ᠷᠠᠰᠢᠶᠠᠨ ᠬᠤᠲᠠ 2024 ᠣᠨ ᠤ 8 ᠳ᠋ᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠢᠵᠠᠢ
ᠨᠡᠶᠢᠲᠡᠯᠡᠭᠰᠡᠨ ᠴᠠᠭ᠄
2024/10/15
   ᠤᠶᠢᠷ᠎ᠠ ᠳᠤ᠂ ᠷᠠᠰᠢᠶᠠᠨ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠰᠢᠶᠤᠤ ᠬᠤᠸᠠᠨ 2024 ᠣᠨ ᠤ 8 ᠳ᠋ᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ ᠪᠦᠬᠦ ᠬᠤᠳᠠ ᠶᠢᠨ ᠬᠠᠤᠯᠢ ᠪᠠᠷ ᠬᠤᠳᠠ ᠪᠠᠨ ᠵᠠᠰᠠᠬᠤ ᠪᠦᠳᠦᠭᠡᠨ ᠪᠠᠶᠢᠭᠤᠯᠤᠯᠳᠠ ᠶᠢᠨ ᠠᠵᠢᠯ ᠤᠨ ᠪᠠᠶᠢᠳᠠᠯ᠂ 12345 ᠬᠠᠯᠠᠮᠰᠢᠯ ᠤᠲᠠᠰᠤᠨ ᠤ ᠠᠵᠢᠯ ᠢ ᠥᠷᠨᠢᠭᠦᠯᠦᠭᠰᠡᠨ ᠪᠠᠶᠢᠳᠠᠯ ᠂ 2025 ᠣᠨ ᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ︵ᠦᠷ᠎ᠡ ᠪᠦᠲᠦᠭᠡᠯ ᠢ ᠪᠠᠬᠢᠵᠢᠭᠦᠯᠬᠦ ᠡᠭᠦᠷᠭᠡ︶ ᠶᠢᠨ ᠲᠦᠷᠦᠯ ᠵᠦᠢᠯ ᠵᠡᠷᠭᠡ ᠶᠠᠪᠤᠳᠠᠯ ᠢ ᠰᠤᠳᠤᠯᠤᠨ ᠰᠣᠨᠣᠰᠴᠠᠢ᠃ ᠬᠤᠲᠠ ᠶᠢᠨ ᠤᠳᠤᠷᠢᠳᠤᠯᠭ᠎ᠠ ᠶᠠᠩ ᠪᠦᠦ ᠲᠢᠶᠠᠨ᠂ ᠵᠣᠣ ᠶᠤᠸᠠᠨ᠂ ᠶᠠᠩ ᠴᠢᠶᠦ᠋ᠩ᠂ ᠵᠣᠣ ᠫᠧᠩ ᠴᠢ᠂ ᠦ᠋ ᠫᠸᠢ᠂ ᠴᠢᠶᠣᠤ ᠹᠧᠩ ᠯᠢᠨ᠂ ᠪᠠᠶ ᠹᠧᠩ᠂ ᠯᠢᠦ ᡁᠢ ᠴᠢᠶᠠᠩ᠂ ᠤᠣ ᠹᠧᠩ ᠪᠢᠨ᠂ ᠸᠠᠩ ᠬᠠᠶ ᠵᠢᠶᠦ᠋ᠨ ᠵᠢᠴᠢ ᠵᠣᠬᠢᠶᠠᠨ ᠪᠠᠶᠢᠭᠤᠯᠬᠤ ᠬᠡᠯᠲᠡᠰ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠳᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠳ ᠲᠤᠰ ᠤᠳᠠᠭᠠᠨ ᠤ ᠬᠤᠷᠠᠯ ᠳᠤ ᠣᠷᠣᠯᠴᠠᠪᠠ᠃   ᠬᠤᠷᠠᠯ ᠠᠴᠠ᠂ ᠡᠯ᠎ᠡ ᠪᠠᠯᠭᠠᠰᠤ ᠵᠡᠭᠡᠯᠢ᠂ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠳᠤᠷ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠳᠠ ᠶᠢᠨ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠪᠣᠯᠭᠠᠬᠤ ᠶᠢ ᠪᠠᠷᠢᠮᠲᠠᠯᠠᠵᠤ᠂ ᠬᠠᠤᠯᠢᠵᠢᠯ ᠤᠨ ᠵᠣᠷᠢᠭ ᠰᠠᠨᠠᠭ᠎ᠠ ᠪᠠ ᠳᠦᠷᠢᠮ ᠤᠨ ᠤᠬᠠᠮᠰᠠᠷ ᠢ ᠴᠢᠩᠭᠠᠳᠬᠠᠵᠤ᠂ ᠬᠠᠤᠯᠢ ᠶᠣᠰᠣᠭᠠᠷ ᠬᠡᠷᠡᠭ ᠡᠷᠬᠢᠯᠡᠬᠦ ᠶᠢ ᠵᠠᠰᠠᠭ ᠤᠨ ᠣᠷᠳᠣᠨ ᠤ ᠰᠢᠢᠳᠪᠤᠷᠢᠳᠤ ᠪᠤᠳᠤᠯᠭ᠎ᠠ ᠲᠣᠭᠲᠠᠭᠠᠬᠤ᠂ ᠬᠡᠷᠡᠭᠵᠢᠭᠦᠯᠬᠦ᠂ ᠬᠢᠨᠠᠯᠲᠠ ᠲᠠᠯᠪᠢᠬᠤ ᠶᠢᠨ ᠬᠠᠮᠤᠭ ᠤᠨ ᠳᠡᠭᠡᠳᠦ ᠪᠠᠷᠢᠮᠵᠢᠶ᠎ᠠ ᠪᠣᠯᠭᠠᠵᠤ᠂ ᠬᠠᠤᠯᠢᠵᠢᠯ ᠤᠨ ᠰᠡᠳᠬᠢᠬᠦᠶ ᠪᠠ ᠬᠠᠤᠯᠢᠵᠢᠯ ᠤᠨ ᠠᠷᠭ᠎ᠠ ᠪᠠᠷ ᠠᠵᠢᠯ ᠢᠶᠠᠨ ᠠᠬᠢᠭᠤᠯᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠷᠬᠡ ᠶᠢᠨ ᠠᠵᠢᠯᠯᠠᠭᠠᠨ ᠢ ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠢᠲᠡᠭᠡᠯ ᠲᠠᠢ ᠪᠠᠶᠢᠵᠤ ᠠᠮᠠᠯᠠᠯᠲᠠ ᠪᠠᠨ ᠦᠢᠯᠡᠳᠦᠯᠭᠡᠵᠢᠭᠦᠯᠦᠨ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠵᠤ᠂ ᠲᠥᠪ ᠭᠤᠣᠯᠴᠢ ᠪᠠᠶᠢᠬᠤ ᠶᠢ ᠠᠬᠢᠭᠤᠯᠬᠤ ᠬᠡᠷᠡᠭᠳᠡᠢ᠃ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ 12345 ᠬᠠᠯᠠᠮᠰᠢᠯ ᠤᠲᠠᠰᠤ ᠶᠢ ᠭᠥᠯᠢᠶᠡᠨ ᠠᠪᠴᠤ ᠰᠢᠢᠳᠪᠤᠷᠢᠯᠡᠬᠦ᠂ ᠰᠢᠯᠵᠢᠭᠦᠯᠦᠨ ᠭᠦᠢᠴᠡᠳᠭᠡᠬᠦ᠂ ᠲᠠᠭᠠᠭᠠᠴᠢᠯᠡᠨ ᠭᠦᠢᠴᠡᠳᠭᠡᠬᠦ᠂ ᠬᠠᠷᠢᠭᠤ ᠥᠭᠬᠦ ᠵᠡᠷᠭᠡ ᠡᠯ᠎ᠡ ᠵᠦᠢᠯ ᠤᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ︽ᠵᠠᠭᠠᠯᠳᠤᠯᠭ᠎ᠠ ᠶᠢ ᠭᠥᠯᠢᠶᠡᠨ ᠠᠪᠤᠪᠠᠯ ᠲᠠᠷᠦ᠋ᠢᠬᠠᠨ ᠰᠢᠢᠳᠪᠤᠷᠢᠯᠡᠬᠦ︾ ᠬᠦᠴᠢᠷ ᠠᠰᠠᠭᠤᠳᠠᠯ ᠢ ᠰᠢᠢᠳᠪᠤᠷᠢᠯᠡᠬᠦ ᠶᠢ ᠬᠡᠪ ᠤᠨ ᠪᠠᠶᠢᠳᠠᠯ ᠪᠤᠯᠭᠠᠵᠤ᠂ ᠬᠠᠯᠠᠮᠰᠢᠯ ᠤᠲᠠᠰᠤ ᠶᠢ ᠰᠢᠢᠳᠪᠤᠷᠢᠯᠡᠬᠦ ᠨᠣᠷᠮ᠎ᠠ᠂ ᠬᠠᠨᠤᠮᠵᠢ ᠶᠢᠨ ᠨᠣᠷᠮ᠎ᠠ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠤ ᠴᠢᠬᠤᠯᠠᠴᠢᠯᠠᠵᠠᠢ᠃ ᠬᠤᠷᠠᠯ ᠳᠡᠭᠡᠷ᠎ᠡ ᠪᠠᠰᠠ ᠵᠠᠰᠠᠭ ᠤᠨ ᠣᠷᠳᠣᠨ ᠤ 5 — 6 ᠳ᠋ᠤᠭᠠᠷ ᠰᠠᠷ᠎ᠠ ᠶᠢᠨ ᠦᠨᠡᠯᠡᠨ ᠶᠠᠷᠢᠯᠴᠠᠭᠰᠠᠨ ᠦᠷ᠎ᠡ ᠳ᠋ᠦᠩ ᠵᠢᠴᠢ ᠱᠠᠩᠨᠠᠨ ᠬᠥᠬᠢᠭᠦᠯᠬᠦ ᠶᠠᠪᠤᠳᠠᠯ ᠤᠳ ᠢ ᠰᠤᠳᠤᠯᠤᠨ ᠰᠣᠨᠣᠰᠪᠠ᠃   
 
ᠢᠷᠡᠯᠲᠡ᠄ ᠷᠠᠰᠢᠶᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号