ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠴᠢᠮ ᠪᠠᠶᠢᠳᠠᠯ ᠢ ᠠᠷᠭᠠᠴᠠᠭᠠᠬᠤ ᠪᠣᠯᠪᠠᠰᠤᠷᠠᠯ ᠬᠢᠪᠡ
ᠨᠡᠶᠢᠲᠡᠯᠡᠭᠰᠡᠨ ᠴᠠᠭ᠄
2024/10/15
       ᠠᠷᠠᠳ ᠤᠨ ᠴᠠᠭᠳᠠᠭ᠎ᠠ ᠶᠢᠨ ᠭᠡᠨᠡᠳᠲᠡ ᠶᠢᠨ ᠬᠡᠷᠡᠭ ᠢ ᠰᠶᠢᠳᠪᠦᠷᠢᠯᠡᠨ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠳᠤᠰᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠠᠷ᠂ ᠤᠶᠢᠷ᠎ᠠ ᠶᠢᠨ ᠡᠳᠦᠷ ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠷᠠᠰᠢᠶᠠᠨ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠳᠤᠰᠠᠯᠠᠬᠤ ᠪᠣᠯᠪᠠᠰᠤᠷᠠᠯ ᠬᠢᠭᠰᠡᠨ ᠪᠠᠶᠢᠨ᠎ᠠ᠃ ᠠᠷᠠᠳ ᠤᠨ ᠴᠠᠭᠳᠠᠭ᠎ᠠ ᠨᠠᠷ ᠡᠳᠦᠷ ᠲᠤᠲᠤᠮ ᠤᠨ ᠠᠵᠢᠯ ᠤᠨ ᠲᠤᠮᠳᠠ ᠪᠠᠨ ᠡᠯ᠎ᠡ ᠵᠦᠢᠯ ᠤᠨ ᠪᠠᠴᠢᠮ ᠪᠠᠶᠢᠳᠠᠯ ᠳᠤ ᠲᠤᠯᠭᠠᠷᠠᠳᠠᠭ᠃ ᠵᠢᠱᠢᠶᠡᠯᠡᠪᠡᠯ ᠵᠠᠮ ᠬᠠᠷᠢᠯᠴᠠᠭᠠᠨ ᠤ ᠡ᠊ᠨᠳᠡᠯ᠂ ᠭᠡᠨᠡᠳᠲᠡ ᠶᠢᠨ ᠡᠪᠡᠳᠴᠢᠨ ᠡᠮᠭᠡᠭ ᠵᠡᠷᠭᠡ᠃ ᠡᠶᠢᠮᠦ ᠠᠴᠠ ᠠᠷᠠᠳ ᠤᠨ ᠴᠠᠬᠳᠠᠭ᠎ᠠ ᠨᠠᠷ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠳᠤᠰᠠᠯᠠᠬᠤ ᠮᠡᠷᠭᠡᠵᠢᠯ ᠴᠢᠳᠠᠪᠤᠷᠢ ᠶᠢ ᠡᠵᠡᠮᠰᠢᠬᠦ ᠨᠢ ᠠᠷᠠᠳ ᠣᠯᠠᠨ ᠪᠠ ᠬᠤᠪᠢ ᠬᠦᠮᠦᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠳᠤ ᠲᠦᠢᠯ ᠤᠨ ᠴᠢᠬᠤᠯᠠ ᠪᠠᠶᠢᠳᠠᠭ᠃ ᠲᠣᠰ ᠤᠳᠠᠭᠠᠨ ᠤ ᠪᠣᠯᠪᠠᠰᠤᠷᠠᠯ ᠳᠠᠭᠠᠨ ᠵᠢᠷᠦᠬᠡ ᠠᠭᠤᠰᠭᠢᠨ ᠤ ᠠᠵᠢᠯᠯᠠᠭ᠎ᠠ ᠶᠢ ᠰᠡᠷᠭᠦᠭᠡᠬᠦ ᠮᠡᠷᠭᠡᠵᠢᠯ ᠪᠠ AED ᠶᠢᠨ ᠠᠵᠢᠯᠯᠠᠬᠤ ᠴᠢᠳᠠᠪᠤᠷᠢ ᠶᠢ ᠠᠷᠠᠳ ᠤᠨ ᠴᠠᠬᠳᠠᠭ᠎ᠠ ᠳᠤ ᠪᠣᠯᠪᠠᠰᠤᠷᠠᠩᠭᠤᠶ ᠡᠵᠡᠮᠰᠢᠭᠦᠯᠵᠦ᠂ ᠪᠠᠴᠢᠮ ᠦᠶ᠎ᠡ ᠳᠤ ᠪᠦᠳᠦᠮᠵᠢᠳᠠᠢ ᠠᠪᠤᠷᠠᠨ ᠲᠤᠰᠠᠯᠠᠵᠦ᠂ ᠠᠷᠠᠳ ᠤᠯᠠᠨ ᠤ ᠠᠮᠢ ᠨᠠᠰᠤ ᠪᠠ ᠠᠮᠤᠷ ᠲᠦᠪᠰᠢᠨ ᠢ ᠬᠠᠮᠠᠭᠠᠯᠠᠬᠤ ᠳᠤ ᠪᠠᠳᠤᠯᠠᠭ᠎ᠠ ᠬᠠᠩᠭᠠᠵᠠᠢ᠃ ᠤᠯᠠᠭᠠᠨ ᠵᠠᠭᠠᠯᠮᠠᠶᠢᠳᠡᠨ ᠤ ᠨᠡᠶᠢᠭᠡᠮᠯᠢᠭ ᠤᠨ ᠳᠠᠶᠢᠯᠪᠤᠷᠢᠯᠠᠬᠴᠢ ᠪᠠᠭᠰᠢ ᠭᠤᠣᠯᠳᠠᠭᠤ ᠵᠢᠷᠦᠬᠡ ᠠᠭᠤᠰᠭᠢᠨ ᠤ ᠠᠵᠢᠯᠯᠠᠭ᠎ᠠ ᠶᠢ ᠰᠡᠷᠭᠦᠭᠡᠬᠦ ᠮᠡᠷᠭᠡᠵᠢᠯ᠂ AED ᠶᠢ ᠬᠡᠷᠡᠭᠯᠡᠬᠦ ᠪᠠ ᠠᠮᠢᠰᠬᠤᠯ ᠤᠨ ᠵᠠᠮ ᠤᠨ ᠲᠦᠭᠵᠢᠷᠡᠯ ᠢ ᠵᠠᠰᠠᠬᠤ ᠣᠨᠣᠯ ᠤᠨ ᠮᠡᠳᠡᠯᠭᠡ ᠶᠢ ᠳᠠᠶᠢᠯᠪᠤᠷᠢᠯᠠᠬᠤ ᠶᠢᠨ ᠬᠠᠮᠳᠦ ᠳᠠᠭᠤᠷᠢᠶᠠᠮᠠᠯ ᠬᠦᠮᠦᠨ ᠢ ᠠᠰᠢᠬᠯᠠᠨ ᠲᠤᠬᠠᠶ ᠶᠢᠨ ᠲᠠᠯᠠᠪᠤᠷ ᠲᠤ ᠳᠤᠷᠰᠢᠯᠳᠠ ᠬᠢᠵᠦ᠂ ᠵᠢᠷᠦᠬᠡ ᠠᠭᠤᠰᠭᠢᠨ ᠤ ᠠᠵᠢᠯᠯᠠᠭ᠎ᠠ ᠶᠢ ᠰᠡᠷᠬᠦᠬᠡᠬᠦ ᠰᠡᠷᠭᠦᠭᠡᠯᠲᠡ ᠶᠢᠨ ᠪᠤᠯᠪᠠᠰᠤᠷᠠᠯ ᠪᠠ AED ᠪᠣᠯᠪᠠᠰᠤᠷᠠᠯ ᠤᠨ ᠲᠥᠬᠦᠭᠡᠷᠦᠮᠵᠢ ᠶᠢ ᠲᠣᠬᠢᠷᠠᠭᠤᠯᠵᠤ᠂ ᠳᠠᠶᠢᠯᠪᠤᠷᠢᠯᠠᠬᠴᠢ ᠪᠠᠭᠰᠢ ᠨᠠᠷ ᠬᠠᠵᠠᠭᠤ ᠳᠤᠨᠢ ᠵᠢᠭᠠᠨ ᠵᠢᠯᠣᠭᠤᠳᠴᠤ᠂ ᠠᠷᠠᠳ ᠤᠨ ᠴᠠᠭᠳᠠᠭ᠎ᠠ ᠶᠢᠨ ᠠᠵᠢᠯᠯᠠᠬᠤ ᠶᠠᠪᠤᠴᠠ ᠳᠠᠬᠢ ᠪᠤᠷᠤᠭᠤ ᠦᠢᠯᠠ ᠬᠥᠳᠡᠯᠦᠯ ᠢ ᠴᠠᠭ ᠲᠤᠬᠠᠶ ᠳᠤᠨᠢ ᠵᠠᠯᠠᠷᠠᠭᠤᠯᠤᠨ᠂ ᠠᠷᠠᠳ ᠤᠨ ᠴᠠᠭᠳᠠᠭ᠎ᠠ ᠳᠤ ᠪᠠᠴᠢᠮ ᠪᠠᠶᠢᠳᠡᠯ ᠢ ᠠᠷᠭᠠᠴᠠᠭᠠᠬᠤ ᠮᠡᠳᠡᠯᠭᠡ ᠶᠢ ᠪᠣᠯᠪᠠᠰᠤᠷᠠᠩᠭᠤᠶ ᠡᠵᠡᠮᠰᠢᠭᠦᠯᠵᠠᠢ᠃ ︵ᠹᠧᠩ ᠰᠢᠨ︶    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号