ᠬᠤᠳᠠ ᠶᠢᠨ ᠲᠡᠬᠦᠷᠭᠡ ᠨᠡᠶᠢᠬᠡᠮ ᠲᠤᠭᠤᠷᠢᠭ ᠬᠤᠪᠢᠶᠠᠷᠢ ᠬᠤᠷᠢᠶ᠎ᠠ ᠶᠢᠨ ᠨᠠᠮ ᠤᠨ ᠡᠬᠦᠷ ᠭᠤᠤᠯ ᠰᠡᠳᠤᠪᠳᠤ ᠨᠠᠮ ᠤᠨ ᠡᠳᠦᠷᠯᠢᠭ ᠤᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/10/15
      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠡᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠦᠮᠦᠵᠢᠯ ᠢ ᠤᠯᠠᠮ ᠨᠢᠬᠡ ᠠᠯᠬᠤᠮ ᠴᠢᠩᠭᠠᠳᠬᠠᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠮᠠᠰᠠᠷ ᠢ ᠪᠠᠳᠦ ᠴᠤᠬᠴᠠᠯᠠᠬᠤ ᠶᠢᠨ ᠲᠦᠯᠦᠬᠡ ᠤᠶᠢᠷ᠎ᠠ ᠳᠤ᠂ ᠤᠯᠠᠭᠠᠨᠬᠤᠳᠠ ᠶᠢᠨ ᠡᠮ ᠡᠮᠨᠡᠯᠬᠡ ᠶᠢᠨ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠬᠤᠳᠠ ᠶᠢᠨ ᠲᠡᠬᠦᠷᠭᠡ ᠨᠡᠶᠢᠬᠡᠮ ᠲᠤᠭᠤᠷᠢᠭ ᠬᠤᠪᠢᠶᠠᠷᠢ ᠬᠤᠷᠢᠶ᠎ᠠ ᠶᠢᠨ ᠨᠠᠮ ᠤᠨ ᠡᠬᠦᠷ ᠲᠦᠴᠢᠨ ᠨᠢᠬᠡᠳᠦᠭᠡᠷ ᠤᠳᠠᠭᠠᠨ ᠤ ᠪᠦᠬᠦ ᠠᠶᠢᠮᠠᠭ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭ᠎ᠠ ᠶᠢᠨ ᠰᠠᠷ᠎ᠠ ᠶᠢᠨ ᠭᠤᠤᠯ ᠰᠡᠳᠤᠪᠳᠤ ᠨᠠᠮ ᠤᠨ ᠡᠳᠦᠷᠯᠢᠭ ᠤᠨ ᠠᠵᠢᠯᠯᠠᠭ᠎ᠠ ᠦᠷᠨᠢᠬᠦᠯᠵᠡᠢ᠃ ᠠᠵᠢᠯᠯᠠᠭ᠎ᠠ ᠳᠤ᠂ ᠬᠤᠳᠠ ᠶᠢᠨ ᠲᠡᠬᠦᠷᠭᠡ ᠨᠡᠶᠢᠬᠡᠮ ᠲᠤᠭᠤᠷᠢᠭ ᠬᠤᠪᠢᠶᠠᠷᠢ ᠬᠤᠷᠢᠶ᠎ᠠ ᠶᠢᠨ ᠨᠠᠮ ᠤᠨ ᠡᠬᠦᠷ ᠨᠠᠮ ᠤᠨ ᠬᠡᠰᠢᠬᠦᠨ ᠺᠠᠳ᠋ᠷᠴᠤᠳ ᠢᠶᠠᠨ ᠵᠤᠬᠢᠶᠠᠨ ᠪᠠᠶᠢᠭᠤᠯᠤᠨ᠂ ᠡᠾᠦ᠋ᠢ ᠮᠢᠨ ᠪᠠᠭ᠎ᠠ ᠲᠤᠭᠤᠷᠢᠭ ᠲᠤ ᠬᠦᠷᠴᠦ᠂ ︽ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠦᠯᠢᠬᠡᠷ ᠢ ᠰᠠᠶᠢᠳᠦᠷ ᠶᠠᠷᠢᠵᠦ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠤᠶᠤᠨ ᠰᠠᠨᠠᠭᠠᠨ ᠤ ᠬᠡᠷ ᠤᠷᠤᠨ ᠢᠶᠠᠨ ᠴᠤᠬᠴᠠᠯᠠᠶ᠎ᠠ︾ ᠬᠡᠬᠦ ᠭᠤᠤᠯ ᠰᠡᠳᠤᠪᠳᠤ ᠨᠠᠮ ᠤᠨ ᠡᠳᠦᠷᠯᠢᠭ ᠤᠨ ᠠᠵᠢᠯᠯᠠᠭ᠎ᠠ ᠦᠷᠨᠢᠬᠦᠯᠵᠡᠢ᠃ ᠬᠤᠳᠠ ᠶᠢᠨ ᠲᠡᠬᠦᠷᠭᠡ ᠨᠡᠶᠢᠬᠡᠮ ᠲᠤᠭᠤᠷᠢᠭ ᠬᠤᠪᠢᠶᠠᠷᠢ ᠬᠤᠷᠢᠶ᠎ᠠ ᠶᠢᠨ ᠨᠠᠮ ᠤᠨ ᠡᠬᠦᠷ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠤᠬᠢᠶᠠᠯ ᠪᠤᠯᠭᠠᠨ᠂ ᠬᠠᠷᠢᠶᠠᠳᠤ ᠤᠷᠤᠨ ᠤ ᠪᠠᠨ ᠡᠯ᠎ᠡ ᠦᠨᠳᠦᠰᠦᠳᠡᠨ ᠤ ᠤᠯᠠᠨ ᠲᠦᠮᠡᠨ ᠳᠤ ᠦᠨᠳᠦᠰᠦᠳᠡᠨ ᠤ ᠪᠦᠯᠬᠦᠮᠳᠡᠯ ᠤᠨ ᠴᠢᠬᠤᠯᠠ ᠴᠢᠨᠠᠷ ᠢ ᠤᠬᠠᠭᠤᠯᠵᠦ᠂ ᠲᠦᠬᠦᠮ ᠤᠶᠢᠯᠠᠭᠠᠮᠵᠢᠳᠠᠢ ᠬᠡᠯᠡ ᠬᠡᠯᠡᠯᠬᠡ ᠪᠠᠷ ᠦᠨᠳᠦᠰᠦᠳᠡᠨ ᠪᠦᠬᠦᠨ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠬᠰᠠᠨ ᠦᠯᠢᠬᠡᠷ ᠢ ᠶᠠᠷᠢᠵᠦ᠂ ᠡᠯ᠎ᠡ ᠦᠨᠳᠦᠰᠦᠳᠡᠨ ᠤ ᠺᠠᠳ᠋ᠷ ᠤᠯᠠᠨ ᠲᠦᠮᠡᠨ ᠰᠢ ᠶᠢᠨ ᠫᠢᠩ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠳᠦ ᠴᠡᠭᠡᠵᠢᠯᠡᠵᠦ᠂ ᠡᠯ᠎ᠡ ᠦᠨᠳᠦᠰᠦᠳᠡᠨ ᠪᠦᠯᠬᠦᠮᠳᠡᠨ ᠨᠢᠬᠳᠠᠷᠠᠬᠰᠠᠨ ᠨᠡᠶᠢᠬᠡᠮ ᠤᠨ ᠠᠭᠤᠷ ᠠᠮᠢᠰᠬᠤᠯ ᠢ ᠴᠢᠷᠮᠠᠶᠢᠨ ᠪᠤᠢ ᠪᠤᠯᠭᠠᠬᠤ ᠶᠢ ᠬᠦᠳᠦᠯᠦᠨ ᠵᠢᠯᠤᠭᠤᠳᠴᠠᠢ᠃ ︵ᠵᠢᠶᠠᠨ ᠬᠤᠸᠠ︶   
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号