ᠤᠯᠠᠭᠠᠨᠬᠤᠲᠠ ᠨᠡᠭᠦᠳᠡᠯ ᠤᠨ ᠰᠢᠪᠠᠭᠤᠳ ᠤᠨ ᠨᠡᠭᠦᠳᠡᠯᠯᠡᠬᠦ ᠤᠯᠠᠷᠢᠯ ᠳᠠᠬᠢ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠭᠤᠯᠭ᠎ᠠ ᠬᠢᠵᠠᠢ
ᠨᠡᠶᠢᠲᠡᠯᠡᠭᠰᠡᠨ ᠴᠠᠭ᠄
2024/10/15
      ᠣᠶᠢᠷ᠎ᠠ ᠳᠤ᠂ ᠤᠯᠠᠭᠠᠨᠬᠤᠲᠠ ᠶᠢᠨ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠤᠯᠠᠭᠠᠨᠬᠠᠳᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠤᠯᠠᠭᠠᠨᠬᠠᠳᠠ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠤᠯᠠᠭᠠᠨᠬᠠᠳᠠ ᠪᠠᠯᠭᠠᠰᠤᠨ ᠤ ᠡᠯ᠎ᠡ ᠭᠠᠴᠠᠭ᠎ᠠ ᠲᠣᠰᠬᠤᠨ ᠵᠡᠷᠭᠡ ᠪᠠᠶᠢᠭᠤᠯᠭ᠎ᠠ ᠨᠢᠭᠡᠴᠢ ᠲᠠᠢ ᠬᠠᠮᠲᠤᠷᠠᠨ᠂ 2024 ᠣᠨ ᠤ ᠨᠠᠮᠤᠷ ᠤᠨ ᠤᠯᠠᠷᠢᠯ ᠤᠨ ᠨᠡᠭᠦᠳᠡᠯ ᠤᠨ ᠰᠢᠪᠠᠭᠤ ᠶᠢᠨ ᠨᠡᠭᠦᠳᠡᠯᠯᠡᠬᠦ ᠤᠯᠠᠷᠢᠯ ᠳᠠᠬᠢ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠬᠡᠯᠪᠡᠷᠢ ᠪᠠᠷ ᠥᠷᠨᠢᠭᠦᠯᠵᠦ᠂ ᠤᠯᠠᠭᠠᠨᠬᠤᠲᠠ ᠶᠢᠨ ᠨᠡᠭᠦᠳᠡᠯ ᠤᠨ ᠰᠢᠪᠠᠭᠤ ᠶᠢᠨ ᠨᠡᠭᠦᠳᠡᠯᠯᠡᠬᠦ ᠴᠢᠬᠤᠯᠠ ᠵᠠᠮ ᠤᠨ ᠤᠯᠠᠭᠠᠨᠬᠠᠳᠠ ᠪᠠᠯᠭᠠᠰᠤᠨ ᠤ ᠣᠷᠣᠨ ᠪᠦᠰᠡ ᠶᠢ ᠰᠣᠩᠭᠤᠨ ᠶᠠᠪᠤᠭᠳᠠᠭᠤᠯᠵᠠᠢ᠃ ᠨᠡᠭᠦᠳᠡᠯ ᠤᠨ ᠰᠢᠪᠠᠭᠤ ᠶᠢᠨ ᠨᠡᠭᠦᠳᠡᠯᠯᠡᠬᠦ ᠶᠡᠷᠦ ᠶᠢᠨ ᠮᠡᠳᠡᠯᠭᠡ ᠪᠠ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠬᠠᠭᠤᠳᠠᠰᠤ ᠶᠢ ᠨᠡᠶᠢᠲᠡ 2000 ᠭᠠᠷᠤᠶ ᠬᠤᠪᠢ ᠲᠠᠷᠬᠠᠭᠠᠪᠠ᠃ ᠡᠨᠡ ᠨᠢ ᠪᠦᠬᠦ ᠨᠡᠶᠢᠭᠡᠮ ᠢᠶᠠᠷ ᠢᠶᠠᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠵᠢᠯ ᠢ ᠬᠠᠮᠲᠤ ᠪᠠᠷ ᠳᠡᠮᠵᠢᠬᠦ᠂ ᠬᠠᠯᠠᠮᠵᠢᠯᠠᠬᠤ᠂ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ ᠶᠤᠮ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号