᠪᠠᠰᠠ ᠫᠠᠷᠢᠰ ᠤᠨ ᠸᠧᠷᠰᠡᠢ ᠣᠷᠳᠣᠨ ᠳᠤ ᠳᠤᠮᠳᠠᠳᠤ | ᠹᠷᠠᠨᠼᠢ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠣᠶ ᠶᠢ ᠪᠡᠯᠭᠡᠯᠡᠬᠦ ᠵᠢᠴᠢ ᠰᠣᠶᠣᠯ | ᠵᠢᠭᠤᠯᠴᠢᠯᠠᠯ ᠤᠨ ᠣᠨ ᠤ ᠡᠭᠢᠯᠡᠯᠲᠡ ᠶᠢᠨ ᠠᠵᠢᠯᠯᠠᠭ᠎ᠠ ᠥᠷᠨᠢᠭᠦᠯᠵᠦ᠂ ᠬᠤᠶᠠᠷ ᠤᠯᠤᠰ ᠤᠨ ᠲᠡᠷᠢᠭᠦᠨ ᠤ ᠸᠢᠳᠢᠤ᠋ ᠪᠠᠷ | ᠬᠡᠯᠡᠭᠰᠡᠨ ᠪᠠᠶᠠᠷ ᠤᠨ ᠦᠭᠡ ᠶᠢ ᠨᠡᠪᠲᠡᠷᠡᠭᠦᠯᠬᠦ ᠪᠣᠯᠣᠨ᠎ᠠ᠃ | |