ᠳᠤᠮᠳᠠᠳᠤ ᠤᠯᠤᠰ ᠤᠨ ᠮᠠᠶᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠬᠤᠯᠪᠣᠭ᠎ᠠ ᠶᠢ ᠬᠦᠴᠦᠷᠬᠡᠭᠵᠢᠭᠦᠯᠬᠦ ᠵᠠᠮ ᠢᠶᠠᠷ ᠬᠦᠴᠦᠯᠡᠨ ᠰᠠᠶᠢᠲᠤᠷ ᠵᠠᠮᠨᠠᠬᠤ ᠬᠡᠷᠡᠭᠲᠡᠶ
ᠨᠡᠶᠢᠲᠡᠯᠡᠭᠰᠡᠨ ᠴᠠᠭ᠄
2024/1/4
  ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ    ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ᠢ ᠨᠡᠶᠢᠲᠡᠯᠡᠭᠰᠡᠨ ᠨᠢ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠥᠪᠥᠷ ᠮᠣᠩᠭᠤᠯ ᠢᠶᠠᠨ ᠬᠠᠶᠢᠷᠠᠯᠠᠨ ᠬᠠᠯᠠᠮᠵᠢᠯᠠᠵᠤ ᠪᠠᠶᠢᠬᠤ ᠪᠠ ᠬᠦᠰᠡᠯ ᠨᠠᠶᠢᠳᠠᠯᠭ᠎ᠠ ᠶᠢ ᠭᠦᠢᠴᠡᠳ ᠢᠯᠡᠷᠡᠭᠦᠯᠵᠦ᠂ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠡᠭᠡᠷ᠎ᠡ ᠬᠥᠰᠢᠶ᠎ᠡ ᠳᠤᠷᠠᠰᠬᠠᠯ ᠤᠨ ᠴᠢᠨᠠᠷᠲᠠᠢ ᠠᠴᠢ ᠬᠤᠯᠪᠣᠭᠳᠠᠯ ᠲᠠᠢ ᠶᠤᠮ᠃ ᠬᠢᠩᠭᠠᠨ ᠠᠶᠢᠮᠠᠭ ︽ᠰᠠᠨᠠᠯ︾ ᠢ ᠨᠡᠶᠢᠲᠡᠯᠡᠭᠰᠡᠨ ᠠᠴᠠ ᠪᠣᠯᠤᠭᠰᠠᠨ ᠡᠷᠬᠢᠮ ᠨᠠᠨᠳᠢᠨ ᠠᠵᠠ ᠲᠣᠬᠢᠶᠠᠯ ᠢ ᠬᠤᠪᠢ ᠳᠠᠬᠢᠨ ᠨᠠᠨᠳᠢᠩᠨᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠰᠠᠭᠤᠷᠢᠯᠠᠨ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ᠂ ᠲᠥᠷᠥᠯ ᠵᠦᠢᠯ ᠢᠶᠠᠷ ᠳᠠᠶᠢᠴᠢᠯᠠᠬᠤ ᠶᠢ ᠪᠠᠷᠢᠮᠲᠠᠯᠠᠵᠤ᠂ ︽ᠰᠠᠨᠠᠯ︾ ᠢ ᠬᠢᠩᠭᠠᠨ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠦᠴᠦᠯᠡᠨ ᠬᠤᠪᠢᠷᠠᠭᠤᠯᠪᠠ᠃    ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢ ᠴᠥᠬᠦᠷᠡᠰᠢ ᠦᠭᠡᠢ ᠠᠬᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢᠨᠢᠭᠡ ᠳᠤ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ᠃ ᠬᠢᠩᠭᠠᠨ ᠠᠶᠢᠮᠠᠭ ᠤᠨ ᠣᠷᠴᠢᠨ ᠲᠣᠭᠤᠷᠢᠨ ᠭᠤᠶᠢᠳᠠ ᠰᠠᠶᠢᠬᠠᠨ᠂ ᠥᠩᠭᠡ ᠦᠵᠡᠮᠵᠢ ᠬᠢᠵᠠᠭᠠᠯᠠᠰᠢ ᠦᠭᠡᠢ ᠪᠠᠶᠢᠵᠤ᠂ ᠪᠥᠬᠦ ᠣᠷᠣᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠶᠢᠮᠠᠭ ᠪᠠ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠴᠣᠯᠠ ᠶᠢ ᠵᠡᠷᠭᠡᠪᠡᠷ ᠣᠯᠤᠭᠰᠠᠨ ᠴᠤᠷ ᠤᠨ ᠭᠠᠭᠴᠠ ᠠᠶᠢᠮᠠᠭ ᠬᠤᠲᠠ ᠪᠣᠯᠤᠭᠰᠠᠨ ᠤ ᠬᠤᠪᠢ ᠳᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠴᠢᠳᠠᠪᠤᠷᠢ ᠲᠠᠢ ᠶᠤᠮ᠃ ᠪᠢᠳᠡ ᠬᠠᠮᠠᠭᠠᠯᠠᠬᠤ᠂ ᠵᠠᠰᠠᠬᠤ᠂ ᠬᠤᠪᠢᠷᠠᠭᠤᠯᠬᠤ ᠭᠤᠷᠪᠠᠨ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠬᠠᠳᠠᠨ ᠵᠣᠷᠢᠭ ᠢᠶᠠᠷ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ ᠣᠯᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ 300 ᠲᠦᠮᠡᠨ ᠮᠦ ᠮᠣᠳᠣᠯᠢᠭ ᠲᠣᠰᠣᠯᠢᠭ ᠲᠠᠷᠢᠮᠠᠯ ᠤᠨ ᠰᠠᠭᠤᠷᠢᠨ ᠭᠠᠵᠠᠷ᠂ 200 ᠲᠦᠮᠡᠨ ᠮᠦ ᠠᠵᠤ ᠠᠬᠤᠢ ᠶᠢᠨ ᠤᠢ ᠵᠢᠴᠢ ᠤᠢ ᠶᠢᠨ ᠬᠤᠷᠮᠣᠢ ᠶᠢᠨ ᠠᠵᠤ ᠠᠬᠤᠢ ᠶᠢᠨ ᠰᠠᠭᠤᠷᠢᠨ ᠭᠠᠵᠠᠷ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠲᠦᠷᠦᠯ ᠵᠦᠢᠯ ᠢ ᠰᠠᠶᠢᠲᠤᠷ ᠬᠡᠷᠡᠭᠵᠢᠭᠦᠯᠵᠦ᠂ ᠠᠮᠢ ᠠᠬᠤᠢ ᠶᠢᠨ ᠪᠦᠲᠦᠭᠡᠭᠳᠡᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠢᠳᠡᠪᠬᠢᠲᠡᠢ ᠰᠦᠪᠡᠭᠴᠢᠯᠡᠵᠦ᠂ ᠥᠩᠭᠡ ᠦᠵᠡᠮᠵᠢ ᠶᠢᠨ ᠲᠠᠷᠢᠶᠠᠯᠠᠩ ᠤᠢ ᠰᠢᠭᠤᠢ᠂ ᠡᠪᠡᠰᠦ ᠴᠢᠭᠢᠭᠯᠢᠭ ᠬᠥᠷᠥᠰᠥ ᠰᠢᠷᠣᠢ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠪᠠᠷᠢᠮᠵᠢᠶ᠎ᠠ ᠶᠢᠨ ᠰᠢᠰᠲ᠋ᠧᠮ ᠢ ᠲᠦᠷᠭᠡᠨ ᠪᠠᠶᠢᠭᠤᠯᠵᠤ᠂ ᠬᠢᠩᠭᠠᠨ ᠠᠶᠢᠮᠠᠭ ᠤᠨ ︽ᠪᠣᠬᠢᠷᠲᠤᠯ ᠦᠭᠡᠢ ᠭᠡᠷ ᠪᠦᠯᠢ︾ ᠶᠢ ᠨᠡᠩ ᠪᠠᠶᠠᠨ ᠴᠢᠨᠡᠭᠡᠯᠢᠭ ᠪᠣᠯᠭᠠᠵᠤ᠂ ᠭᠠᠳᠠᠷ ᠣᠷᠣᠨ ᠤ ᠵᠤᠭᠠᠴᠠᠭᠰᠠᠳ ᠲᠤ ᠬᠢᠩᠭᠠᠨ ᠠᠶᠢᠮᠠᠭ ᠲᠤ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠠᠮᠢᠳᠤᠯᠢᠭ ᠲᠦᠷᠢ ᠲᠥᠷᠬᠦ ᠶᠢ ᠣᠶᠢᠯᠠᠭᠠᠭᠤᠯᠤᠨ᠎ᠠ ᠭᠡᠵᠦ ᠬᠡᠯᠡᠪᠡ᠃ ᠬᠤᠶᠠᠷ ᠲᠤ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠬᠢᠩᠭᠠᠨ ᠠᠶᠢᠮᠠᠭ ᠲᠤ 2 ᠬᠢᠯᠢ ᠶᠢᠨ ᠬᠤᠰᠢᠭᠤ ᠬᠤᠲᠠ᠂ 130 ᠺᠢᠯᠣᠮᠧᠳ᠋ᠷ ᠤᠨ ᠬᠢᠯᠢ ᠶᠢᠨ ᠱᠤᠭᠤᠮ ᠲᠠᠢ ᠪᠠᠶᠢᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢᠨ ᠴᠢᠬᠤᠯᠠ ᠨᠢᠭᠡ ᠭᠤᠭᠴᠤᠭ᠎ᠠ ᠪᠣᠯᠤᠨ᠎ᠠ᠃ ᠪᠢᠳᠡ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠶᠢ ᠢᠮᠠᠭᠲᠠ ᠪᠠᠷᠢᠮᠲᠠᠯᠠᠵᠤ᠂ ᠴᠠᠰᠤᠲᠤ ᠬᠤᠲᠠ ᠶᠢᠨ ᠠᠯᠪᠠᠨ ᠵᠢᠷᠤᠮ ᠤᠨ ᠴᠠᠭᠳᠠᠭ᠎ᠠ᠂ ︽ᠰᠠᠬᠢᠨ ᠪᠠᠷᠠᠯᠠᠬᠤ︾ ᠲᠣᠭᠤᠷᠢᠨ ᠰᠡᠷᠭᠡᠶᠢᠯᠡᠬᠦ ᠠᠩᠭᠢ᠂ ᠬᠤᠪᠢᠰᠬᠠᠯ ᠤᠨ ᠪᠠᠬᠢᠯᠡᠯᠲᠡ ᠡᠷᠦᠬᠡ ᠵᠡᠷᠭᠡ ᠶᠢᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠢᠳᠡᠪᠬᠢᠲᠡᠶ ᠳᠡᠯᠭᠡᠷᠡᠭᠦᠯᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠰᠡᠷᠭᠡᠶᠢᠯᠡᠨ ᠠᠷᠢᠯᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠵᠡᠷᠭᠡ ᠠᠵᠢᠯ ᠢ ᠪᠣᠳᠠᠲᠠᠶ ᠠᠳᠬᠤᠵᠤ᠂ ︽ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠥᠪ ᠬᠤᠲᠠ ᠪᠠᠯᠭᠠᠰᠤ︾ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠠᠭᠤᠷᠢ ᠪᠠᠷ ᠬᠢᠯᠢ ᠬᠢᠵᠠᠭᠠᠷ ᠢᠶᠠᠨ ᠪᠠᠬᠢᠵᠢᠭᠦᠯᠬᠦ᠂ ᠠᠵᠤ ᠦᠢᠯᠡᠰ ᠢᠶᠠᠷ ᠬᠢᠯᠢ ᠬᠢᠵᠠᠭᠠᠷ ᠢᠶᠠᠨ ᠪᠠᠬᠢᠵᠢᠭᠦᠯᠬᠦ᠂ ᠬᠢᠯᠢ ᠬᠢᠵᠠᠭᠠᠷ ᠢᠶᠠᠨ ᠲᠣᠭᠲᠠᠭᠤᠨ ᠪᠠᠶᠢᠯᠭᠠᠬᠤ᠂ ᠪᠦᠯᠬᠦᠮᠳᠡᠨ ᠬᠢᠯᠢ ᠬᠢᠵᠠᠭᠠᠷ ᠢᠶᠠᠨ ᠬᠠᠮᠠᠭᠠᠯᠠᠬᠤ ︽ᠳᠥᠷᠪᠡᠨ ᠲᠠᠯ᠎ᠠ ᠶᠢᠨ ᠢᠨᠵᠧᠨᠧᠷᠢᠩ︾ ᠢ ᠲᠣᠪᠤᠶᠢᠮ᠎ᠠ ᠰᠠᠶᠢᠲᠤᠷ ᠠᠳᠬᠤᠵᠤ᠂ ᠬᠤᠸᠠᠷ ᠬᠠᠳᠬᠤᠬᠤ ᠡᠷᠳᠡᠮ ᠢᠶᠠᠷ ︽ᠲᠡᠷᠢᠭᠦᠨ ᠤ ᠬᠢᠯᠢ ᠶᠢᠨ ᠰᠡᠷᠭᠡᠶᠢᠯᠡᠯᠲᠡ ᠶᠢᠨ ᠱᠤᠭᠤᠮ︾ ᠢ ᠪᠥᠲᠥᠭᠡᠨ ᠪᠠᠶᠢᠭᠤᠯᠵᠤ᠂ ᠬᠢᠯᠢ ᠬᠢᠵᠠᠭᠠᠷ ᠢᠶᠠᠨ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ︽ᠲᠡᠮᠦᠷ ᠬᠡᠷᠡᠮ ᠲᠡᠮᠦᠷ ᠬᠠᠨ᠎ᠠ︾ ᠶᠢ ᠪᠠᠲᠤ ᠴᠣᠭᠴᠠᠯᠠᠨ᠎ᠠ᠃ ᠭᠤᠷᠪᠠ ᠳᠤ ᠡᠨᠧᠷᠭᠢ ᠶᠢᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ᠃ ᠬᠢᠩᠭᠠᠨ ᠠᠶᠢᠮᠠᠭ ᠤᠨ ᠰᠠᠯᠬᠢ᠂ ᠭᠡᠷᠡᠯ᠂ ᠤᠰᠤ᠂ ᠠᠮᠢᠳᠤ ᠪᠣᠳᠠᠰ ᠤᠨ ᠡᠳ᠋ ᠵᠡᠷᠭᠡ ᠡᠬᠢ ᠪᠠᠶᠠᠯᠢᠭ ᠢ ᠵᠣᠬᠢᠴᠠᠭᠤᠯᠬᠤ ᠴᠢᠨᠠᠷ ᠢᠶᠠᠷ ᠰᠠᠶᠢᠨ ᠪᠠᠶᠢᠵᠤ᠂ ᠴᠡᠪᠡᠷ ᠡᠨᠧᠷᠭᠢ ᠶᠢ ᠶᠡᠷᠦᠩᠬᠡᠶᠢᠯᠡᠨ ᠠᠰᠢᠭᠯᠠᠬᠤ ᠵᠠᠭᠪᠤᠷ ᠤᠨ ᠡᠬᠢ ᠪᠠᠶᠠᠯᠢᠭ ᠲᠠᠢ᠂ ᠳᠠᠯᠳᠠ ᠬᠦᠴᠦᠨ ᠲᠠᠢ ᠂ ᠣᠷᠣᠨ ᠵᠠᠶ ᠲᠠᠢ ᠪᠠᠶᠢᠬᠤ ᠶᠢ ᠬᠠᠶᠢᠨ ᠰᠦᠪᠡᠭᠴᠢᠯᠡᠵᠦ᠂ ᠣᠳᠣᠬᠠᠨ ᠳᠤ ᠰᠢᠨ᠎ᠡ ᠡᠨᠧᠷᠭᠢ ᠨᠢ ᠪᠥᠬᠦ ᠣᠷᠣᠨ ᠳᠤ ︽ᠬᠤᠶᠠᠷ ᠢ ᠳᠠᠪᠠᠭᠤᠯᠬᠤ︾ ᠬᠠᠷᠠᠯᠲᠠ ᠶᠢ ᠤᠷᠢᠳᠠᠪᠠᠷ ᠪᠡᠶᠡᠯᠡᠭᠦᠯᠵᠦ᠂ ᠢᠯᠠᠩᠭᠤᠶ᠎ᠠ ᠪᠥᠬᠦ ᠤᠯᠤᠰ ᠤᠨ ᠰᠢᠨ᠎ᠡ ᠡᠨᠧᠷᠭᠢ ᠶᠢᠨ ᠬᠦᠷᠢᠶᠡᠨ ᠳᠠᠬᠢ ᠣᠯᠠᠨ ᠵᠦᠢᠯ ᠤᠨ ᠠᠵᠢᠯ ᠲᠥᠷᠥᠯ ᠤᠨ ᠠᠩᠬ᠎ᠠ ᠡᠭᠦᠳᠦᠭᠰᠡᠨ ᠲᠠᠩ ᠴᠣᠭᠴᠠ ᠶᠢᠨ ᠬᠠᠮᠤᠭ ᠤᠨ ᠶᠡᠭᠡ ᠬᠠᠭᠤᠷᠠᠶ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠵᠥᠩ ᠭᠤᠸᠠᠩ ᠾᠧ ᠬᠢᠩᠭᠠᠨ ᠠᠶᠢᠮᠠᠭ ᠤᠨ 300 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠪᠣᠶ ᠪᠣᠯᠭᠠᠨ ᠠᠰᠢᠭᠯᠠᠯᠲᠠ ᠳᠤ ᠣᠷᠣᠭᠤᠯᠵᠤ ᠴᠠᠬᠢᠯᠭᠠᠨ ᠭᠠᠷᠭᠠᠬᠤ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤᠮᠳᠠ ︽ᠲᠦᠷᠭᠡᠨ︾ ᠳᠠᠷᠤᠪᠴᠢ ᠶᠢ ᠳᠠᠷᠤᠪᠠ᠃ ᠪᠢᠳᠡ ᠬᠠᠮᠲᠤᠷᠠᠨ ᠠᠵᠢᠯᠯᠠᠬᠤ ᠬᠡᠯᠪᠡᠷᠢ ᠶᠢᠨ ᠨᠡᠭᠡᠭᠡᠯᠲᠡ᠂ ᠬᠤᠯᠪᠣᠯᠳᠣᠯ ᠤᠨ ᠬᠡᠯᠪᠡᠷᠢ ᠶᠢᠨ ᠠᠰᠢᠭᠯᠠᠯᠲᠠ ᠂ ᠠᠮᠢᠳᠤᠯᠢᠭ ᠴᠢᠨᠠᠷᠲᠠᠢ ᠦᠭᠡᠷᠡᠴᠢᠯᠡᠯᠲᠡ᠂ ᠣᠷᠣᠯᠠᠬᠤ ᠴᠢᠨᠠᠷᠲᠠᠢ ᠪᠠᠭᠲᠠᠭᠠᠨ ᠰᠢᠩᠭᠡᠭᠡᠬᠦ ᠶᠢ ᠦᠷᠭᠦᠯᠵᠢᠯᠡᠨ ᠪᠠᠷᠢᠮᠲᠠᠯᠠᠵᠦ᠂ ᠢᠳᠡᠪᠬᠢᠲᠠᠢ ᠲᠦᠯᠬᠢᠨ ᠠᠬᠢᠭᠤᠯᠤᠨ᠎ᠠ᠃  
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号