ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ ᠬᠦᠷᠴᠦ | ᠢᠷᠡᠬᠦ ᠲᠠᠰᠢᠷᠠᠮ ᠢᠶᠠᠷ᠂ 9 ᠰᠠᠷ᠎ᠠ ᠶᠢᠨ 27 ᠤ ᠡᠳᠦᠷ᠂ ᠷᠠᠰᠢᠶᠠᠨ ᠬᠤᠲᠠ ᠶᠢᠨ ᠵᠡᠮᠳᠡᠭᠴᠦᠳ ᠤᠨ ᠬᠤᠯᠪᠣᠭ᠎ᠠ | ᠬᠤᠲᠠ ᠶᠢᠨ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠲᠥᠪ ᠲᠠᠢ ᠬᠠᠮᠲᠤᠷᠠᠨ ᠰᠣᠶᠣᠯ ᠢ ᠵᠡᠮᠳᠡᠭᠴᠦᠳ ᠤᠨ ᠭᠡᠷ | ᠪᠦᠯᠢ ᠳᠤ ᠬᠦᠷᠭᠡᠬᠦ ︽ᠲᠠᠪᠤᠨ ᠨᠢᠭᠡ︾ ᠶᠢᠨ ᠰᠢᠷᠢᠰ ᠠᠵᠢᠯᠯᠠᠭ᠎ᠠ ᠦᠷᠨᠢᠬᠦᠯᠵᠤ᠂ ᠬᠤᠲᠠ ᠶᠢᠨ ᠵᠡᠮᠳᠡᠭᠴᠦᠳ ᠵᠢᠴᠢ | ᠵᠡᠮᠳᠡᠭᠴᠤᠳ ᠤᠨ ᠬᠤᠯᠪᠤᠭ᠎ᠠ ᠶᠢᠨ 40 ᠭᠠᠷᠤᠶ ᠠᠵᠢᠯᠲᠠᠨ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃ | | ᠵᠡᠮᠳᠡᠭᠴᠦᠳ ᠢ ᠰᠠᠶᠢᠲᠤᠷ ᠬᠠᠷᠠᠭᠠᠯᠵᠠᠬᠤ ᠶᠢᠨ ᠲᠥᠯᠥᠭᠡ᠂ ᠬᠤᠲᠠ ᠶᠢᠨ ᠵᠡᠮᠳᠡᠭᠴᠦᠳ ᠤᠨ | ᠬᠤᠯᠪᠣᠭ᠎ᠠ ᠶᠢᠨ ᠬᠢᠨ ᠡᠮᠦᠨ᠎ᠡ ᠬᠤᠭᠤᠴᠠᠭᠠᠨ ᠳᠠᠬᠢ ᠪᠡᠯᠡᠳᠬᠡᠯ ᠠᠵᠢᠯ ᠢ ᠭᠦᠢᠴᠡᠳ ᠬᠢᠵᠦ᠂ ᠬᠠᠮᠢᠶ᠎ᠠ ᠪᠦᠬᠦᠢ | ᠪᠠᠶᠢᠭᠤᠯᠭ᠎ᠠ ᠨᠢᠭᠡᠴᠢ ᠲᠠᠢ ᠰᠠᠨᠠᠯ ᠪᠤᠳᠤᠯ ᠢᠶᠠᠨ ᠰᠤᠯᠢᠯᠴᠠᠨ᠂ ᠲᠣᠰ ᠤᠳᠠᠭᠠᠨ ᠤ ᠲᠣᠭᠤᠷᠢᠨ ᠦᠵᠡᠬᠦ | ᠦᠢᠯᠡᠴᠢᠯᠡᠭᠡᠨ ᠤ ᠡᠲᠡᠭᠡᠳ ᠤᠨ ᠠᠮᠤᠷ ᠲᠦᠪᠰᠢᠨ ᠪᠠ ᠠᠵᠢᠯᠯᠠᠭᠠᠨ ᠤ ᠡᠮᠬᠢ ᠳᠢᠭᠯᠢᠮ ᠢ ᠪᠠᠲᠤᠯᠠᠬᠤ ᠶᠢᠨ ᠬᠠᠮᠲᠤ | ᠡᠯ᠎ᠡ ᠲᠥᠷᠥᠯ ᠤᠨ ᠵᠡᠮᠳᠡᠭᠴᠦᠳ ᠤᠨ ᠠᠳᠠᠯᠢ ᠪᠤᠰᠤ ᠬᠡᠷᠡᠭᠴᠡᠭᠡ ᠶᠢ ᠪᠣᠳᠣᠯᠬᠢᠯᠠᠵᠤ᠂ ᠬᠥᠯ ᠭᠠᠷ ᠨᠢ ᠳᠥᠭᠦᠮ | ᠦᠭᠡᠢ ᠵᠡᠮᠳᠡᠭᠴᠦᠳ ᠢ ᠲᠡᠷᠭᠡ ᠬᠥᠰᠬᠡ ᠪᠠᠷ ᠲᠤᠰᠴᠤ ᠬᠦᠷᠭᠡᠵᠠᠢ᠃ | ᠬᠤᠳᠠ ᠶᠢᠨ ᠵᠡᠮᠳᠡᠭᠴᠤᠳ ᠤᠨ ᠬᠤᠯᠪᠤᠭ᠎ᠠ ᠶᠢᠨ ᠲᠤᠰ ᠠᠵᠢᠯᠯᠠᠭ᠎ᠠ ᠨᠢ ᠣᠯᠠᠨ ᠤ ᠪᠠᠶᠠᠷ ᠪᠠᠭ᠋ᠠᠳᠤᠯ ᠤᠨ ᠳᠤᠮᠳᠠ | ᠬᠥᠰᠢᠭᠡ ᠪᠠᠨ ᠰᠡᠬᠦᠪᠡ᠃ ᠬᠤᠲᠠ ᠶᠢᠨ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠲᠥᠪ ᠤᠨ ᠠᠵᠢᠯᠲᠠᠨ ᠤ | ᠳᠠᠭᠠᠭᠤᠯᠭ᠎ᠠ ᠳᠣᠣᠷ᠎ᠠ᠂ ᠣᠯᠠᠨ ᠢᠶᠠᠷ ᠢᠶᠠᠨ ᠵᠢᠷᠤᠭ ᠤᠨ ᠦᠵᠡᠰᠬᠦᠯᠡᠩ ᠪᠠ ︽ᠷᠠᠰᠢᠶᠠᠨ ᠤ ᠡᠨᠡ ᠠᠷᠪᠠᠨ ᠵᠢᠯ︾ ᠤᠨ | ᠦᠵᠡᠭᠦᠯᠭᠡ ᠶᠢ ᠰᠣᠨᠢᠷᠬᠠᠵᠤ᠂ ᠠᠵᠢᠯᠲᠠᠨ ᠤ ᠠᠮᠢᠳᠤᠯᠢᠭ ᠪᠦᠭᠡᠳ ᠰᠤᠨᠢᠷᠬᠠᠯᠳᠠᠢ ᠲᠠᠶᠢᠯᠪᠤᠷᠢᠯᠠᠯᠳᠠ ᠪᠠᠷ ᠲᠠᠮᠵᠢᠨ᠂ | ᠵᠡᠮᠳᠡᠭᠴᠤᠳ ᠲᠤ ᠷᠠᠰᠢᠶᠠᠨ ᠤ ᠰᠦᠷᠯᠢᠭ ᠰᠠᠶᠢᠬᠠᠨ ᠠᠭᠤᠯᠠ ᠤᠰᠤᠨ ᠤ ᠦᠵᠡᠮᠵᠢ ᠶᠢ ᠮᠡᠳᠡᠷᠡᠬᠦᠯᠵᠤ᠂ ᠷᠠᠰᠢᠶᠠᠨ ᠤ | ᠲᠡᠦᠬᠡ ᠶᠢᠨ ᠦᠯᠢᠭᠡᠷ ᠢ ᠣᠶᠢᠯᠠᠭᠠᠭᠤᠯᠪᠠ᠃ |