ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠦᠨᠳᠦᠰᠦᠨ ᠱᠠᠲᠤᠨ ᠤ ᠰᠠᠭᠤᠷᠢ ᠪᠤᠯᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠵᠢᠴᠢ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/15
  10 ᠰᠠᠷ᠎ᠠ ᠶᠢᠨ 8 ᠤ ᠡᠳᠦᠷ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠦᠨᠳᠦᠰᠦᠨ ᠱᠠᠲᠤᠨ ᠤ ᠰᠠᠭᠤᠷᠢ ᠪᠤᠯᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠵᠢᠴᠢ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠠᠢ᠃ ᠬᠡᠷ ᠲᠡᠭᠡᠨ ᠪᠠᠶᠢᠭ᠎ᠠ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠠᠩᠭᠢ ᠲᠠᠰᠤᠭ ᠤᠨ ᠭᠤᠤᠯ ᠬᠠᠷᠢᠭᠤᠴᠠᠯᠭᠠᠲᠠᠨ ᠵᠢᠴᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠡᠯ᠎ᠡ ᠲᠣᠮᠢᠯᠠᠭᠰᠠᠨ ᠰᠠᠯᠪᠤᠷᠢ ᠶᠢᠨ ᠪᠥᠬᠦ ᠠᠷᠠᠳ ᠤᠨ ᠲᠤᠰᠠᠯᠠᠬᠤ ᠴᠠᠭᠳᠠᠭ᠎ᠠ ᠣᠷᠣᠯᠴᠠᠵᠤ᠂ ᠬᠤᠷᠠᠯ ᠢ ᠸᠢᠳᠢᠤ᠋ ᠬᠡᠯᠪᠡᠷᠢ ᠪᠠᠷ ᠡᠯ᠎ᠡ ᠦᠨᠳᠦᠰᠦᠨ ᠱᠠᠲᠤᠨ ᠤ ᠠᠩᠭᠢ ᠬᠦᠷᠲᠡᠯ᠎ᠡ ᠬᠤᠷᠠᠯᠳᠤᠭᠤᠯᠪᠠ᠃ ᠬᠤᠷᠠᠯ ᠠᠴᠠ ︽ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠦᠨᠳᠦᠰᠦᠨ ᠱᠠᠲᠤᠨ ᠤ ᠰᠠᠭᠤᠷᠢ ᠪᠤᠯᠬᠤ ᠠᠵᠢᠯ ᠤᠨ ︿ᠵᠠᠭᠤᠨ ᠡᠳᠦᠷ ᠤᠨ ᠪᠣᠭᠤᠮᠲᠠ ᠰᠢᠪᠲᠤᠯᠬᠤ﹀ ᠠᠵᠢᠯᠯᠠᠭ᠎ᠠ ᠶᠢ ᠬᠡᠷᠡᠭᠵᠢᠭᠦᠯᠬᠦ ᠲᠥᠰᠦᠯ︾᠂ ︽ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠨᠠᠮᠤᠷ ᠡᠪᠦᠯ ᠤᠨ ᠤᠯᠠᠷᠢᠯ ᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ︾ ᠢ ᠤᠯᠠᠮᠵᠢᠯᠠᠨ ᠲᠠᠶᠢᠯᠪᠤᠷᠢᠯᠠᠬᠤ ᠶᠢᠨ ᠬᠠᠮᠲᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠬᠠᠤᠯᠢ ᠬᠡᠷᠡᠭᠵᠢᠭᠦᠯᠬᠦ ᠶᠠᠰᠤ ᠴᠢᠨᠠᠷ ᠲᠤ ᠬᠢᠨᠠᠯᠲᠠ ᠲᠠᠯᠪᠢᠬᠤ ᠵᠠᠷᠯᠠᠯ︾᠂ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ︽ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ︿ᠤᠯᠠᠭᠠᠨ ᠬᠠᠷ᠎ᠠ ᠰᠠᠮᠪᠠᠷ᠎ᠠ﹀ ︾ ᠶᠢ ᠵᠠᠷᠯᠠᠨ ᠮᠡᠳᠡᠭᠳᠡᠪᠡ᠃ ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠬᠦ ᠬᠡᠷᠡᠭᠲᠡᠢ᠃ ᠨᠡᠩ ᠥᠨᠳᠥᠷ ᠤᠯᠤᠰ ᠲᠦᠷᠦ ᠶᠢᠨ ᠤᠬᠠᠮᠰᠠᠷ᠂ ᠨᠡᠩ ᠴᠢᠩᠭ᠎ᠠ ᠤᠯᠤᠰ ᠲᠦᠷᠦ ᠶᠢᠨ ᠡᠭᠦᠷᠭᠡᠯᠡᠯ᠂ ᠨᠡᠩ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠᠷ ᠡᠯ᠎ᠡ ᠵᠦᠢᠯ ᠤᠨ ᠠᠵᠢᠯ ᠢ ᠡᠷᠡᠰ ᠰᠠᠶᠢᠲᠤᠷ ᠬᠢᠬᠦ ᠬᠡᠷᠡᠭᠲᠡᠢ᠃ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠶᠢ ᠡᠬᠦᠷᠢᠳᠡ ᠪᠠᠷᠢᠮᠲᠠᠯᠠᠵᠤ᠂ ᠠᠮᠤᠷ ᠲᠦᠪᠰᠢᠨ ᠢᠶᠠᠷ ᠬᠥᠭᠵᠢᠯᠲᠡ ᠶᠢ ᠠᠬᠢᠭᠤᠯᠵᠤ᠂ ᠬᠥᠭᠵᠢᠯᠲᠡ ᠪᠠᠷ ᠠᠮᠤᠷ ᠲᠦᠪᠰᠢᠨ ᠢ ᠪᠠᠲᠤᠯᠠᠨ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠤᠯᠭᠠᠬᠤ ᠬᠡᠷᠡᠭᠲᠡᠢ᠃ ᠰᠢᠰᠲ᠋ᠧᠮᠳᠤ ᠦᠵᠡᠯᠲᠡ ᠶᠢ ᠪᠠᠷᠢᠮᠲᠠᠯᠠᠵᠤ᠂ ᠲᠤᠭ᠎ᠠ ᠪᠠᠷᠢᠮᠲᠠ ᠶᠢᠨ ᠰᠡᠳᠬᠢᠬᠦᠢ ᠶᠢ ᠭᠦᠨᠵᠡᠭᠡᠶᠢᠷᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠲᠤ ᠪᠤᠢ ᠪᠣᠯᠭᠠᠵᠤ᠂ ᠬᠠᠷᠠᠯᠲᠠ ᠲᠠᠢ ᠪᠠᠷ ᠰᠠᠶᠢᠳᠤᠷ ᠴᠡᠭᠴᠡᠯᠡᠨ ᠵᠠᠰᠠᠬᠤ ᠬᠡᠷᠡᠭᠲᠡᠢ᠃ ︽ᠲᠤᠰᠬᠠᠶ ᠮᠡᠷᠭᠡᠵᠢᠯ + ᠲᠣᠭᠲᠠᠴᠠ + ᠲᠣᠮᠣ ᠳ᠋ᠠᠶᠢᠲ᠋ᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠲᠠᠴᠠ ᠪᠠ ᠳ᠋ᠠᠶᠢᠲ᠋ᠠ ᠶᠢᠨ ᠲᠠᠯ᠎ᠠ ᠪᠠᠷ ᠴᠢᠳᠠᠮᠠᠭᠠᠶ ᠪᠠᠷ ᠰᠡᠳᠬᠢᠨ ᠪᠣᠳᠣᠯᠬᠢᠯᠠᠵᠤ᠂ ᠠᠵᠢᠯ ᠤᠨ ᠨᠢᠭᠡᠳᠤᠯᠳᠠᠢ ᠲᠦᠯᠤᠪᠵᠢᠬᠦᠯᠭᠡ᠂ ᠡᠭᠦᠷᠭᠡ ᠶᠢᠨ ᠲᠤᠬᠢᠷᠠᠭᠤᠯᠤᠯᠳᠠ᠂ ᠤᠶᠢᠯᠡᠴᠢᠯᠡᠭᠡᠨ ᠤ ᠲᠣᠬᠢᠷᠠᠭᠤᠯᠤᠯᠳᠠ ᠲᠠᠯ᠎ᠠ ᠪᠠᠷ ᠠᠷᠠᠳ ᠲᠤ ᠲᠤᠰᠠᠯᠠᠬᠤ ᠴᠠᠭᠳᠠᠭ᠎ᠠ ᠶᠢᠨ ᠲᠠᠷᠤᠭᠠᠰᠤ ᠶᠢ ᠬᠥᠩᠭᠡᠷᠡᠭᠦᠯᠬᠦ ᠬᠡᠷᠡᠭᠲᠡᠶ᠃ ᠡᠭᠦᠨ ᠤ ᠬᠠᠮᠲᠤ᠂ ᠠᠵᠢᠯ ᠤᠨ ᠰᠠᠬᠢᠯᠭ᠎ᠠ ᠪᠠᠲᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠡᠩᠨᠡᠭᠡᠨ ᠤ ᠲᠥᠪᠯᠡᠩᠭᠦᠶ ᠬᠦᠴᠦᠨ᠂ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠵᠠᠢ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号