ᠰᠢᠨ ᠴᠸᠡᠭ ᠵᠡᠭᠡᠯᠢ ︽ᠤᠯᠤᠰ ᠤᠨ ᠪᠠᠶᠠᠷ ᠢ ᠪᠡᠯᠭᠡᠯᠡᠵᠤ · ᠤᠯᠤᠰ ᠤᠨ ᠲᠤᠭ ᠮᠠᠨᠳᠤᠭᠤᠯᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/15
       ᠤᠶᠢᠷ᠎ᠠ ᠳᠤ᠂ ᠷᠠᠰᠢᠶᠠᠨ ᠬᠤᠳᠠ ᠶᠢᠨ ᠰᠢᠨ ᠴᠧᠩ ᠵᠡᠭᠡᠯᠢ ︽ᠤᠯᠤᠰ ᠤᠨ ᠪᠠᠶᠠᠷ ᠢ ᠪᠡᠯᠭᠡᠯᠡᠵᠤ · ᠤᠯᠤᠰ ᠤᠨ ᠲᠤᠭ ᠮᠠᠨᠳᠤᠭᠤᠯᠬᠤ︾ ᠠᠵᠢᠯᠯᠠᠭ᠎ᠠ ᠥᠷᠨᠢᠭᠦᠯᠵᠦ᠂ ᠵᠡᠭᠡᠯᠢ ᠶᠢᠨ ᠪᠥᠬᠦ ᠤᠳᠤᠷᠢᠳᠤᠯᠭ᠎ᠠ ᠵᠢᠴᠢ ᠺᠠᠳ᠋ᠷ ᠠᠵᠢᠯᠲᠠᠨ᠂ ᠶᠢᠨ ᠵᠢᠶᠠ ᠳ᠋ᠣᠺᠲ᠋ᠣᠷ ᠤᠨ ᠬᠡᠤᠬᠡᠳ ᠤᠨ ᠴᠡᠴᠡᠷᠯᠢᠭ ᠤᠨ ᠪᠠᠭᠰᠢ ᠪᠣᠯᠤᠨ ᠪᠢᠴᠢᠬᠠᠨ ᠨᠠᠶᠢᠵᠠ ᠨᠠᠷ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃    ᠦᠳᠡ ᠶᠢᠨ ᠡᠮᠦᠨᠡᠬᠢ 9 ᠴᠠᠭ ᠲᠤ᠂ ᠵᠡᠭᠡᠯᠢ ᠶᠢᠨ ᠪᠦᠬᠦ ᠺᠠᠳ᠋ᠷ ᠠᠵᠢᠯᠲᠠᠨ ᠠᠵᠢᠯᠴᠢᠨ ᠵᠢᠴᠢ ᠬᠡᠤᠬᠡᠳ ᠤᠨ ᠴᠡᠴᠡᠷᠯᠢᠭ ᠤᠨ ᠪᠠᠭᠰᠢ ᠪᠣᠯᠤᠨ ᠪᠢᠴᠢᠬᠠᠨ ᠨᠠᠶᠢᠵᠠ ᠨᠠᠷ ᠤᠯᠤᠰ ᠤᠨ ᠲᠤᠭ ᠤᠨ ᠳᠣᠤᠷ᠎ᠠ ᠲᠡᠷᠢ ᠲᠡᠭᠰᠢ ᠵᠢᠭᠰᠠᠵᠤ᠂ ᠰᠦᠷ ᠵᠢᠪᠬᠤᠯᠠᠩᠳᠤ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ︾ ᠶᠢ ᠳᠠᠭᠠᠯᠳᠤᠨ᠂ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠵᠤ᠂ ᠪᠦᠬᠦ ᠬᠥᠮᠦᠰ ᠲᠥᠪ ᠬᠢᠴᠢᠶᠡᠩᠭᠦᠢ ᠪᠠᠷ ᠵᠣᠭᠰᠣᠵᠤ᠂ ᠤᠯᠤᠰ ᠤᠨ ᠲᠤᠭ ᠢ ᠰᠢᠷᠲᠡᠬᠦ ᠶᠣᠰᠣ ᠬᠢᠵᠦ᠂ ᠨᠠᠮ ᠪᠣᠯᠤᠨ ᠡᠬᠡ ᠤᠯᠤᠰ ᠲᠠᠭᠠᠨ ᠬᠢᠵᠠᠭᠠᠯᠠᠰᠢ ᠦᠭᠡᠢ ᠦᠨᠡᠨᠴᠢ ᠰᠢᠳᠤᠷᠭᠤ ᠬᠠᠶᠢᠷ᠎ᠠ ᠰᠡᠳᠬᠢᠯᠭᠡ ᠪᠠᠨ ᠢᠯᠡᠳᠭᠡᠭᠰᠡᠨ ᠪᠠᠶᠢᠨ᠎ᠠ᠃    ᠰᠢᠨ ᠴᠧᠩ ᠵᠡᠭᠡᠯᠢ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠪᠥᠬᠦ ᠺᠠᠳ᠋ᠷ ᠠᠵᠢᠯᠲᠠᠨ ᠠᠵᠢᠯᠴᠢᠨ ᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠪᠠ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠶᠢ ᠤᠷᠮᠠᠰᠢᠭᠤᠯᠤᠨ ᠬᠥᠭᠵᠢᠭᠡᠪᠡ᠃ ᠬᠤᠶᠢᠰᠢᠳᠠ ᠢᠮᠠᠭᠲᠠ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠨᠡᠩ ᠰᠠᠶᠢᠳᠤᠷ ᠴᠢᠷᠮᠠᠶᠢᠵᠤ ᠦᠢᠯᠡᠰ ᠪᠤᠰᠬᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠡᠭᠡᠯᠢ ᠶᠢᠨ ᠡᠯ᠎ᠡ ᠵᠦᠢᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠷᠠᠰᠢᠶᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号