ᠱᠤ᠋ ᠭᠤᠸᠠᠩ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠡᠬᠦᠳᠡᠨ ᠡᠮᠤᠨ᠎ᠠ ᠪᠠᠨ ᠡᠷᠡᠬᠦᠯ ᠮᠡᠨᠳᠤ ᠶᠢᠨ ᠦᠢᠯᠡᠴᠢᠯᠡᠭᠡ ᠭᠥᠷᠳᠡᠪᠡ
ᠨᠡᠶᠢᠲᠡᠯᠡᠭᠰᠡᠨ ᠴᠠᠭ᠄
2024/10/15
     ᠬᠠᠷᠢᠶᠠᠳᠥ ᠤᠷᠤᠨ ᠤ ᠪᠠᠨ ᠰᠠᠭᠤᠭᠠᠯᠢ ᠠᠷᠠᠳ ᠲᠤ ᠦᠨᠡᠨ ᠬᠦ ᠲᠦᠬᠦᠮ ᠦᠵᠡᠬᠦᠯᠬᠦ ᠶᠢᠨ ᠲᠦᠯᠦᠬᠡ᠂ ᠤᠶᠢᠷ᠎ᠠ ᠳᠤ᠂ ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠱᠧᠩᠯᠢ ᠨᠡᠶᠢᠬᠡᠮ ᠲᠤᠭᠤᠷᠢᠭ ᠬᠤᠪᠢᠶᠠᠷᠢ ᠬᠤᠷᠢᠶ᠎ᠠ ᠤᠯᠠᠭᠠᠨᠬᠤᠳᠠ ᠶᠢᠨ ᠱᠧᠩᠯᠢ ᠵᠡᠬᠡᠯᠢ ᠶᠢᠨ ᠱᠤ᠋ ᠭᠤᠸᠠᠩ ᠨᠡᠶᠢᠬᠡᠮ ᠲᠤᠭᠤᠷᠢᠭ ᠤᠨ ᠨᠠᠮ ᠤᠨ ᠬᠡᠰᠢᠭᠦᠨ ᠤᠯᠠᠨ ᠲᠦᠮᠡᠨ ᠳᠤ ᠦᠢᠯᠡᠴᠢᠯᠡᠬᠦ ᠲᠦᠪ ᠲᠤ ᠬᠦᠷᠴᠦ ᠡᠷᠡᠬᠦᠯ ᠮᠡᠨᠳᠤ ᠶᠢᠨ ᠪᠡᠶ᠎ᠡ ᠶᠢᠨ ᠪᠠᠶᠢᠴᠠᠭᠠᠯᠳᠠ ᠶᠢᠨ ᠠᠵᠢᠯᠯᠠᠭ᠎ᠠ ᠦᠷᠨᠢᠬᠦᠯᠵᠡᠢ᠃ ᠠᠵᠢᠯᠯᠠᠭ᠎ᠠ ᠳᠤ᠂ ᠡᠮᠴᠢᠯᠡᠬᠡᠨ ᠤ ᠠᠵᠢᠯᠳᠠᠳ ᠪᠠᠶᠢᠴᠠᠭᠠᠯᠳᠡ ᠬᠢᠯᠬᠡᠭᠦ ᠪᠠᠷ ᠢᠷᠡᠭᠰᠡᠨ ᠰᠠᠭᠤᠭᠠᠯᠢ ᠠᠷᠠᠳ ᠲᠤ᠂ ᠰᠤᠳᠠᠯ ᠪᠠᠷᠢᠬᠤ᠂ ᠴᠢᠰᠦᠨ ᠲᠠᠷᠦᠯᠳᠠ ᠶᠢ ᠨᠢ ᠬᠡᠮᠵᠢᠬᠦ ᠡᠮᠴᠢᠯᠡᠬᠡᠨ ᠤ ᠦᠢᠯᠡᠴᠢᠯᠡᠭᠡ ᠬᠠᠨᠭ᠍ᠭᠠᠬᠰᠠᠨ ᠪᠦᠭᠡᠳ ᠲᠤᠰᠬᠠᠢ ᠮᠡᠷᠬᠡᠵᠢᠯ ᠤᠨ ᠡᠷᠡᠬᠦᠯ ᠮᠡᠨᠳᠤ ᠶᠢᠨ ᠵᠢᠯᠤᠭᠤᠳᠤᠯᠭ᠎ᠠ ᠬᠠᠨᠭ᠍ᠭᠠᠵᠠᠢ᠃ ᠱᠧᠩᠯᠢ ᠵᠡᠬᠡᠯᠢ ᠶᠢᠨ ᠱᠤ᠋ ᠭᠤᠸᠠᠩ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠯᠢ ᠵᠢᠩ ᠵᠢᠶᠧ᠄ ︽ᠡᠮᠴᠢᠯᠡᠬᠡᠨ ᠤ ᠠᠵᠢᠯᠳᠠᠳ ᠶᠠᠳᠠᠷᠠᠵᠦ ᠵᠦᠳᠡᠷᠡᠬᠦ ᠠᠴᠠ ᠬᠠᠯᠠᠰᠢᠷᠠᠬᠤ ᠦᠬᠡᠢ ᠪᠢᠳᠡᠨ ᠳᠤ ᠦᠨ᠎ᠡ ᠲᠦᠯᠦᠪᠦᠷᠢ ᠦᠬᠡᠢ ᠪᠠᠷ ᠡᠮᠴᠢᠯᠡᠭᠡ ᠬᠠᠨᠭ᠍ᠭᠠᠵᠦ᠂ ᠪᠢᠳᠡ ᠡᠬᠦᠳᠡᠨ ᠡᠮᠦᠨ᠎ᠡ ᠪᠠᠨ ᠡᠮᠴᠢᠯᠡᠬᠡᠨ ᠤ ᠦᠢᠯᠡᠴᠢᠯᠡᠭᠡ ᠬᠦᠷᠳᠡᠵᠦ᠂ ᠰᠡᠳᠬᠢᠯ ᠢ ᠮᠢᠨᠢ ᠲᠤᠯᠠᠭᠠᠴᠠᠭᠤᠯᠵᠠᠢ︾ ᠬᠡᠵᠦ ᠰᠤᠷᠪᠤᠯᠵᠢᠯᠠᠬᠴᠢ ᠳᠤ ᠪᠠᠶᠠᠷᠳᠠᠶᠢᠬᠠᠨ ᠶᠠᠷᠢᠵᠦ ᠪᠠᠶᠢᠯ᠎ᠠ᠃ ᠤᠶᠢᠯᠠᠭᠠᠬᠰᠠᠨ ᠢᠶᠠᠷ᠂ ᠲᠤᠰ ᠤᠳᠠᠭᠠᠨ ᠤ ᠠᠵᠢᠯᠯᠠᠭ᠎ᠠ ᠨᠢ ᠦᠨ᠎ᠡ ᠲᠦᠯᠦᠪᠦᠷᠢ ᠦᠬᠡᠢ ᠪᠠᠷ 100 ᠭᠠᠷᠦᠢ ᠰᠠᠭᠤᠭᠠᠯᠢ ᠠᠷᠠᠳ ᠲᠤ ᠴᠢᠰᠦᠨ ᠲᠠᠷᠦᠯᠳᠠ ᠶᠢ ᠨᠢ ᠬᠡᠮᠵᠢᠨ᠂ ᠡᠪᠡᠳᠴᠢᠨ ᠢ ᠨᠢ ᠤᠨᠤᠰᠢᠯᠠᠵᠦ ᠦᠭᠴᠡᠢ᠃ ᠪᠠᠰᠠ ᠵᠢᠷᠦᠬᠡᠨ ᠤ ᠯᠤᠬᠰᠢᠯᠳᠠ ᠶᠢᠨ ᠵᠢᠷᠤᠭ ᠢ 100 ᠭᠠᠷᠦᠢ ᠬᠢᠵᠥ᠂ 300 ᠭᠠᠷᠦᠢ ᠬᠤᠪᠢ ᠤᠬᠠᠭᠤᠯᠭ᠎ᠠ ᠶᠢᠨ ᠬᠠᠭᠤᠳᠠᠰᠦ ᠲᠠᠷᠬᠠᠭᠠᠵᠠᠢ᠃ ︵ᠬᠠᠨ᠎ᠠ ᠠᠷᠢᠭᠤᠨ︶     ᠢᠷᠡᠯᠲᠡ᠄ ᠬᠢᠩᠭᠠᠨ ᠤ ᠡᠳᠦᠷ ᠤᠨ ᠰᠤᠨᠢᠨ
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号