ᠤᠯᠠᠭᠠᠨᠬᠤᠲᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠥᠬᠦ ᠲᠤᠭ᠎ᠠ 1.83 ᠳ᠋ᠦᠩᠰᠢᠭᠤᠷ ᠲᠥᠭᠦᠷᠢᠭ ᠲᠤ ᠬᠦᠷᠴᠠᠢ
ᠨᠡᠶᠢᠲᠡᠯᠡᠭᠰᠡᠨ ᠴᠠᠭ᠄
2024/10/15
        ᠡᠨᠡ ᠵᠢᠯ ᠠᠴᠠ ᠨᠠᠰᠢ᠂ ᠤᠯᠠᠭᠠᠨᠬᠤᠲᠠ ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠢᠶᠠᠨ ᠢᠳᠡᠪᠬᠢᠲᠡᠶ ᠥᠷᠭᠡᠳᠬᠡᠵᠦ᠂ ᠣᠳᠣᠬᠠᠨ ᠪᠣᠯᠲᠠᠯ᠎ᠠ᠂ ᠤᠯᠠᠭᠠᠨᠬᠤᠲᠠ ᠭᠠᠳᠠᠭᠠᠳᠤ ᠠᠷᠠᠯᠵᠢᠶᠠᠨ ᠤ 5 ᠠᠵᠤ ᠠᠬᠤᠶᠢᠯᠠᠯ ᠲᠠᠢ ᠪᠠᠶᠢᠵᠤ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠲᠤᠭ᠎ᠠ 1.83 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 166. 1% ᠪᠠᠷ ᠨᠡᠮᠡᠭᠳᠡᠪᠡ᠃   8 ᠰᠠᠷ᠎ᠠ ᠳᠤ᠂ 2024 ᠣᠨ ᠤ ᠮᠣᠩᠭᠤᠯ ᠤᠯᠤᠰ ᠤᠨ ᠲᠠᠸᠠᠷ ᠤᠨ ᠦᠵᠡᠰᠭᠦᠯᠡᠩ ᠤᠨ ᠥᠪᠥᠷ ᠮᠣᠩᠭᠤᠯ ᠤᠨ ᠺᠧ ᠴᠢᠨ ᠸᠠᠨ ᠵᠢᠶᠠ ᠢᠳᠡᠭᠡᠨ ᠤ ᠬᠢᠵᠠᠭᠠᠷᠲᠤ ᠺᠣᠮᠫᠠᠨᠢ ᠶᠢᠨ ᠦᠵᠡᠭᠦᠯᠭᠡ ᠶᠢᠨ ᠲᠠᠪᠴᠠᠩ ᠳᠡᠭᠡᠷ᠎ᠡ᠂ ᠠᠮᠲᠠ ᠣᠷᠣᠭᠤᠯᠬᠤ᠂ ᠵᠢᠶᠠᠩ ᠲᠠᠢ ᠨᠣᠭᠤᠭ᠎ᠠ᠂ ᠲᠤᠲᠤᠷᠭ᠎ᠠ᠂ ᠠᠮᠲᠠᠲᠤ ᠯᠠᠵᠤᠤ ᠵᠢᠶᠠᠩ ᠵᠡᠷᠭᠡ ᠠᠮᠲᠠ ᠣᠷᠣᠭᠤᠯᠬᠤ ᠡᠳ᠋ ᠵᠢᠴᠢ ᠬᠠᠷ᠎ᠠ ᠪᠤᠳᠠᠭᠠᠨ ᠤ ᠪᠦᠲᠦᠭᠡᠭᠳᠡᠬᠦᠨ ᠨᠢ ᠵᠢᠭᠤᠯᠴᠢᠯᠠᠭᠰᠠᠳ ᠤᠨ ᠠᠩᠬᠠᠷᠤᠯ ᠢ ᠲᠠᠲᠠᠵᠤ᠂ ᠰᠢᠨ᠎ᠡ ᠰᠣᠷᠭᠤᠭ ᠠᠮᠲᠠ ᠨᠢ ᠲᠤᠷᠰᠢᠨ ᠢᠳᠡᠭᠰᠡᠳ ᠤᠨ ᠰᠠᠶᠢᠨ ᠦᠨᠡᠯᠡᠯᠲᠡ ᠶᠢ ᠣᠯᠵᠠᠶ᠃ ︽ᠡᠨᠡ ᠤᠳᠠᠭ᠎ᠠ ᠲᠠᠸᠠᠷ ᠤᠨ ᠦᠵᠡᠰᠬᠦᠯᠡᠩ ᠳᠤ ᠣᠷᠣᠯᠴᠠᠬᠤ ᠳᠤ᠂ ᠮᠠᠨ ᠤ ᠦᠢᠯᠡᠳᠬᠦᠨ ᠮᠣᠩᠭᠤᠯ ᠤᠯᠤᠰ ᠤᠨ ᠬᠡᠷᠡᠭᠯᠡᠭᠴᠢᠳ ᠤᠨ ᠬᠦᠷᠢᠶᠡᠯᠡᠯ ᠢ ᠣᠯᠵᠤ᠂ ᠦᠵᠡᠰᠬᠦᠯᠡᠩ ᠤᠨ ᠬᠤᠭᠤᠴᠠᠭᠠᠨ ᠳᠤ ᠪᠣᠷᠣᠯᠠᠭᠤᠯᠤᠯᠲᠠ ᠶᠢᠨ ᠣᠷᠣᠯᠭ᠎ᠠ 1.2 ᠲᠦᠮᠡ ᠭᠠᠷᠤᠶ ᠲᠥᠭᠦᠷᠢᠭ ᠲᠤ ᠬᠦᠷᠴᠡᠶ︾ ᠭᠡᠵᠤ ᠥᠪᠥᠷ ᠮᠣᠩᠭᠤᠯ ᠤᠨ ᠺᠧ ᠴᠢᠨ ᠸᠠᠨ ᠵᠢᠶᠠ ᠢᠳᠡᠭᠡᠨ ᠤ ᠬᠢᠵᠠᠭᠠᠷᠲᠤ ᠺᠣᠮᠫᠠᠨᠢ ᠶᠢᠨ ᠤᠯᠤᠰ ᠤᠨ ᠠᠷᠠᠯᠵᠢᠶᠠᠨ ᠤ ᠬᠡᠯᠲᠡᠰ ᠤᠨ ᠠᠵᠢᠯᠲᠠᠨ ᠵᠠᠩ ᠵᠧ ᠲᠠᠨᠢᠯᠴᠠᠭᠤᠯᠪᠠ᠃    ᠬᠢᠩᠭᠠᠨ ᠠᠶᠢᠮᠠᠭ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠳᠤ ᠭᠠᠷᠭᠠᠬᠤ ᠰᠢᠯᠢᠳᠡᠭ ᠠᠵᠤ ᠠᠬᠤᠢᠯᠠᠯ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠺᠧ ᠴᠢᠨ ᠸᠠᠨ ᠵᠢᠶᠠ ᠢᠳᠡᠭᠡᠨ ᠤ ᠬᠢᠵᠠᠭᠠᠷᠲᠤ ᠺᠣᠮᠫᠠᠨᠢ ᠬᠢᠭᠡᠳ ᠣᠯᠠᠨ ᠤᠯᠤᠰ ᠤᠨ ᠨᠡᠷᠡᠲᠦ ᠴᠢᠯᠦᠭᠡᠳᠤ ᠳᠡᠯᠭᠡᠭᠦᠷ ᠵᠢᠴᠢ ᠠᠵᠤ ᠠᠬᠤᠶᠢᠯᠠᠯ ᠰᠸᠢᠰ ᠤᠨ COOP᠂ ᠭᠧᠷᠮᠠᠨ ᠤ LIDL᠂ ᠠᠦ᠋ᠰᠳ᠋ᠷᠠᠯᠢᠶ᠎ᠠ ᠶᠢᠨ ALDI ︵ᠤᠤ ᠯᠧ ᠴᠢ︶᠂ ᠧᠦ᠋ᠷᠣᠫᠠ ᠶᠢᠨ HANA᠂ ᠣᠷᠣᠰ ᠤᠨ 3S ᠵᠡᠷᠭᠡ ᠦᠢᠯᠡᠳᠬᠦᠨ ᠨᠢ ᠠᠮᠧᠷᠢᠺᠠ᠂ ᠧᠦ᠋ᠷᠣᠫᠠ ᠶᠢᠨ ᠬᠤᠯᠪᠣᠭ᠎ᠠ᠂ ᠶᠠᠫᠣᠨ ᠵᠡᠷᠭᠡ 52 ᠤᠯᠤᠰ ᠣᠷᠣᠨ ᠳᠤ ᠲᠠᠷᠬᠠᠵᠤ ᠪᠣᠢ᠃ ᠬᠠᠮᠤᠭ ᠰᠢᠨ᠎ᠡ ᠲᠤᠭ᠎ᠠ ᠪᠠᠷᠢᠮᠲᠠ ᠠᠴᠠ ᠦᠵᠡᠪᠡᠯ᠂ 1 — 8 ᠰᠠᠷ᠎ᠠ ᠳᠤ᠂ ᠲᠤᠰ ᠺᠣᠮᠫᠠᠨᠢ ᠶᠢᠨ ᠣᠯᠠᠨ ᠤᠯᠤᠰ ᠤᠨ ᠠᠷᠠᠯᠵᠢᠶᠠᠨ ᠤ ᠪᠣᠷᠣᠯᠠᠭᠤᠯᠭ᠎ᠠ ᠶᠢᠨ ᠲᠤᠭ᠎ᠠ 2033 ᠲᠦᠮᠡᠨ ᠲᠦᠭᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 50.2% ᠢᠶᠠᠷ ᠨᠡᠮᠡᠭᠳᠡᠵᠡᠶ᠃   
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号