ᠬᠤᠲᠠ ᠶᠢᠨ ᠵᠠᠰᠠᠭ ᠤᠨ ᠣᠷᠳᠣᠨ ᠣᠯᠠᠨ ᠲᠦᠮᠡᠨ ᠤ ᠣᠷᠣᠨ ᠰᠠᠭᠤᠴᠠ ᠶᠢᠨ ᠡᠯ᠎ᠡ ᠵᠦᠢᠯ ᠤᠨ ᠠᠰᠠᠭᠤᠳᠠᠯ ᠢ ᠰᠢᠢᠳᠪᠤᠷᠢᠯᠡᠬᠦ ᠵᠡᠷᠭᠡ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/15
    ᠤᠶᠢᠷ᠎ᠠ ᠳᠤ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ ᠣᠯᠠᠨ ᠲᠦᠮᠡᠨ ᠤ ᠣᠷᠣᠨ ᠰᠠᠭᠤᠴᠠ ᠶᠢᠨ ︽ᠦᠨᠡᠮᠯᠡᠯ ᠠᠪᠬᠤ ᠳᠤ ᠬᠦᠴᠢᠷᠲᠡᠶ︾᠂ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠪᠣᠬᠢᠷᠲᠤᠯ ᠥᠬᠡᠶ ᠵᠢᠵᠢᠭ ᠬᠤᠲᠠ ᠶᠢᠨ ᠪᠥᠲᠥᠭᠡᠨ ᠪᠠᠶᠢᠭᠤᠯᠤᠯᠳᠠ᠂ ᠬᠡᠷ ᠬᠥᠷᠥᠩᠭᠡ ᠶᠢᠨ ᠲᠤᠬᠠᠢ ᠦᠯᠡᠳᠡᠭᠳᠡᠯ ᠠᠰᠠᠭᠤᠳᠠᠯ ᠢ ᠰᠢᠢᠳᠪᠤᠷᠢᠯᠡᠬᠦ ᠵᠡᠷᠭᠡ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠳᠠ ᠶᠢᠨ ᠤᠳᠤᠷᠢᠳᠤᠯᠭ᠎ᠠ ᠴᠢᠶᠣᠤ ᠹᠧᠩ ᠯᠢᠨ᠂ ᠸᠠᠩ ᠬᠠᠢ ᠵᠢᠶᠦ᠋ᠨ ᠵᠢᠴᠢ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠤᠪᠴᠢᠶ᠎ᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠵᠡᠷᠭᠡ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠳ ᠲᠤᠰ ᠤᠳᠠᠭᠠᠨ ᠤ ᠬᠤᠷᠠᠯ ᠳᠤ ᠣᠷᠣᠯᠴᠠᠪᠠ᠃   ᠬᠤᠷᠠᠯ ᠠᠴᠠ᠂ ᠡᠯ᠎ᠡ ᠪᠠᠯᠭᠠᠰᠤ ᠵᠡᠭᠡᠯᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠶ ᠪᠣᠯᠭᠠᠵᠤ᠂ ᠳᠡᠭᠡᠳᠦ ᠱᠠᠲᠤᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠪᠠ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠦᠨᠡᠮᠯᠡᠯ ᠠᠪᠬᠤ ᠳᠤ ᠬᠦᠴᠢᠷᠲᠡᠶ︾ ᠪᠠᠶᠢᠬᠤ ᠠᠰᠠᠭᠤᠳᠠᠯ ᠢ ᠰᠢᠢᠳᠪᠤᠷᠢᠯᠡᠬᠦ᠂ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠬᠦ᠂ ᠬᠡᠷ ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠰᠢᠢᠳᠪᠤᠷᠢᠯᠡᠬᠦ ᠵᠡᠷᠭᠡ ᠠᠵᠢᠯ ᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠢ ᠤᠶᠠᠯᠳᠤᠭᠤᠯᠵᠤ᠂ ᠨᠠᠩ ᠬᠠᠷᠢᠭᠤᠴᠠᠯᠭᠠᠲᠤ ᠣᠪᠣᠷ᠂ ᠨᠠᠩ ᠬᠦᠴᠦᠲᠡᠶ ᠠᠷᠭ᠎ᠠ ᠬᠡᠮᠵᠢᠶ᠎ᠡ᠂ ᠨᠠᠩ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠡᠯ᠎ᠡ ᠵᠦᠢᠯ ᠤᠨ ᠠᠵᠢᠯ ᠢ ᠠᠬᠢᠭᠤᠯᠬᠤ ᠬᠡᠷᠡᠭᠳᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠭᠡᠳᠡᠷᠡᠭᠡᠨ ᠪᠤᠳᠤᠯᠢᠶᠠᠨᠲᠠᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠪᠣᠯᠤᠨ ᠡᠯ᠎ᠡ ᠵᠦᠢᠯ ᠤᠨ ᠠᠵᠢᠯ ᠤᠨ ᠠᠰᠠᠭᠤᠳᠠᠯ ᠤᠨ ᠵᠠᠩᠭᠢᠯᠠᠭ᠎ᠠ ᠳᠤ ᠴᠢᠭᠯᠡᠭᠦᠯᠦᠨ᠂ ᠰᠶᠢᠳᠪᠦᠷᠢᠯᠡᠬᠦ ᠰᠡᠳᠬᠢᠬᠦᠢ ᠪᠠᠨ ᠴᠢᠩᠭᠠᠳᠬᠠᠵᠤ᠂ ᠦᠨᠳᠦᠰᠦ ᠰᠤᠷᠪᠤᠯᠵᠢ ᠶᠢ ᠭᠦᠨᠵᠡᠭᠡᠢ ᠵᠠᠳᠠᠯᠵᠤ᠂ ᠡᠯ᠎ᠡ ᠵᠦᠢᠯ ᠤᠨ ᠠᠵᠢᠯ ᠤᠨ ᠰᠠᠭᠤᠷᠢ ᠲᠤᠭ᠎ᠠ ᠪᠤᠯᠤᠨ ᠠᠰᠠᠭᠤᠳᠠᠯ ᠢ ᠲᠣᠳᠣᠷᠬᠠᠢ ᠤᠶᠢᠯᠠᠭᠠᠵᠤ᠂ ᠡᠯ᠎ᠡ ᠵᠦᠢᠯ ᠤᠨ ᠠᠰᠠᠭᠤᠳᠠᠯ ᠢ ᠰᠶᠢᠳᠪᠦᠷᠢᠯᠡᠬᠦ ᠠᠷᠭ᠎ᠠ ᠶᠢ ᠠᠪᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠡᠯ᠎ᠡ ᠵᠦᠢᠯ ᠤᠨ ᠠᠵᠢᠯ ᠤᠨ ᠬᠦᠴᠦᠨ ᠲᠠᠢ ᠬᠤᠭᠤᠴᠠᠭ᠎ᠠ ᠶᠢ ᠵᠠᠪᠳᠤᠨ ᠰᠶᠢᠳᠪᠦᠷᠢᠯᠡᠵᠦ᠂ ᠤᠯᠠᠨ ᠰᠠᠯᠠᠭ᠎ᠠ ᠮᠥᠴᠢᠷ ᠬᠤᠯᠪᠣᠭᠠᠯᠠᠨ ᠪᠣᠭᠤᠮᠲᠠ ᠰᠢᠪᠲᠤᠯᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠶᠢ ᠦᠨᠡᠨ ᠬᠦ ᠬᠠᠮᠠᠭᠠᠯᠠᠨ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃ ᠬᠤᠷᠠᠯ ᠳᠡᠭᠡᠷ᠎ᠡ ᠪᠠᠰᠠ ᠡᠯ᠎ᠡ ᠵᠦᠢᠯ ᠤᠨ ᠠᠵᠢᠯ ᠳᠤ ᠴᠢᠭᠯᠡᠭᠦᠯᠦᠨ ᠪᠣᠳᠠᠲᠠᠶ ᠪᠠᠶᠢᠷᠢᠯᠠᠭᠤᠯᠤᠯᠳᠠ ᠬᠢᠵᠡᠶ᠃   
 
ᠢᠷᠡᠯᠲᠡ᠄ ᠷᠠᠰᠢᠶᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号