ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ | ᠴᠤᠭᠴᠠᠯᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ | ᠂ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠤᠢ | ᠪᠣᠯᠭᠠᠵᠤ᠂ ᠦᠨᠳᠦᠰᠦᠲᠡᠨ ᠨᠦᠭᠦᠳ ᠤᠨ ᠪᠦᠯᠬᠦᠮᠳᠡᠨ ᠬᠠᠪᠰᠤᠷᠤᠯᠴᠠᠬᠤ᠂ ᠬᠠᠮᠲᠤ ᠪᠠᠷ ᠬᠥᠭᠵᠢᠬᠦ ᠶᠢ ᠠᠬᠢᠭᠤᠯᠵᠤ᠂ | ᠦᠭᠡ ᠬᠡᠯᠡ ᠦᠰᠦᠭ ᠪᠢᠴᠢᠭ ᠢᠶᠠᠷ ᠠᠴᠢᠶᠠᠯᠠᠪᠤᠷᠢ ᠪᠣᠯᠭᠠᠭᠰᠠᠨ ᠳᠤᠮᠳᠠᠳᠤ ᠶᠢᠨ ᠰᠢᠯᠢᠳᠡᠭ ᠰᠣᠶᠣᠯ ᠢ ᠤᠯᠠᠮᠵᠢᠯᠠᠨ | ᠪᠠᠳᠠᠷᠠᠭᠤᠯᠬᠤ ᠶᠢᠨ ᠲᠥᠯᠥᠭᠡ᠂ 9 ᠰᠠᠷ᠎ᠠ ᠶᠢᠨ 26 ᠤ ᠡᠳᠦᠷ᠂ ᠸᠧᠨᠴᠢᠤᠸᠠᠨ ᠵᠡᠭᠡᠯᠢ ᠶᠢᠨ ᠾᠧ ᠪᠢᠨ ᠨᠡᠶᠢᠭᠡᠮ | ᠲᠣᠭᠤᠷᠢᠭ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ︾ ᠭᠤᠣᠯ | ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠰᠠᠶᠢᠨ ᠲᠤᠷᠠᠴᠤᠤᠯ ᠲᠤᠬᠠᠶ ᠶᠢᠨ ᠲᠠᠯᠠᠪᠠᠶ ᠳᠤ | ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠨᠢᠭᠤᠷᠲᠠᠨ ᠲᠠᠶᠢᠯᠪᠤᠷᠢᠯᠠᠬᠤ ᠪᠠᠷ ᠳᠠᠮᠵᠢᠭᠤᠯᠤᠨ᠂ ᠰᠠᠭᠤᠭᠠᠯᠢ | ᠠᠷᠠᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠥᠰᠥᠭ ᠪᠢᠴᠢᠭ ᠤᠨ ᠬᠠᠤᠯᠢ︾᠂ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠵᠢᠴᠢ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ᠂ ᠬᠠᠤᠯᠢ ᠴᠠᠭᠠᠵᠠ | ᠬᠠᠤᠯᠢ ᠲᠣᠭᠲᠠᠭᠠᠯ ᠪᠠ ᠦᠨᠳᠦᠰᠦᠲᠡᠨ ᠤ ᠦᠨᠳᠦᠰᠦᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠠᠬᠢᠭᠤᠯᠬᠤ ᠴᠢᠬᠤᠯᠠ ᠠᠴᠢ ᠬᠤᠯᠪᠣᠭᠳᠠᠯ ᠢ ᠴᠢᠬᠤᠯᠠᠴᠢᠯᠠᠪᠠ᠃ |