ᠭᠤᠣᠯ ᠤᠨ ᠪᠠᠶᠢᠰᠢᠩ ᠪᠠᠭ᠎ᠠ ᠰᠤᠷᠭᠠᠭᠤᠯᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/15
  ᠮᠠᠨ ᠤ ᠠᠶᠢᠮᠠᠭ ᠤᠨ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠡᠷᠬᠡ ᠲᠡᠭᠰᠢ ᠬᠢᠭᠡᠳ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠮᠠᠯᠵᠢᠬᠤ ᠲᠠᠷᠢᠶᠠᠯᠠᠬᠤ ᠣᠷᠣᠨ ᠳᠤ ᠠᠪᠴᠢᠷᠠᠵᠤ᠂ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠵᠥᠷᠢᠶ᠎ᠡ ᠶᠢ ᠪᠠᠭᠠᠰᠬᠠᠬᠤ ᠶᠢᠨ ᠲᠤᠰᠠᠳᠠ᠂ ᠬᠥᠳᠡᠭᠡ ᠲᠣᠰᠬᠤᠨ ᠤ ᠰᠤᠷᠭᠠᠭᠤᠯᠢ ᠶᠢᠨ ᠪᠠᠭᠰᠢ ᠰᠤᠷᠤᠭᠴᠢᠳ ᠲᠤ ᠲᠡᠷᠢᠭᠦᠨ ᠤ ᠲᠤᠷᠰᠢᠯᠲᠠ ᠶᠢᠨ ᠲᠥᠬᠦᠭᠡᠷᠦᠮᠵᠢ ᠪᠠ ᠮᠡᠳᠡᠭᠡ ᠵᠠᠩᠭᠢ ᠶᠢᠨ ᠮᠡᠷᠭᠡᠵᠢᠯ ᠢ ᠣᠶᠢᠯᠠᠭᠠᠭᠤᠯᠵᠤ᠂ ᠰᠤᠷᠤᠭᠴᠢᠳ ᠤᠨ ᠰᠢᠨ᠎ᠡ ᠶᠢ ᠡᠭᠦᠳᠬᠦ ᠴᠢᠳᠠᠪᠤᠷᠢ ᠪᠠ ᠭᠠᠷ ᠬᠥᠳᠡᠯᠦᠨ ᠦᠢᠯᠡᠳᠦᠯᠭᠡᠵᠢᠭᠦᠯᠬᠦ ᠴᠢᠳᠠᠪᠤᠷᠢ ᠶᠢ ᠳᠡᠭᠡᠭᠰᠢᠯᠡᠬᠦᠯᠬᠦ ᠶᠢᠨ ᠲᠦᠯᠦᠭᠡ᠂ 10 ᠰᠠᠷ᠎ᠠ ᠶᠢᠨ 11 ᠤ ᠡᠳᠦᠷ᠂ ᠬᠢᠩᠭᠠᠨ ᠠᠶᠢᠮᠠᠭ ᠤᠨ ᠪᠠᠭᠰᠢ ᠶᠢᠨ ᠬᠥᠭᠵᠢᠯᠲᠡ ᠶᠢᠨ ᠲᠥᠪ ᠭᠤᠣᠯ ᠤᠨ ᠪᠠᠶᠢᠰᠢᠩ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠲᠣᠭᠠᠴᠢᠯᠠᠭᠰᠠᠨ ᠲᠤᠷᠰᠢᠯᠲᠠ ᠶᠢᠨ ᠲᠡᠷᠭᠡᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠬᠥᠳᠡᠭᠡ ᠪᠠᠭᠤᠯᠭᠠᠬᠤ ᠰᠤᠷᠤᠯᠭ᠎ᠠ ᠶᠢ ᠲᠡᠳᠬᠦᠬᠦ ᠠᠵᠢᠯᠯᠠᠭ᠎ᠠ ᠶᠢ ᠥᠷᠨᠢᠭᠦᠯᠪᠡ᠃ ᠬᠢᠩᠭᠠᠨ ᠠᠶᠢᠮᠠᠭ ᠤᠨ ᠬᠥᠭᠵᠢᠯᠲᠡ ᠶᠢᠨ ᠲᠥᠪ ᠤᠨ ᠪᠠᠭᠰᠢ ᠶᠢᠨ ᠲᠠᠨᠢᠯᠴᠠᠭᠤᠯᠤᠭᠰᠠᠨ ᠢᠶᠠᠷ᠂ ᠲᠣᠭᠠᠴᠢᠯᠠᠭᠰᠠᠨ ᠳᠤᠷᠰᠢᠯᠳᠠ ᠶᠢᠨ ᠲᠡᠷᠭᠡ ᠨᠢ ᠲᠤᠰ ᠤᠳᠠᠭᠠᠨ ᠤ ᠠᠵᠢᠯᠯᠠᠭ᠎ᠠ ᠶᠢᠨ ᠭᠤᠣᠯ ᠠᠴᠢᠶᠠᠯᠠᠪᠤᠷᠢ ᠪᠣᠯᠤᠭᠰᠠᠨ ᠤ ᠬᠤᠪᠢ ᠳᠤ᠂ ᠲᠡᠷᠡ ᠨᠢ ᠣᠯᠠᠨ ᠵᠦᠢᠯ ᠤᠨ ᠲᠡᠷᠢᠭᠦᠨ ᠤ ᠵᠢᠭᠠᠨ ᠰᠤᠷᠭᠠᠯᠲᠠ ᠶᠢᠨ ᠲᠥᠬᠦᠭᠡᠷᠦᠮᠵᠢ ᠪᠠ ᠲᠤᠷᠱᠢᠯᠲᠠ ᠶᠢᠨ ᠪᠠᠭᠠᠵᠢ ᠬᠡᠷᠡᠭᠰᠡᠯ ᠢ ᠲᠣᠬᠢᠷᠠᠭᠤᠯᠤᠭᠰᠠᠨ ᠪᠠᠶᠢᠨ᠎ᠠ᠂ ᠵᠢᠱᠢᠶᠡᠯᠡᠪᠡᠯ ᠣᠯᠠᠨ ᠵᠠᠭᠤᠴᠢᠲᠤ ᠵᠢᠭᠠᠨ ᠰᠤᠷᠭᠠᠯᠲᠠ ᠶᠢᠨ ᠱᠢᠰᠲ᠋ᠧᠮ᠂ ᠺᠣᠮᠫᠢᠦ᠋ᠲ᠋ᠧᠷ ᠤᠨ ᠲᠣᠣᠷ ᠰᠦᠯᠵᠢᠶᠡᠨ ᠤ ᠰᠢᠰᠲ᠋ᠧᠮ᠂ ᠹᠢᠽᠢᠺ ᠬᠢᠮᠢ ᠶᠢᠨ ᠠᠮᠢᠳᠤ ᠪᠣᠳᠠᠰ ᠤᠨ ᠲᠤᠷᠱᠢᠯᠲᠠ ᠶᠢᠨ ᠪᠠᠭᠠᠵᠢ ᠬᠡᠷᠡᠭᠰᠡᠯ ᠵᠡᠷᠭᠡ ᠶᠢ ᠲᠣᠬᠢᠷᠠᠭᠤᠯᠤᠭᠰᠠᠨ ᠪᠠᠶᠢᠨ᠎ᠠ᠃ ᠡᠳᠡᠭᠡᠷ ᠲᠥᠬᠦᠭᠡᠷᠦᠮᠵᠢ ᠨᠢ ᠠᠳᠠᠯᠢ ᠪᠤᠰᠤ ᠰᠢᠨᠵᠢᠯᠡᠭᠡᠨ ᠤ ᠰᠠᠯᠠᠭᠠᠨ ᠤ ᠵᠢᠭᠠᠨ ᠰᠤᠷᠭᠠᠯᠲᠠ ᠶᠢᠨ ᠬᠡᠷᠡᠭᠴᠡᠭᠡ ᠶᠢ ᠬᠠᠩᠭᠠᠵᠤ᠂ ᠰᠤᠷᠤᠭᠴᠢᠳ ᠲᠤ ᠨᠠᠩ ᠰᠢᠭᠤᠳ ᠰᠢᠯᠤᠭᠤᠨ᠂ ᠠᠮᠢᠳᠤᠯᠢᠭ ᠰᠤᠷᠤᠯᠴᠠᠬᠤ ᠣᠶᠢᠯᠠᠭᠠᠯᠲᠠ ᠬᠠᠩᠭᠠᠵᠤ ᠴᠢᠳᠠᠨ᠎ᠠ᠃ ᠡᠭᠦᠨ ᠤ ᠬᠠᠮᠲᠤ᠂ ᠨᠡᠭᠦᠳᠡᠯ ᠲᠤᠷᠰᠢᠯᠲᠠ ᠶᠢᠨ ᠲᠡᠷᠭᠡ ᠪᠠᠰᠠ ᠰᠢᠯᠵᠢᠮᠡᠯ ᠳᠥᠭᠦᠮ ᠳᠥᠲᠡ ᠣᠨᠴᠠᠯᠢᠭ ᠢ ᠪᠦᠷᠢᠯᠳᠦᠭᠦᠯᠵᠦ᠂ ᠬᠥᠳᠡᠭᠡ ᠲᠣᠰᠬᠤᠨ ᠤ ᠰᠤᠷᠭᠠᠭᠤᠯᠢ ᠳᠤ ᠠᠮᠠᠷᠬᠠᠨ ᠣᠷᠣᠵᠤ᠂ ᠭᠠᠵᠠᠷ ᠣᠷᠣᠨ ᠤ ᠬᠢᠵᠠᠭᠠᠷᠯᠠᠯ ᠢ ᠡᠪᠳᠡᠵᠦ᠂ ᠨᠡᠩ ᠣᠯᠠᠨ ᠬᠡᠦᠬᠡᠳ ᠲᠤ ᠠᠰᠢᠭ ᠬᠦᠷᠲᠡᠭᠡᠵᠦ ᠴᠢᠳᠠᠨ᠎ᠠ᠃ ᠲᠤᠰ ᠤᠳᠠᠭᠠᠨ ᠤ ᠲᠤᠷᠰᠢᠯᠲᠠ ᠶᠢᠨ ᠠᠵᠢᠯᠯᠠᠭ᠎ᠠ ᠳᠤᠮᠳᠠ᠂ ᠳᠥᠷᠪᠡᠨ ᠪᠠᠭᠰᠢ ᠭᠤᠷᠪᠠᠨ ᠲᠤᠷᠰᠢᠯᠲᠠ ᠶᠢᠨ ᠤᠭ ᠶᠣᠰᠣ ᠪᠠ ᠠᠯᠬᠤᠮ ᠳᠠᠷᠠᠭ᠎ᠠ ᠵᠢᠴᠢ ᠠᠷᠠᠰᠤᠨ ᠤ ᠴᠠᠬᠢᠯᠭᠠᠨ ᠡᠰᠡᠷᠭᠦᠴᠡᠯ ᠤᠨ ᠰᠡᠷᠡᠯ ᠳᠠᠮᠵᠢᠭᠤᠯᠤᠭᠤᠷ᠂ ᠰᠫᠢᠷᠲ ᠤᠨ ᠰᠡᠷᠡᠯ ᠳᠠᠮᠵᠢᠭᠤᠯᠤᠭᠤᠷ᠂ ᠷᠠᠳᠢᠣ᠋ ᠶᠢᠨ ᠰᠡᠷᠡᠯ ᠳᠠᠮᠵᠢᠭᠤᠯᠤᠭᠤᠷ ᠤᠨ ᠤᠭ ᠶᠣᠰᠣ ᠵᠢᠴᠢ ᠠᠵᠢᠯᠯᠠᠬᠤ ᠠᠷᠭ᠎ᠠ ᠶᠢ ᠨᠠᠷᠢᠨ ᠲᠠᠨᠢᠯᠴᠠᠭᠤᠯᠤᠭᠰᠠᠨ ᠢᠶᠠᠷ ᠪᠠᠷᠠᠬᠤ ᠦᠭᠡᠢ᠂ ᠪᠠᠰᠠ ᠡᠳᠡᠭᠡᠷ ᠲᠤᠷᠰᠢᠯᠲᠠ ᠶᠢ ᠮᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠣᠯᠭᠠᠵᠤ᠂ ᠰᠤᠷᠤᠭᠴᠢᠳ ᠲᠤ ᠰᠡᠷᠡᠭᠳᠡᠭᠦᠷ ᠤᠨ ᠦᠨ᠎ᠡ ᠥᠷᠲᠡᠭ ᠪᠠ ᠦᠢᠯᠡᠳᠦᠯ ᠢ ᠲᠠᠨᠢᠭᠤᠯᠤᠭᠰᠠᠨ ᠮᠥᠷᠲᠡᠭᠡᠨ ᠪᠠᠰᠠ ᠬᠥᠮᠦᠨ ᠤ ᠪᠡᠶ᠎ᠡ ᠶᠢᠨ ᠴᠠᠬᠢᠯᠭᠠᠨ ᠳᠠᠮᠵᠢᠭᠤᠯᠤᠭᠴᠢ ᠶᠢ ᠡᠵᠡᠮᠰᠢᠭᠦᠯᠵᠦ᠂ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠴᠤ ᠪᠣᠯᠬᠤ ᠶᠢ ᠬᠡᠮᠵᠢᠵᠦ ᠣᠯᠤᠭᠰᠠᠨ ᠶᠤᠮ᠂ ᠵᠢᠮᠢᠰ ᠢ ᠴᠠᠬᠢᠯᠭᠠᠨ ᠭᠠᠷᠭᠠᠵᠤ ᠪᠣᠯᠬᠤ ᠵᠡᠷᠭᠡ ᠮᠡᠳᠡᠯᠭᠡ ᠶᠢ ᠲᠠᠨᠢᠭᠤᠯᠤᠭᠰᠠᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号