ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/15
       ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠷᠠᠰᠢᠶᠠᠨ ᠬᠤᠳᠠ ᠶᠢᠨ ᠢᠷᠪᠢᠰ ᠵᠡᠭᠡᠯᠢ ᠶᠢᠨ ᠨᠦᠮᠤᠷᠭᠡᠨ ᠨᠡᠶᠢᠭᠡᠮ ᠲᠣᠭᠤᠷᠢᠭ 9 ᠰᠠᠷ᠎ᠠ ᠶᠢᠨ 23 ᠤ ᠡᠳᠦᠷ ᠰᠠᠭᠤᠭᠠᠯᠢ ᠠᠷᠠᠳ ᠲᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃ ᠲᠤᠰ ᠠᠵᠢᠯᠯᠠᠭ᠎ᠠ ᠶᠢᠨ ᠳᠤᠮᠳᠠ᠂ ᠡᠮᠴᠢ ᠰᠤᠪᠢᠯᠠᠭᠴᠢᠳ ᠬᠦᠷᠤᠯᠴᠡᠨ ᠢᠷᠡᠭᠰᠡᠨ ᠠᠷᠠᠳ ᠤᠯᠠᠨ ᠳᠤ ᠬᠢᠲᠠᠳ ᠧᠦ᠋ᠷᠣᠫᠠ ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡ ᠶᠢ ᠬᠦᠯᠢᠴᠡᠩᠭᠦᠶ ᠪᠠᠷ ᠨᠠᠷᠢᠨ ᠨᠢᠮᠪᠠᠶ ᠬᠠᠩᠭᠠᠵᠠᠢ᠃ ᠲᠡᠳᠡ ᠰᠠᠭᠤᠭᠠᠯᠢ ᠠᠷᠠᠳ ᠲᠤ ᠴᠢᠰᠤᠨ ᠳᠠᠷᠤᠯᠲᠠ᠂ ᠴᠢᠰᠤᠨ ᠰᠢᠬᠢᠷ ᠵᠡᠷᠭᠡ ᠶᠢ ᠨᠢ ᠬᠡᠮᠵᠢᠵᠦ ᠥᠭᠭᠦᠭᠰᠡᠨ ᠢᠶᠠᠷ ᠪᠠᠷᠠᠬᠤ ᠦᠭᠡᠢ᠂ ᠪᠠᠰᠠ ᠲᠤᠬᠠᠶ ᠶᠢᠨ ᠲᠠᠯᠠᠪᠤᠷ ᠲᠤ ᠰᠠᠭᠤᠭᠠᠯᠢ ᠠᠷᠠᠳ ᠤᠨ ᠰᠤᠳᠠᠯ ᠢ ᠪᠠᠷᠢᠵᠤ ᠡᠪᠡᠳᠴᠢᠨ ᠢ ᠨᠢ ᠣᠨᠣᠰᠢᠯᠠᠨ᠂ ᠰᠠᠭᠤᠭᠠᠯᠢ ᠠᠷᠠᠳ ᠤᠨ ᠡᠷᠡᠭᠦᠯ ᠴᠢᠭᠢᠷᠠᠭ ᠤᠨ ᠪᠠᠶᠢᠳᠠᠯ ᠢ ᠨᠠᠷᠢᠨ ᠨᠢᠮᠪᠠᠶ ᠠᠰᠠᠭᠤᠨ ᠲᠡᠮᠳᠡᠭᠯᠡᠵᠡᠶ᠃ ᠲᠠᠷᠠᠭ᠎ᠠ ᠨᠢ ᠰᠠᠭᠤᠭᠠᠯᠢ ᠠᠷᠠᠳ ᠤᠨ ᠠᠳᠠᠯᠢ ᠪᠤᠰᠤ ᠬᠡᠷᠡᠭᠴᠡᠭᠡ ᠳᠤ ᠴᠢᠭᠯᠡᠭᠦᠯᠦᠨ᠂ ᠲᠤᠰᠬᠠᠶ ᠮᠡᠷᠭᠡᠵᠢᠯ ᠤᠨ ᠡᠷᠡᠭᠦᠯ ᠮᠡᠨᠳᠦ ᠶᠢᠨ ᠰᠠᠨᠠᠭᠤᠯᠭ᠎ᠠ ᠪᠠ ᠡᠮᠨᠡᠨ ᠵᠠᠰᠠᠬᠤ ᠠᠷᠭ᠎ᠠ ᠶᠢ ᠬᠠᠩᠭᠠᠵᠤ᠂ ᠲᠡᠳᠡᠨᠡᠷ ᠲᠤ ᠬᠠᠯᠠᠭᠤᠨ ᠳᠤᠯᠠᠭᠠᠨ ᠪᠠ ᠬᠠᠶᠢᠷ᠎ᠠ ᠬᠠᠯᠠᠮᠵᠢ ᠬᠦᠷᠲᠡᠭᠡᠵᠠᠢ᠃
 
ᠢᠷᠡᠯᠲᠡ᠄ ᠷᠠᠰᠢᠶᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号