ᠸᠧᠨᠴᠢᠤᠸᠠᠨ ᠵᠡᠭᠡᠯᠢ ᠶᠢᠨ ᠱᠧᠨ ᠴᠢᠤᠸᠠᠨ ᠨᠡᠶᠢᠭᠡᠮ ᠲᠣᠭᠤᠷᠢᠭ ︽ᠲᠠᠯ᠎ᠠ ᠨᠤᠲᠤᠭ ᠤᠨ ᠨᠣᠮ ᠤᠨ ᠥᠷᠥᠭᠡ︾ ᠶᠢᠨ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/15
     ︽ᠲᠠᠯ᠎ᠠ ᠨᠤᠲᠤᠭ ᠤᠨ ᠨᠣᠮ ᠤᠨ ᠥᠷᠥᠭᠡ︾ ᠪᠠᠷ ᠭᠤᠣᠯ ᠪᠣᠯᠭᠠᠭᠰᠠᠨ ᠰᠣᠶᠣᠯ ᠤᠨ ᠵᠢᠭᠰᠠᠭᠠᠯ ᠤᠨ ᠭᠠᠵᠠᠷ ᠢ ᠤᠯᠠᠮ ᠨᠢᠭᠡ ᠠᠯᠬᠤᠮ ᠴᠤᠭᠴᠠᠯᠠᠨ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠤᠶᠢᠯᠡᠳᠤᠯ ᠢ ᠭᠦᠢᠴᠡᠳ ᠪᠠᠳᠠᠷᠠᠭᠤᠯᠵᠤ᠂ ᠥᠷᠭᠡᠨ ᠣᠯᠠᠨ ᠰᠠᠭᠤᠭᠠᠯᠢ ᠠᠷᠠᠳ ᠲᠤ ᠰᠣᠶᠣᠯ ᠤᠨ ᠬᠥᠭᠵᠢᠯᠲᠡ ᠶᠢᠨ ᠰᠢᠨ᠎ᠡ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠤᠨ᠂ ᠰᠠᠭᠤᠭᠠᠯᠢ ᠠᠷᠠᠳ ᠤᠨ ᠣᠶᠤᠨ ᠰᠠᠨᠠᠭᠠᠨ ᠤ ᠬᠡᠷᠡᠭᠴᠡᠭᠡ ᠱᠠᠭᠠᠷᠳᠠᠯᠭ᠎ᠠ ᠶᠢ ᠪᠠᠶᠠᠯᠢᠭᠵᠢᠭᠤᠯᠬᠤ ᠪᠠᠷ᠂ ᠤᠶᠢᠷ᠎ᠠ ᠳᠤ᠂ ᠷᠠᠰᠢᠶᠠᠨ ᠬᠤᠳᠠ ᠶᠢᠨ ᠸᠧᠨᠴᠢᠤᠸᠠᠨ ᠵᠡᠭᠡᠯᠢ ᠶᠢᠨ ᠱᠧᠨ ᠴᠢᠤᠸᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠥᠷᠲᠡᠭᠡ ᠷᠠᠰᠢᠶᠠᠨ ᠤ ᠬᠢᠯᠢ ᠶᠢᠨ ᠲᠣᠮᠢᠯᠠᠭᠰᠠᠨ ᠰᠠᠯᠪᠤᠷᠢ ᠲᠠᠢ ᠬᠤᠯᠪᠣᠭᠠᠯᠠᠨ᠂ ᠲᠠᠯ᠎ᠠ ᠨᠤᠲᠤᠭ ᠤᠨ ᠨᠣᠮ ᠤᠨ ᠥᠷᠥᠭᠡ ᠳᠤ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ᠃ ᠲᠤᠰ ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠲᠤ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢᠨ ᠠᠯᠤᠰ ᠬᠡᠳᠦ ᠶᠢᠨ ᠠᠴᠢ ᠬᠤᠯᠪᠣᠭᠳᠠᠯ ᠢ ᠢᠳᠡᠪᠬᠢᠲᠡᠶ ᠪᠠᠷ ᠤᠯᠠᠮᠵᠢᠯᠠᠵᠤ᠂ ᠰᠠᠭᠤᠭᠠᠯᠢ ᠠᠷᠠᠳ ᠢ ᠰᠠᠨᠠᠭᠠᠴᠢᠯᠠᠭ᠎ᠠ ᠠᠴᠠ ᠪᠠᠨ ᠤᠩᠰᠢᠯᠭ᠎ᠠ ᠳᠤ ᠣᠷᠣᠯᠴᠠᠵᠤ᠂ ᠤᠩᠰᠢᠯᠭ᠎ᠠ ᠶᠢ ᠡᠳᠦᠷ ᠲᠤᠲᠤᠮ ᠤᠨ ᠠᠮᠢᠳᠤᠷᠠᠯ ᠤᠨ ᠨᠢᠭᠡ ᠬᠡᠰᠡᠭ ᠪᠤᠯᠭᠠᠬᠤ ᠶᠢ ᠤᠷᠢᠶᠠᠯᠠᠵᠠᠢ᠃ ᠰᠠᠭᠤᠭᠠᠯᠢ ᠠᠷᠠᠳ ᠥᠪᠡᠷ ᠥᠪᠡᠷ ᠤᠨ ᠦᠵᠡᠬᠦ ᠲᠤᠷᠠᠳᠠᠢ ᠨᠣᠮ ᠢᠶᠠᠨ ᠰᠣᠩᠭᠤᠵᠤ᠂ ᠨᠣᠮ ᠤᠨ ᠳᠠᠯᠠᠶ ᠳᠤ ᠰᠣᠭᠲᠣᠭᠤᠷᠠᠬᠤ ᠶᠢᠨ ᠬᠠᠮᠳᠤ ᠥᠪᠡᠷ ᠤᠨ ᠥᠩᠭᠡᠷᠡᠯᠲᠡ ᠪᠠ ᠠᠵᠢᠯ ᠤᠨ ᠦᠢᠯᠡᠳᠦᠯᠭᠡ ᠲᠠᠢ ᠪᠠᠨ ᠤᠶᠠᠯᠳᠤᠭᠤᠯᠤᠨ᠂ ᠨᠣᠮ ᠤᠨ ᠳᠣᠲᠣᠷᠠᠬᠢ ᠭᠤᠶᠢᠳᠠ ᠰᠠᠶᠢᠬᠠᠨ ᠠᠭᠤᠯᠭ᠎ᠠ ᠤᠳ ᠢ ᠬᠤᠭᠤᠷᠤ ᠬᠤᠭᠤᠷᠤᠨᠳᠤ ᠪᠠᠨ ᠰᠣᠯᠢᠯᠴᠠᠨ ᠬᠤᠪᠢᠶᠠᠯᠴᠠᠵᠤ᠂ ᠥᠪᠡᠷ ᠥᠪᠡᠷ ᠤᠨ ᠤᠩᠰᠢᠯᠭ᠎ᠠ ᠶᠢᠨ ᠲᠥᠷᠥᠭᠳᠡᠯ ᠢᠶᠠᠨ ᠠᠭᠤᠵᠢᠷᠠᠲᠠᠯ᠎ᠠ ᠶᠠᠷᠢᠯᠴᠠᠵᠠᠭᠠᠯ᠎ᠠ᠃         ᠸᠧᠨᠴᠢᠤᠸᠠᠨ ᠵᠡᠭᠡᠯᠢ ᠶᠢᠨ ᠱᠧᠨ ᠴᠢᠤᠸᠠᠨ ᠨᠡᠶᠢᠭᠡᠮ ᠲᠣᠭᠤᠷᠢᠭ ᠲᠣᠰ ᠤᠳᠠᠭᠠᠨ ᠤ ᠤᠩᠰᠢᠯᠭ᠎ᠠ ᠪᠠᠷ ᠲᠠᠮᠵᠢᠨ᠂ ᠰᠠᠭᠤᠭᠠᠯᠢ ᠠᠷᠠᠳ ᠤᠨ ᠣᠶᠤᠨ ᠤ ᠪᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠨᠡᠶᠢᠭᠡᠮ ᠲᠣᠭᠤᠷᠢᠭ ᠤᠨ ᠰᠣᠶᠣᠯ ᠤᠨ ᠬᠥᠭᠵᠢᠯᠲᠡ ᠳᠤ ᠴᠦ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠷᠠᠰᠢᠶᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号