ᠪᠠᠶᠠᠨᠬᠤᠰᠢᠭᠤ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠰᠬᠠᠢ ᠪᠠᠶᠢᠴᠠᠭᠠᠨ ᠵᠢᠯᠣᠭᠤᠳᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/15
      10 ᠰᠠᠷ᠎ᠠ ᠶᠢᠨ 10 ᠤ ᠡᠳᠦᠷ᠂ ᠪᠠᠶᠠᠨᠬᠤᠰᠢᠭᠤ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠰᠬᠠᠢ ᠪᠠᠶᠢᠴᠠᠭᠠᠨ ᠵᠢᠯᠣᠭᠤᠳᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠪᠦᠦ ᠵᠢᠶᠦ᠋ᠨ ᠡᠷᠬᠢᠯᠡᠵᠦ᠂ ᠡᠯ᠎ᠡ ᠭᠠᠴᠠᠭᠠᠨ ᠤ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠠᠵᠢᠯᠯᠠᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠠᠢ᠃ ᠬᠤᠷᠠᠯ ᠠᠴᠠ ᠪᠦᠬᠦ ᠠᠶᠢᠮᠠᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠬᠠᠢ ᠲᠤᠰᠬᠠᠢ ᠪᠠᠶᠢᠴᠠᠭᠠᠨ ᠵᠢᠯᠣᠭᠤᠳᠴᠤ ᠳᠠᠶᠢᠴᠢᠯᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠠᠵᠢᠯ ᠤᠨ ᠭᠤᠣᠯᠳᠠᠯᠭ᠎ᠠ ᠳᠤ ᠵᠦᠢᠯ ᠳᠠᠷᠠᠭᠠᠯᠠᠨ ᠲᠣᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ᠲᠤᠰᠬᠠᠢ ᠲᠥᠷᠥᠯ ᠤᠨ ᠪᠠᠶᠢᠴᠠᠭᠠᠵᠤ ᠱᠠᠯᠠᠪᠳᠠᠭᠤᠯᠤᠨ ᠵᠢᠯᠣᠭᠤᠳᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠠᠵᠢᠯ ᠢᠶᠠᠨ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠭᠤᠣᠯᠳᠠᠭᠤ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ ᠨᠢᠭᠡ ᠠᠮᠤᠷ ᠲᠦᠪᠰᠢᠨ ᠢ ᠪᠠᠲᠤᠯᠠᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠬᠤ ᠶᠢᠨ ᠬᠠᠮᠲᠤ ᠳᠤᠲᠠᠭᠳᠠᠯ ᠢᠶᠠᠨ ᠨᠥᠬᠦᠪᠥᠷᠢᠯᠡᠵᠦ᠂ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠤᠬᠠᠢ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠦᠷ᠎ᠡ ᠪᠦᠲᠦᠮᠵᠢ ᠶᠢ ᠥᠷᠭᠡᠳᠬᠡᠬᠦ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号