ᠣᠶᠢᠷ᠎ᠠ ᠳᠤ᠂ ᠤᠯᠠᠭᠠᠨᠬᠤᠲᠠ ᠶᠢᠨ ᠲᠠᠪᠢᠨ ᠥᠷᠲᠡᠭᠡ ᠪᠠᠯᠭᠠᠰᠤᠨ ᠤ ᠪᠥᠬᠦ ᠪᠠᠯᠭᠠᠰᠤ ᠲᠣᠰᠬᠤᠨ | ᠬᠤᠯᠪᠤᠭᠠᠯᠠᠨ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠤᠨ ᠠᠵᠢᠯ ᠢᠶᠠᠨ ᠡᠬᠢᠯᠡᠬᠦᠯᠵᠤ᠂ ᠤᠰᠤ ᠬᠠᠩᠭᠠᠬᠤ | ᠪᠠᠶᠢᠷᠢᠰᠢᠯ ᠢ ᠰᠢᠯᠢᠳᠡᠭᠵᠢᠭᠦᠯᠬᠦ᠂ ᠤᠰᠤ ᠬᠠᠩᠭᠠᠬᠤ ᠨᠥᠬᠦᠴᠡᠯ ᠢ ᠰᠠᠶᠢᠵᠢᠷᠠᠭᠤᠯᠬᠤ ᠪᠠᠷ ᠳᠠᠮᠵᠢᠭᠤᠯᠤᠨ ᠣᠯᠠᠨ | ᠲᠦᠮᠡᠨ ᠳᠤ ᠠᠷᠢᠭᠤᠨ ᠴᠡᠪᠡᠷ ᠲᠦᠭᠡᠭᠡᠯ ᠤᠰᠤ ᠬᠡᠷᠡᠭᠯᠡᠭᠦᠯᠪᠡ᠃ ᠰᠤᠷᠪᠤᠯᠵᠢᠯᠠᠭᠴᠢ ᠤᠶᠢᠷ᠎ᠠ ᠳᠤ ᠲᠠᠪᠢᠨ ᠥᠷᠲᠡᠭᠡ | ᠪᠠᠯᠭᠠᠰᠤᠨ ᠤ ᠪᠥᠬᠦ ᠪᠠᠯᠭᠠᠰᠤ ᠲᠣᠰᠬᠤᠨ ᠬᠤᠯᠪᠤᠭᠠᠯᠠᠨ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠤᠨ | ᠲᠤᠬᠠᠶ ᠶᠢᠨ ᠲᠠᠯᠠᠪᠠᠶ ᠪᠠᠷ ᠬᠦᠷᠬᠦ ᠳᠤ᠂ ᠲᠡᠭᠡᠭᠡᠪᠦᠷᠢ ᠶᠢᠨ ᠲᠡᠷᠭᠡ ᠨᠠᠰᠢ ᠴᠠᠰᠢ ᠰᠦᠯᠵᠢᠯᠳᠦᠵᠦ᠂ ᠰᠢᠷᠣᠶ ᠲᠦᠯᠬᠢᠬᠦ | ᠮᠠᠰᠢᠨ ᠲᠠᠰᠤᠷᠠᠯᠲᠠ ᠥᠬᠡᠶ ᠠᠵᠢᠯᠯᠠᠵᠤ᠂ ᠮᠠᠰᠢᠨ ᠬᠦᠩᠭᠢᠨᠡᠬᠦ ᠳᠠᠭᠤᠨ ᠡ᠊ᠨᠳᠡ ᠲᠠᠨᠳᠠ ᠦᠭᠡᠢ ᠴᠤᠤᠷᠢᠶᠠᠲᠤᠵᠤ᠂ | ᠠᠵᠢᠯᠴᠢᠳ ᠲᠣᠰ ᠲᠣᠰ ᠤᠨ ᠡᠭᠦᠷᠭᠡ ᠲᠤᠰᠢᠶᠠᠯ ᠢᠶᠠᠨ ᠬᠦᠢᠴᠡᠳᠬᠡᠵᠦ ᠪᠠᠶᠢᠯ᠎ᠠ᠃ ︽ᠤᠳᠤ ᠮᠠᠨ ᠤ | ᠲᠣᠰᠬᠤᠨ ᠤ ᠠᠷᠠᠳ ᠲᠤᠭᠳᠠᠪᠤᠷᠢᠳᠠᠢ ᠭᠦᠢᠴᠡᠳ ᠲᠦᠭᠡᠭᠡᠯ ᠤᠰᠤᠨ ᠤ ᠬᠠᠩᠭᠠᠯᠭ᠎ᠠ ᠶᠢ ᠬᠦᠷᠲᠡᠵᠦ᠂ ᠦᠨᠡᠨ | ᠪᠣᠳᠠᠲᠠᠢ ᠵᠣᠯ ᠵᠢᠷᠭᠠᠯᠲᠤ ᠠᠮᠢᠳᠤᠷᠠᠯ ᠢ ᠡᠳ᠋ᠯᠡᠵᠤ ᠪᠠᠶᠢᠨ᠎ᠠ︾ ᠭᠡᠵᠤ ᠲᠠᠪᠢᠨ ᠦᠷᠲᠡᠭᠡ ᠪᠠᠯᠭᠠᠰᠤᠨ ᠤ ᠰᠢᠨᠬᠤᠸᠠ | ᠲᠣᠰᠬᠤᠨ ᠤ ᠠᠷᠠᠳ ᠯᠢ ᠬᠠᠢ ᠶᠠᠨ ᠰᠤᠷᠪᠤᠯᠵᠢᠯᠠᠭᠴᠢ ᠳᠤ ᠬᠡᠯᠡᠪᠡ᠃ ︽ᠣᠳᠣᠬᠠᠨ ᠳᠤ᠂ ᠠᠯᠪᠠᠯᠠᠬᠤ | ᠤᠶᠢᠯᠡᠳᠪᠤᠷᠢ ᠶᠢᠨ ᠬᠡᠷ ᠪᠠᠶᠢᠰᠢᠩ ᠪᠣᠯᠤᠨ ᠤᠰᠤ ᠬᠠᠩᠭᠠᠬᠤ ᠦᠢᠯᠡᠳᠪᠦᠷᠢ ᠶᠢᠨ ᠬᠡᠷ ᠪᠠᠶᠢᠰᠢᠩ ᠢ ᠶᠠᠭ ᠪᠥᠲᠥᠭᠡᠨ | ᠪᠠᠶᠢᠭᠤᠯᠵᠤ ᠪᠠᠶᠢᠨ᠎ᠠ᠂ ᠨᠠᠮᠤᠷ ᠤᠨ ᠬᠤᠷᠢᠶᠠᠯᠲᠠ ᠳᠠᠭᠤᠰᠤᠭᠰᠠᠨ ᠤ ᠳᠠᠷᠠᠭ᠎ᠠ᠂ ᠪᠢᠳᠡ ᠳᠠᠷᠤᠶ ᠤᠰᠤ ᠳᠠᠮᠵᠢᠭᠤᠯᠬᠤ | ᠬᠤᠭᠤᠯᠠᠶ ᠶᠢᠨ ᠲᠣᠤᠷ ᠢ ᠳᠡᠪᠢᠰᠴᠦ᠂ ᠠᠷᠠᠳ ᠣᠯᠠᠨ ᠤ ᠤᠷᠢᠳᠴᠢᠯᠠᠨ ᠤᠰᠤ ᠬᠡᠷᠡᠭᠯᠡᠬᠦ᠂ ᠰᠠᠶᠢᠨ ᠤᠰᠤ | ᠬᠡᠷᠡᠭᠯᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ︾ ᠭᠡᠵᠤ ᠲᠠᠪᠢᠨ ᠥᠷᠲᠡᠭᠡ ᠪᠠᠯᠭᠠᠰᠤᠨ ᠤ ᠪᠦᠬᠦ᠋ᠢᠯᠡ | ᠪᠠᠯᠭᠠᠰᠤ ᠲᠤᠰᠬᠤᠨ ᠬᠤᠯᠪᠤᠭᠠᠯᠠᠨ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠤᠨ ᠲᠥᠷᠥᠯ ᠵᠦᠢᠯ ᠤᠨ | ᠮᠡᠷᠭᠡᠵᠢᠯ ᠤᠨ ᠬᠠᠷᠢᠭᠤᠴᠠᠯᠭᠠᠲᠠᠨ ᠭᠤᠤ ᠵᠢᠶᠦ᠋ᠨ ᠶᠢᠩ ᠭᠡᠯᠡᠵᠠᠢ᠃ ᠣᠶᠢᠯᠠᠭᠠᠭᠰᠠᠨ ᠢᠶᠠᠷ᠂ ᠲᠠᠪᠢᠨ ᠥᠷᠲᠡᠭᠡ | ᠪᠠᠯᠭᠠᠰᠤᠨ ᠤ ᠪᠥᠬᠦ ᠪᠠᠯᠭᠠᠰᠤ ᠲᠤᠰᠬᠤᠨ ᠬᠤᠯᠪᠣᠭᠠᠯᠠᠨ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠨᠢ | ᠭᠤᠤᠯᠳᠠᠭᠤ ᠤᠰᠤᠨ ᠰᠤᠷᠪᠤᠯᠵᠢ ᠶᠢᠨ ᠬᠤᠳᠳᠤᠭ᠂ ᠤᠰᠤ ᠬᠠᠩᠭᠠᠬᠤ ᠲᠠᠰᠤᠭ᠂ ᠨᠡᠷᠡᠨ ᠤ ᠡᠨᠧᠷᠭᠢ ᠶᠢᠨ ᠬᠡᠷᠡᠯ | ᠸᠣᠯᠲ ᠵᠢᠴᠢ ᠴᠠᠬᠢᠯᠭᠠᠨ ᠲᠣᠤᠷ ᠤᠨ ᠴᠠᠬᠢᠯᠭᠠᠨ ᠬᠠᠩᠭᠠᠬᠤ ᠢᠨᠵᠧᠨᠧᠷᠢᠩ ᠵᠡᠷᠭᠡ ᠬᠡᠰᠡᠭ ᠢᠶᠠᠷ ᠪᠦᠷᠢᠯᠳᠦᠵᠦ᠂ | ᠢᠨᠵᠧᠨᠧᠷᠢᠩ ᠤᠨ ᠶᠡᠷᠦᠩᠬᠡᠶ ᠪᠠᠯᠠ ᠣᠷᠣᠭᠤᠯᠤᠯᠲᠠ ᠨᠢ 1979 ᠲᠦᠮᠡᠨ ᠲᠥᠭᠦᠷᠢᠭ ᠪᠠᠶᠢᠵᠤ᠂ ᠲᠥᠷᠥᠯ ᠵᠦᠢᠯ ᠢ | ᠬᠡᠷᠡᠭᠵᠢᠭᠦᠯᠦᠭᠰᠡᠨ ᠤ ᠳᠠᠷᠠᠭ᠎ᠠ 24 ᠴᠠᠭ ᠲᠠᠰᠤᠷᠠᠯᠲᠠ ᠥᠬᠡᠶ ᠤᠰᠤ ᠬᠠᠩᠭᠠᠬᠤ ᠶᠢ ᠪᠡᠶᠡᠯᠡᠭᠦᠯᠵᠦ᠂ ᠲᠣᠰᠬᠤᠨ ᠤ | ᠠᠷᠠᠳ ᠤᠨ ︽ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ︾ ᠪᠠᠶᠢᠭ᠎ᠠ ᠤᠰᠤ ᠬᠡᠷᠡᠭᠯᠡᠬᠦ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠬᠦ ᠪᠣᠯᠤᠨ᠎ᠠ᠃ |