ᠷᠠᠰᠢᠶᠠᠨ ᠬᠤᠲᠠ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠢᠯ ᠢ ᠲᠣᠬᠢᠷᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/15
    10 ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠢᠯ ᠤᠨ ᠸᠢᠳᠢᠤ᠋ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠠᠢ᠃ 2024 — 2025 ᠮᠥᠰᠥ ᠴᠠᠰᠤᠨ ᠤ ᠤᠯᠠᠷᠢᠯ ᠵᠢᠴᠢ ᠠᠷᠪᠠ ᠶᠢᠰᠤᠳᠤᠭᠡᠷ ᠬᠤᠭᠤᠴᠠᠭᠠᠨ ᠤ ᠮᠥᠰᠥ ᠴᠠᠰᠤᠨ ᠤ ᠨᠠᠶᠢᠷ ᠤᠨ ᠡᠬᠢᠯᠡᠯᠲᠡ ᠶᠢᠨ ᠶᠣᠰᠣᠯᠠᠯ᠂ ᠣᠨ ᠤ ᠬᠤᠷᠠᠯ ᠵᠢᠴᠢ ᠰᠤᠳᠤᠯᠤᠨ ᠰᠤᠷᠤᠯᠴᠠᠵᠤ ᠡᠯᠰᠡᠨ ᠤᠷᠢᠬᠤ ᠵᠡᠷᠭᠡ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠲᠠ ᠶᠢᠨ ᠤᠳᠤᠷᠢᠳᠤᠯᠭ᠎ᠠ ᠸᠠᠩ ᠲᠢᠶᠠᠨ ᠹᠧᠩ᠂ ᠲᠠᠢ ᠬᠠᠶ ᠹᠧᠩ᠂ ᠪᠠᠶ ᠰᠢᠤ ᠮᠧᠶ᠂ ᠦ᠋ ᠫᠸᠢ᠂ ᠪᠠᠶ ᠹᠧᠩ ᠵᠢᠴᠢ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠶᠠᠷᠢᠶᠠᠨ ᠤ ᠲᠠᠪᠴᠠᠩ ᠤᠨ ᠲᠥᠪ ᠵᠡᠷᠭᠡ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠳ ᠲᠤᠰ ᠤᠳᠠᠭᠠᠨ ᠤ ᠬᠤᠷᠠᠯ ᠳᠤ ᠣᠷᠣᠯᠴᠠᠪᠠ᠃     ᠬᠤᠷᠠᠯ ᠠᠴᠠ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠢᠯ ᠤᠨ ᠴᠠᠭ ᠪᠠᠴᠢᠮ᠂ ᠡᠭᠦᠷᠭᠡ ᠬᠦᠨᠳᠦ᠂ ᠡᠶᠢᠮᠤ ᠠᠴᠠ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠳᠠ ᠶᠢ ᠠᠬᠢᠭᠤᠯᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰᠬᠠᠢ ᠰᠡᠳᠦᠪ ᠢᠶᠠᠷ ᠰᠤᠳᠤᠯᠵᠤ᠂ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠪᠦᠷᠢᠯᠳᠦᠭᠦᠯᠵᠦ᠂ ᠬᠤᠯᠪᠣᠭᠳᠠᠯ ᠪᠦᠬᠦᠢ ᠪᠣᠳᠠᠲᠠᠢ ᠠᠵᠢᠯ ᠢ ᠲᠦᠷᠭᠡᠨ ᠪᠠᠶᠢᠷᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠪᠡᠯᠡᠳᠬᠡᠯ ᠠᠵᠢᠯ ᠢ ᠭᠦᠢᠴᠡᠳ ᠰᠠᠶᠢᠳᠤᠷ ᠬᠢᠵᠦ᠂ ᠬᠠᠮᠤᠭ ᠤᠨ ᠰᠠᠶᠢᠨ ᠵᠢᠭᠤᠯᠴᠢᠯᠠᠯ ᠤᠨ ᠪᠦᠲᠦᠭᠡᠭᠳᠡᠬᠦᠨ ᠢᠶᠠᠨ ᠭᠠᠷᠭᠠᠵᠤ᠂ ᠬᠠᠮᠤᠭ ᠤᠨ ᠰᠠᠶᠢᠨ ᠵᠢᠭᠤᠯᠴᠢᠯᠠᠯ ᠤᠨ ᠣᠷᠴᠢᠨ ᠲᠣᠭᠤᠷᠢᠨ ᠢ ᠪᠤᠢ ᠪᠣᠯᠭᠠᠵᠤ᠂ ᠬᠠᠮᠤᠭ ᠤᠨ ᠰᠠᠶᠢᠨ ᠵᠢᠭᠤᠯᠴᠢᠯᠠᠯ ᠤᠨ ᠦᠢᠯᠡᠴᠢᠯᠡᠭᠡ ᠬᠠᠩᠭᠠᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠵᠦ᠂ ᠷᠠᠰᠢᠶᠠᠨ ᠤ ᠮᠥᠰᠥ ᠴᠠᠰᠤᠨ ᠤ ᠵᠢᠭᠤᠯᠴᠢᠯᠠᠯ ᠤᠨ ᠰᠠᠶᠢᠨ ᠰᠠᠶᠢᠬᠠᠨ ᠨᠡᠷ᠎ᠡ ᠶᠢᠨ ᠬᠠᠭᠤᠳᠠᠰᠤ ᠶᠢ ᠪᠤᠢ ᠪᠤᠯᠭᠠᠬᠤ ᠬᠡᠷᠡᠭᠲᠡᠢ᠃ ᠭᠤᠣᠯᠳᠠᠯᠭ᠎ᠠ ᠪᠠᠨ ᠲᠤᠪᠤᠶᠢᠯᠭᠠᠵᠤ᠂ ᠣᠨᠴᠠᠯᠢᠭ ᠢᠶᠠᠨ ᠲᠤᠳᠤᠷᠬᠠᠶᠢᠯᠠᠵᠤ᠂ ᠬᠠᠮᠢᠶ᠎ᠠ ᠪᠦᠬᠦᠢ ᠠᠵᠢᠯᠯᠠᠭ᠎ᠠ ᠪᠠᠷ ᠷᠠᠰᠢᠶᠠᠨ ᠤ ᠣᠨᠴᠠᠯᠢᠭ ᠪᠣᠯᠤᠨ ᠬᠢᠷᠢ ᠲᠦᠪᠰᠢᠨ ᠢ ᠢᠯᠡᠷᠡᠭᠦᠯᠵᠦ᠂ ᠮᠠᠨ ᠤ ᠬᠤᠳᠠ ᠶᠢᠨ ᠮᠥᠰᠥ ᠴᠠᠰᠤᠨ ᠤ ᠵᠢᠭᠤᠯᠴᠢᠯᠠᠯ ᠤᠨ ᠰᠣᠶᠣᠯ ᠤᠨ ᠠᠭᠤᠯᠬᠤᠨ ᠪᠣᠯᠤᠨ ᠶᠠᠰᠤ ᠴᠢᠨᠠᠷ ᠢ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ᠃ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠥᠭᠵᠢᠶᠡᠨᠲᠡᠢ ᠤᠯᠠᠷᠢᠯ ᠤᠨ ᠠᠵᠠ ᠲᠣᠬᠢᠶᠠᠯ ᠢ ᠠᠮᠵᠢᠨ᠂ ᠪᠦᠬᠦ ᠬᠤᠳᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠴᠢᠨᠠᠷ ᠰᠠᠶᠢᠳᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃    
 
ᠢᠷᠡᠯᠲᠡ᠄ ᠷᠠᠰᠢᠶᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号