ᠤᠯᠠᠭᠠᠨᠬᠤᠲᠠ ᠶᠢᠨ ᠤᠯᠠᠭᠠᠨᠬᠠᠳᠠ ᠪᠠᠯᠭᠠᠰᠤᠨ ᠤ ᠰᠠᠨ ᠾᠧ ᠲᠣᠰᠬᠤᠨ ᠬᠥᠳᠡᠭᠡ ᠲᠣᠰᠬᠤᠨ ᠤ ᠵᠢᠭᠤᠯᠴᠢᠯᠠᠯ ᠢᠶᠠᠷ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠠᠮᠢᠵᠢᠷᠠᠯ ᠤᠨ ᠬᠦᠴᠦᠨ ᠢ ᠬᠦᠭᠵᠢᠭᠡᠨ᠎ᠡ
ᠨᠡᠶᠢᠲᠡᠯᠡᠭᠰᠡᠨ ᠴᠠᠭ᠄
2024/10/15
     ᠠᠷᠪᠠᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ᠂ ᠤᠯᠠᠭᠠᠨᠬᠤᠲᠠ ᠶᠢᠨ ᠤᠯᠠᠭᠠᠨᠬᠠᠳᠠ ᠪᠠᠯᠭᠠᠰᠤᠨ ᠤ ᠰᠠᠨ ᠾᠧ ᠲᠣᠰᠬᠤᠨ ᠨᠤᠲᠤᠭ ᠤᠨ ᠵᠠᠩ ᠤᠶᠢᠯᠡ᠂ ᠨᠤᠳᠤᠭ ᠤᠨ ᠦᠵᠡᠮᠵᠢ᠂ ᠨᠤᠳᠤᠭ ᠤᠨ ᠦᠨᠦᠷ ᠠᠮᠲᠠ ᠪᠠᠷ ᠢᠶᠠᠨ ᠴᠥᠭᠡᠨ ᠪᠤᠰᠤ ᠵᠢᠭᠤᠯᠴᠢᠯᠠᠭᠰᠠᠳ ᠤᠨ ᠠᠩᠬᠠᠷᠤᠯ ᠢ ᠲᠠᠲᠠᠵᠤ᠂ ᠲᠤᠬᠠᠢ ᠶᠢᠨ ᠭᠠᠵᠠᠷ ᠤᠨ ᠨᠡᠩ ᠤᠯᠠᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠢᠨ᠎ᠡ ᠠᠮᠢᠵᠢᠷᠠᠯ ᠤᠨ ᠬᠦᠴᠦᠨ ᠢ ᠬᠦᠭᠵᠢᠭᠡᠪᠡ᠃ ᠠᠷᠪᠠᠨ ᠰᠠᠷ᠎ᠠ ᠶᠢᠨ ᠨᠢᠭᠡᠨ ᠤ ᠠᠮᠠᠷᠠᠯᠲᠠ ᠳᠤ᠂ ᠬᠥᠳᠡᠭᠡ ᠲᠤᠰᠬᠤᠨ ᠨᠢ ᠴᠥᠭᠡᠨ ᠪᠤᠰᠤ ᠵᠢᠭᠤᠯᠴᠢᠯᠠᠭᠰᠠᠳ ᠤᠨ ᠲᠤᠭᠤᠷᠢᠨ ᠰᠡᠯᠡᠬᠦᠴᠡᠬᠦ ᠭᠠᠵᠠᠷ ᠪᠣᠯᠤᠭᠰᠠᠨ ᠨᠢ ᠪᠠᠰᠠ ᠲᠤᠬᠠᠢ ᠶᠢᠨ ᠭᠠᠵᠠᠷ ᠤᠨ ᠵᠢᠭᠤᠯᠴᠢᠯᠠᠯ ᠤᠨ ᠠᠵᠤ ᠠᠬᠤᠢ ᠶᠢᠨ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ ᠤᠯᠠᠭᠠᠨᠬᠤᠲᠠ ᠶᠢᠨ ᠤᠯᠠᠭᠠᠨᠬᠠᠳᠠ ᠪᠠᠯᠭᠠᠰᠤᠨ ᠤ ᠰᠠᠨ ᠾᠧ ᠲᠣᠰᠬᠤᠨ ᠢᠶᠠᠷ ᠬᠦᠷᠬᠦ ᠳᠤ᠂ ᠨᠤᠲᠤᠭ ᠤᠨ ᠠᠬ᠎ᠠ ᠳᠡᠭᠦᠦ ᠨᠡᠷ ᠤᠨ ᠥᠪᠡᠷ ᠤᠨ ᠬᠢᠭᠰᠡᠨ ᠭᠤᠱᠤᠭᠤᠨ ᠴᠠᠭᠠᠨ ᠨᠣᠭᠤᠭ᠎ᠠ᠂ ᠪᠣᠭᠤᠷᠰᠤᠭ᠂ ᠪᠤᠳᠠᠭᠠᠨ ᠭᠡᠳᠡᠰᠦ ᠵᠡᠷᠭᠡ ᠤᠨᠴᠠᠯᠢᠬᠳᠤ ᠠᠮᠲᠠᠲᠤ ᠢᠳᠡᠭᠡᠨ ᠨᠢ ᠵᠢᠭᠤᠯᠴᠢᠯᠠᠭᠰᠠᠳ ᠢ ᠠᠮᠲᠠᠯᠠᠭᠤᠯᠵᠤ᠂ ᠵᠡᠭᠡᠯᠢ ᠶᠢᠨ ᠬᠠᠵᠠᠭᠤᠳᠠᠬᠢ ᠬᠤᠭᠤᠯᠠᠨ ᠭᠡᠷ ᠴᠦ ᠬᠥᠮᠦᠰ ᠤᠨ ᠬᠦᠷᠢᠶᠡᠯᠡᠯ ᠢ ᠣᠯᠤᠭᠰᠠᠨ ᠪᠠᠶᠢᠨ᠎ᠠ᠃ ᠣᠶᠢᠷ᠎ᠠ ᠶᠢᠨ ᠵᠢᠯ ᠳᠤ᠂ ᠤᠯᠠᠭᠠᠨᠬᠠᠳᠠ ᠪᠠᠯᠭᠠᠰᠤᠨ ᠤ ᠰᠠᠨ ᠾᠧ ᠲᠣᠰᠬᠤᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠰᠠᠭᠤᠷᠢᠨ ᠭᠠᠵᠠᠷ ᠢ ᠲᠠᠰᠤᠷᠠᠯᠲᠠ ᠥᠬᠡᠶ ᠡᠮᠬᠢᠯᠡᠨ ᠨᠡᠶᠢᠯᠡᠭᠦᠯᠵᠦ᠂ ᠬᠥᠳᠡᠭᠡ ᠲᠣᠰᠬᠤᠨ ᠤ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠲᠤᠲᠤᠷᠭ᠎ᠠ ᠶᠢᠨ ᠲᠠᠷᠢᠶᠠᠨ ᠤ ᠥᠩᠭᠡ ᠦᠵᠡᠮᠵᠢ᠂ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠵᠡᠷᠭᠡ ᠪᠠᠷ ᠭᠤᠤᠯ ᠰᠡᠳᠦᠪ ᠪᠣᠯᠭᠠᠨ ᠰᠠᠨ ᠾᠧ ᠠᠷᠠᠳ ᠤᠨ ᠵᠠᠩ ᠦᠢᠯᠡ ᠶᠢᠨ ᠶᠠᠪᠠᠭᠠᠨ ᠵᠡᠭᠡᠯᠢ᠂ ᠬᠥᠬᠡ ᠸᠠᠭᠠᠷ ᠴᠠᠭᠠᠨ ᠬᠡᠷᠡᠮ᠂ ᠴᠡᠪᠡᠷ ᠴᠡᠮᠴᠡᠭᠡᠷ ᠵᠡᠭᠡᠯᠢ ᠭᠤᠳᠤᠮᠵᠢ᠂ ᠥᠩᠭᠡᠲᠦ ᠬᠤᠪᠴᠠᠰᠤ ᠵᠢᠴᠢ ᠠᠮᠲᠠᠲᠤ ᠢᠳᠡᠭᠡᠨ ᠢᠶᠠᠷ ᠢᠶᠠᠨ ᠵᠢᠭᠤᠯᠴᠢᠯᠠᠭᠰᠠᠳ ᠤᠨ ᠠᠩᠬᠠᠷᠤᠯ ᠢ ᠲᠠᠲᠠᠨ᠎ᠠ᠃   ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠨᠢ ᠲᠣᠰᠬᠤᠨ ᠤ ᠠᠷᠠᠳ ᠤᠨ ᠳᠣᠲᠣᠭᠠᠳᠤ ᠬᠥᠳᠡᠯᠭᠡᠬᠦ ᠬᠦᠴᠦᠨ ᠢ ᠨᠡᠩ ᠬᠥᠭᠵᠢᠭᠡᠵᠦ᠂ ᠤᠯᠠᠨ ᠢᠶᠠᠷ ᠢᠶᠠᠨ ᠥᠪᠡᠷ ᠤᠨ ᠭᠡᠷ ᠢᠶᠠᠨ ᠦᠵᠡᠬᠦ ᠴᠢᠳᠠᠪᠤᠷᠢ ᠪᠠᠨ ᠪᠠᠳᠠᠷᠠᠭᠤᠯᠵᠤ᠂ ᠤᠨᠴᠠᠯᠢᠬᠳᠤ ᠢᠳᠡᠭᠡᠨ ᠤᠮᠳᠠᠭᠠᠨ᠂ ᠰᠤᠳᠤᠨ ᠠᠷᠠᠳ ᠤᠨ ᠤᠷᠤᠨ ᠰᠠᠭᠤᠴᠠ᠂ ᠬᠡᠦᠬᠡᠳ ᠤᠨ ᠴᠡᠩᠭᠡᠯ ᠤᠨ ᠬᠦᠷᠢᠶᠡᠯᠡᠩ᠂ ᠭᠡᠷᠡᠯ ᠵᠢᠷᠤᠭ ᠤᠨ ᠤᠷᠠᠯᠢᠭ᠂ ᠰᠤᠳᠤᠯᠤᠨ ᠰᠤᠷᠤᠯᠴᠠᠬᠤ ᠶᠢ ᠪᠡᠶᠡᠴᠢᠯᠡᠨ ᠣᠶᠢᠯᠠᠭᠠᠬᠤ ᠵᠡᠷᠭᠡ ᠲᠠᠰᠤᠷᠠᠯᠳᠡ ᠦᠭᠡᠢ ᠡᠯᠪᠡᠭ ᠪᠠᠶᠠᠯᠢᠭ ᠵᠢᠭᠤᠯᠴᠢᠯᠠᠯ ᠤᠨ ᠦᠢᠯᠡᠰ ᠤᠨ ᠪᠠᠶᠢᠳᠠᠯ ᠪᠣᠯᠤᠨ ᠠᠵᠢᠯ ᠣᠯᠭᠤᠯᠲᠠ ᠶᠢᠨ ᠪᠠᠶᠢᠳᠠᠯ ᠢ ᠣᠶᠢᠯᠠᠭᠠᠵᠤ᠂ ᠰᠠᠨ ᠾᠧ ᠲᠣᠰᠬᠤᠨ ᠳᠤ ᠨᠡᠩ ᠶᠡᠭᠡ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠷᠢᠯᠡᠵᠡᠢ᠃   
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号