ᠯᠢᠨ ᠬᠠᠶ ᠵᠡᠭᠡᠯᠢ ᠬᠠᠷᠢᠶ᠎ᠠ ᠣᠷᠣᠨ ᠤ ᠪᠠᠨ ᠭᠤᠤᠯᠳᠠᠯᠭ᠎ᠠ ᠲᠠᠢ ᠬᠦᠴᠢᠷᠳᠡᠯᠲᠡᠶ ᠬᠥᠮᠦᠰ ᠤᠨ ᠪᠠᠶᠢᠳᠠᠯ ᠢ ᠤᠶᠢᠯᠠᠭᠠᠵᠠᠢ
ᠨᠡᠶᠢᠲᠡᠯᠡᠭᠰᠡᠨ ᠴᠠᠭ᠄
2024/10/15
   ᠣᠯᠣᠰ ᠤᠨ ᠪᠠᠶᠠᠷ ᠤᠨ ᠠᠮᠠᠷᠠᠯᠳᠠ ᠶᠢᠨ ᠬᠤᠭᠤᠴᠠᠭᠠᠨ ᠳᠤ ᠬᠠᠷᠢᠶ᠎ᠠ ᠣᠷᠣᠨ ᠤ ᠪᠠᠨ ᠡᠶ᠎ᠡ ᠵᠣᠬᠢᠴᠠᠩᠭᠤᠢ ᠲᠣᠭᠳᠠᠭᠤᠨ ᠢ ᠪᠠᠳᠣᠯᠠᠬᠤ ᠶᠢᠨ ᠲᠦᠯᠦᠬᠡ᠂ 10 ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠷᠠᠰᠢᠶᠠᠨ ᠬᠤᠳᠠ ᠶᠢᠨ ᠯᠢᠨ ᠬᠠᠢ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ ᠵᠧᠩ ᠸᠧᠢ ᠰᠧ ᠪᠦᠯᠬᠦᠮ ᠳᠠᠭᠠᠭᠤᠯᠤᠨ ᠬᠠᠷᠢᠶ᠎ᠠ ᠣᠷᠣᠨ ᠤ ᠪᠠᠨ ᠭᠤᠣᠯᠳᠠᠯᠭ᠎ᠠ ᠲᠠᠢ ᠬᠦᠴᠢᠷᠳᠡᠯᠲᠡᠢ ᠬᠥᠮᠦᠰ ᠤᠨ ᠪᠠᠶᠢᠳᠠᠯ ᠢ ᠤᠶᠢᠯᠠᠭᠠᠵᠠᠢ᠃         ᠬᠦᠷᠦᠭᠰᠡᠨ ᠭᠠᠵᠠᠷ ᠪᠣᠯᠭᠠᠨ ᠳᠤ᠂ ᠵᠧᠩ ᠸᠧᠢ ᠰᠧ ᠬᠦᠴᠢᠷᠳᠠᠯᠳᠠᠢ ᠭᠡᠷ ᠪᠦᠯᠢ ᠶᠢᠨ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠲᠡᠳᠡᠨᠡᠷ ᠲᠤ ᠬᠦᠯᠢᠴᠡᠩᠭᠦᠢ ᠨᠢᠮᠪᠠᠢ ᠲᠦᠷᠦ ᠶᠢᠨ ᠪᠤᠳᠤᠯᠭ᠎ᠠ ᠬᠠᠤᠯᠢ ᠴᠠᠭᠠᠵᠠ ᠶᠢᠨ ᠤᠬᠠᠭᠤᠯᠤᠨ ᠲᠠᠶᠢᠯᠪᠤᠷᠢᠯᠠᠯᠳᠠ ᠪᠠ ᠦᠵᠡᠯ ᠰᠠᠨᠠᠭᠠᠨ ᠤ ᠵᠢᠯᠤᠭᠤᠳᠤᠯᠭ᠎ᠠ ᠬᠢᠵᠡᠢ᠃ ᠶᠠᠷᠢᠯᠴᠠᠬᠤ ᠪᠠᠷ ᠳᠡᠮᠵᠢᠨ᠂ ᠬᠦᠴᠢᠷᠳᠡᠯᠲᠡᠶ ᠣᠯᠠᠨ ᠲᠦᠮᠡᠨ ᠤ ᠪᠤᠳᠤᠵᠤ ᠪᠠᠶᠢᠭ᠎ᠠ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠬᠤ ᠶᠢᠨ ᠤᠯᠠᠮ ᠢᠶᠠᠷ ᠲᠡᠳᠡᠨᠡᠷ ᠤᠨ ᠪᠣᠳᠣᠯ ᠰᠠᠨᠠᠯ ᠢ ᠡᠵᠡᠮᠰᠢᠵᠤ᠂ ᠬᠦᠴᠢᠷᠳᠡᠯᠲᠡᠶ ᠣᠯᠠᠨ ᠲᠦᠮᠡᠨ ᠳᠤ ᠯᠢᠨ ᠬᠠᠶ ᠵᠡᠭᠡᠯᠢ ᠶᠢᠨ ᠨᠠᠮ ᠤᠨ ᠠᠵᠢᠯ ᠤᠨ ᠵᠦᠪᠯᠡᠯ᠂ ᠬᠡᠷᠡᠭ ᠡᠷᠬᠢᠯᠡᠬᠦ ᠭᠠᠵᠠᠷ ᠤᠨ ᠬᠠᠶᠢᠷ᠎ᠠ ᠬᠠᠯᠠᠮᠵᠢ ᠶᠢ ᠮᠡᠳᠡᠷᠡᠭᠦᠯᠵᠠᠢ᠃      ᠯᠢᠨ ᠬᠠᠢ ᠵᠡᠭᠡᠯᠢ ᠲᠣᠰ ᠤᠳᠠᠭᠠᠨ ᠤ ᠠᠶᠢᠯᠴᠢᠯᠡᠨ ᠰᠤᠷᠪᠤᠯᠵᠢᠯᠠᠬᠤ ᠪᠠᠷ ᠳᠡᠮᠵᠢᠨ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠬᠦᠴᠢᠷᠳᠡᠯᠲᠡᠶ ᠣᠯᠠᠨ ᠲᠦᠮᠡᠨ ᠤ ᠬᠡᠷ ᠲᠤ ᠬᠦᠷᠭᠡᠭᠰᠡᠨ ᠪᠥᠭᠡᠳ ᠪᠠᠰᠠ ᠬᠦᠴᠢᠷᠳᠡᠯᠲᠡᠶ ᠣᠯᠠᠨ ᠲᠦᠮᠡᠨ ᠤ ᠦᠵᠡᠯ ᠰᠠᠨᠠᠭᠠᠨ ᠤ ᠬᠥᠳᠡᠯᠦᠯ ᠪᠠᠶᠢᠳᠠᠯ ᠪᠠ ᠪᠣᠳᠠᠲᠠᠶ ᠬᠦᠴᠢᠷᠳᠡᠯ ᠢ ᠨᠢ ᠤᠯᠠᠮ ᠨᠢᠭᠡ ᠠᠯᠬᠤᠮ ᠤᠶᠢᠯᠠᠭᠠᠨ ᠡᠵᠡᠮᠰᠢᠵᠦ᠂ ᠬᠠᠷᠢᠶ᠎ᠠ ᠣᠷᠣᠨ ᠤ ᠡᠶ᠎ᠡ ᠵᠤᠬᠢᠴᠠᠩᠭᠤᠢ ᠲᠣᠭᠲᠠᠭᠤᠨ ᠪᠠᠶᠢᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃
 
ᠢᠷᠡᠯᠲᠡ᠄ ᠷᠠᠰᠢᠶᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号