ᠵᠠᠯᠠᠶᠢᠳ ᠬᠤᠰᠢᠭᠤᠨ ᠤ ᠰᠢᠷ᠎ᠠ ᠪᠤᠷᠴᠠᠭ ᠤᠨ ᠤᠨᠠᠯᠳᠠ ᠳᠠᠬᠢᠨᠲᠠ ᠲᠡᠮᠳᠡᠭᠯᠡᠯ ᠢ ᠰᠢᠨᠡᠳᠬᠡᠪᠡ
ᠨᠡᠶᠢᠲᠡᠯᠡᠭᠰᠡᠨ ᠴᠠᠭ᠄
2024/10/15
    10 ᠰᠠᠷ᠎ᠠ ᠶᠢᠨ 10 ᠤ ᠡᠳᠦᠷ᠂ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠠᠴᠠ ᠤᠨᠠᠯᠲᠠ ᠶᠢ ᠬᠡᠮᠵᠢᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠢᠨᠳᠡᠷ ᠪᠠᠯᠭᠠᠰᠤᠨ ᠤ ᠳ᠋ᠦᠩ ᠹᠠᠩ ᠬᠤᠩ ᠲᠣᠰᠬᠤᠨ ᠤ ᠰᠢᠷ᠎ᠠ ᠪᠤᠷᠴᠠᠭ ᠤᠨ ᠥᠨᠳᠥᠷ ᠤᠨᠠᠯᠲᠠ ᠶᠢᠨ ᠤᠷᠤᠯᠳᠤᠭᠠᠨ ᠤ ᠵᠢᠱᠢᠶ᠎ᠡ ᠦᠵᠡᠭᠦᠯᠬᠦ ᠲᠠᠷᠢᠶᠠᠨ ᠭᠠᠵᠠᠷ ᠲᠤ ᠪᠣᠳᠠᠲᠠᠢ ᠬᠤᠷᠢᠶᠠᠯᠲᠠ ᠶᠢᠨ ᠬᠡᠮᠵᠢᠯᠲᠡ ᠬᠢᠵᠦ᠂ 20.95 ᠮᠦ ᠲᠥᠯᠥᠭᠡᠯᠡᠬᠦ ᠴᠢᠨᠠᠷᠲᠠᠢ ᠲᠠᠷᠢᠶᠠᠨ ᠭᠠᠵᠠᠷ ᠢ ᠰᠣᠩᠭᠤᠵᠤ᠂ ᠪᠣᠳᠠᠲᠠᠢ ᠬᠤᠷᠢᠶᠠᠭᠰᠠᠨ ᠬᠡᠮᠵᠢᠶ᠎ᠡ ᠨᠢ 6656 ᠺᠢᠯᠣᠭ᠍ᠷᠠᠮ ᠪᠠᠶᠢᠵᠤ᠂ ᠤᠰᠤᠨ ᠤ ᠠᠭᠤᠯᠤᠭᠳᠠᠴᠠ ᠨᠢ 11.9% ᠪᠠᠶᠢᠪᠠ᠃ ᠤᠯᠤᠰ ᠤᠨ ᠰᠢᠷ᠎ᠠ ᠪᠤᠷᠴᠠᠭ ᠤᠨ ᠪᠠᠷᠢᠮᠵᠢᠶᠠᠲᠤ ᠤᠰᠤᠨ ᠤ ᠠᠭᠤᠯᠤᠭᠳᠠᠴᠠ ᠶᠢᠨ 13% ᠪᠠᠷ ᠪᠤᠳᠤᠪᠠᠯ᠂ ᠪᠣᠳᠠᠲᠠᠢ ᠬᠤᠷᠢᠶᠠᠭᠰᠠᠨ ᠮᠦ ᠪᠦᠷᠢ ᠶᠢᠨ ᠤᠨᠠᠯᠲᠠ ᠨᠢ 321.7 ᠺᠢᠯᠣᠭ᠍ᠷᠠᠮ ᠪᠠᠶᠢᠵᠤ᠂ 2023 ᠣᠨ ᠤ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢᠨ ᠲᠡᠮᠳᠡᠭᠯᠡᠯ ᠤᠨ 316.8 ᠺᠢᠯᠣᠭ᠍ᠷᠠᠮ ᠠᠴᠠ 4. 9 ᠺᠢᠯᠣᠭ᠍ᠷᠠᠮ ᠳᠡᠭᠡᠭᠰᠢᠯᠡᠵᠦ᠂ ᠮᠠᠨ ᠤ ᠤᠷᠤᠨ ᠤ ᠰᠢᠷ᠎ᠠ ᠪᠤᠷᠴᠠᠭ ᠤᠨ ᠤᠨᠠᠯᠲᠠ ᠶᠢᠨ ᠲᠡᠮᠳᠡᠭᠯᠡᠯ ᠢ ᠳᠠᠬᠢᠨᠲᠠ ᠰᠢᠨᠡᠳᠬᠡᠪᠡ᠃     
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号