ᠨᠠᠰᠤᠳᠠᠶᠢᠴᠤᠳ ᠪᠡᠶ᠎ᠡ ᠪᠠᠨ ᠴᠢᠬᠢᠷᠠᠭᠵᠢᠭᠤᠯᠬᠤ ᠳᠤ ᠠᠩᠬᠠᠷᠬᠤ ᠬᠡᠷᠡᠭᠳᠡᠢ
ᠨᠡᠶᠢᠲᠡᠯᠡᠭᠰᠡᠨ ᠴᠠᠭ᠄
2024/10/15
          ᠠᠭᠠᠭᠢᠮ᠎ᠠ ᠬᠠᠯᠠᠭᠤᠨ ᠠᠭᠤᠷ ᠠᠮᠢᠰᠬᠤᠯ ᠦᠷᠬᠦᠯᠵᠢᠯᠡᠵᠦ ᠪᠠᠶᠢᠨ᠎ᠠ᠃ ᠲᠤᠰᠬᠠᠶ ᠮᠡᠷᠭᠡᠵᠢᠯᠲᠡᠨ ᠠᠴᠠ᠂ ᠬᠥᠳᠡᠯᠭᠡᠭᠡᠨ ᠬᠢᠵᠦ ᠪᠡᠶ᠎ᠡ ᠪᠠᠨ ᠴᠢᠭᠢᠷᠠᠭᠵᠢᠭᠤᠯᠬᠤ ᠶᠢ ᠵᠤᠷᠢᠵᠤ ᠪᠠᠶᠢᠭ᠎ᠠ ᠨᠠᠰᠤᠲᠠᠶᠢᠴᠤᠳ ᠡᠩ ᠤᠨ ᠦᠶ᠎ᠡ ᠲᠠᠢ ᠬᠠᠷᠢᠴᠠᠭᠤᠯᠪᠠᠯ ᠵᠣᠨ ᠤ ᠤᠯᠠᠷᠢᠯ ᠳᠤ ᠪᠤᠯᠪᠠᠰᠤᠷᠠᠯ ᠤᠨ ᠠᠷᠭ᠎ᠠ ᠮᠠᠶ᠋ᠢᠭ ᠢ ᠨᠡᠩ ᠢᠯᠡᠬᠦᠦ ᠠᠩᠬᠠᠷᠬᠤ ᠬᠡᠷᠡᠭᠲᠡᠶ ᠭᠡᠵᠦ ᠰᠠᠨᠠᠭᠤᠯᠪᠠ᠂ ᠡᠭᠦᠨ ᠳᠤ ᠭᠤᠤᠯᠳᠠᠭᠤ ᠳᠤᠤᠷᠠᠬᠢ ᠲᠠᠪᠤᠨ ᠲᠠᠯ᠎ᠠ ᠶᠢ ᠰᠠᠶᠢᠳᠤᠷ ᠠᠩᠬᠠᠷᠪᠠᠯ ᠵᠤᠬᠢᠨ᠎ᠠ᠃ ᠬᠡᠳᠦ ᠡᠷᠲᠡ ᠪᠣᠰᠬᠤ ᠦᠭᠡᠢ ᠪᠠᠶᠢᠬᠤ — ᠵᠣᠨ ᠤ ᠤᠯᠠᠷᠢᠯ ᠳᠤ ᠡᠳᠦᠷ ᠣᠷᠳᠣ ᠰᠥᠨᠢ ᠣᠬᠤᠷ ᠪᠠᠶᠢᠵᠤ ᠣᠯᠠᠩᠬᠢ ᠨᠠᠰᠤᠲᠠᠶᠢᠴᠤᠳ ᠡᠷᠲᠡ ᠪᠣᠰᠬᠤ ᠳᠤᠷᠠᠲᠠᠶ᠃ ᠭᠡᠪᠡᠴᠦ ᠨᠠᠷᠠ ᠭᠠᠷᠬᠤ ᠠᠴᠠ ᠡᠮᠦᠨ᠎ᠡ ᠠᠭᠠᠷ ᠳᠣᠲᠣᠷᠠᠬᠢ ᠪᠣᠬᠢᠷ ᠪᠣᠳᠠᠰ ᠰᠠᠶᠢᠨ ᠰᠠᠷᠨᠢᠭᠠᠳᠤᠢ ᠪᠠᠶᠢᠳᠠᠭ᠃ ︽ᠬᠡᠷᠡᠯ ᠤᠨ ᠨᠡᠶᠢᠯᠡᠯᠭᠡ ᠶᠢᠨ ᠦᠢᠯᠡᠳᠦᠯ ᠥᠬᠡᠶ ᠠᠴᠠ ᠪᠣᠯᠵᠣ᠂ ᠤᠷᠭᠤᠮᠠᠯ ᠶᠡᠭᠡ ᠬᠡᠮᠵᠢᠶᠡᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠮᠳᠤᠭᠤᠯᠵᠤ᠂ ᠬᠥᠮᠦᠨ ᠤ ᠪᠡᠶ᠎ᠡ ᠶᠢᠨ ᠡᠷᠡᠭᠦᠯ ᠮᠡᠨᠳᠦ ᠳᠤ ᠠᠰᠢᠭ ᠥᠬᠡᠶ ᠪᠠᠶᠢᠳᠠᠭ᠂ ᠡᠶᠢᠮᠦ ᠠᠴᠠ ᠨᠠᠰᠤᠲᠠᠶᠢᠴᠤᠳ ᠬᠡᠲᠦ ᠡᠷᠲᠡ ᠬᠡᠷ ᠤᠨ ᠭᠠᠳᠠᠨ᠎ᠠ ᠬᠥᠳᠡᠯᠭᠡᠭᠡᠨ ᠬᠢᠵᠦ ᠪᠣᠯᠬᠤ ᠥᠬᠡᠶ᠂ 6 ᠴᠠᠭ ᠬᠠᠭᠠᠰ ᠠᠴᠠ ᠬᠤᠶᠢᠰᠢ ᠥᠷᠯᠥᠭᠡ ᠶᠢᠨ ᠪᠣᠯᠪᠠᠰᠤᠷᠠᠯ ᠢᠶᠠᠨ ᠡᠬᠢᠯᠡᠭᠦ ᠶᠢ ᠰᠠᠨᠠᠭᠤᠯᠤᠶ᠎ᠠ︾ ᠭᠡᠵᠦ ᠱᠧᠨᠶᠠᠩ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠭᠠᠵᠠᠷ ᠤᠨ ᠳᠡᠳ᠋ ᠡᠷᠬᠢᠯᠡᠭᠴᠢ ᠮᠡᠷᠭᠡᠵᠢᠯᠲᠡᠨ ᠯᠢᠦ ᠶᠦᠨ ᠪᠥᠸᠧ ᠬᠡᠯᠡᠪᠡ᠃ ᠤᠮᠳᠠᠭᠠᠰᠬᠤ ᠦᠭᠡᠶ ᠪᠠᠶᠢᠬᠤ — ᠵᠤᠨ ᠤ ᠠᠭᠠᠭᠢᠮ᠎ᠠ ᠬᠠᠯᠠᠭᠤᠨ ᠡᠳᠦᠷ ᠪᠣᠯᠪᠠᠰᠤᠷᠠᠬᠤ ᠳᠤ ᠬᠥᠮᠦᠨ ᠤ ᠪᠡᠶ᠎ᠡ ᠬᠥᠯᠥᠰᠥ ᠭᠠᠷᠬᠤ ᠨᠢ ᠠᠷᠪᠢᠳᠴᠤ ᠤᠰᠤᠨ ᠤ ᠬᠤᠷᠣᠭᠳᠠᠯ ᠨᠢ ᠴᠤ ᠶᠡᠭᠡ ᠪᠤᠯᠳᠠᠭ᠃ ᠯᠢᠦ ᠶᠦᠨ ᠪᠥᠸᠧ᠂ ᠨᠠᠰᠤᠲᠠᠶᠢᠴᠤᠳ ᠪᠡᠶ᠎ᠡ ᠪᠠᠨ ᠪᠣᠯᠪᠠᠰᠤᠷᠠᠭᠤᠯᠬᠤ ᠠᠴᠠ ᠡᠮᠦᠨ᠎ᠡ ᠬᠠᠭᠠᠰ ᠴᠠᠭ ᠤᠨ ᠳᠣᠲᠣᠷ᠎ᠠ ᠵᠠᠪᠠᠯ ᠤᠰᠤ ᠨᠥᠬᠦᠪᠦᠷᠢᠯᠡᠬᠦ ᠬᠡᠷᠡᠭᠲᠡᠶ᠂ 400 ᠮᠢᠯᠢᠯᠢᠳ᠋ᠷ ᠤᠰᠤ ᠨᠥᠬᠦᠪᠥᠷᠢᠯᠡᠵᠦ᠂ ᠪᠠᠭ᠎ᠠ ᠲᠠᠪᠤᠰᠤ ᠲᠠᠢ ᠪᠤᠴᠠᠯᠤᠭᠰᠠᠨ ᠤᠰᠤ ᠪᠤᠶᠤ ᠨᠣᠭᠤᠭᠠᠨ ᠪᠤᠷᠴᠠᠭ ᠤᠨ ᠱᠥᠯᠥ ᠪᠦᠷ ᠪᠣᠯᠤᠨ᠎ᠠ ᠭᠡᠪᠡ᠃ ᠨᠡᠷᠡᠨ ᠳᠤ ᠰᠢᠷᠠᠭᠳᠠᠬᠤ ᠦᠭᠡᠢ ᠪᠠᠶᠢᠬᠤ — ᠨᠠᠰᠤᠲᠠᠶᠢᠴᠤᠳ ᠪᠡᠶ᠎ᠡ ᠪᠠᠨ ᠪᠣᠯᠪᠠᠰᠤᠷᠠᠭᠤᠯᠬᠤ ᠳᠠᠭᠠᠨ ᠠᠯᠢ ᠴᠢᠳᠠᠬᠤ ᠪᠠᠷ ᠰᠡᠭᠦᠳᠡᠷ ᠭᠠᠵᠠᠷ ᠢ ᠰᠣᠩᠭᠤᠵᠤ᠂ ᠨᠡᠷᠡᠨ ᠤ ᠭᠡᠷᠡᠯ ᠬᠤᠷᠴᠠ ᠦᠳᠡ ᠶᠢᠨ ᠭᠤᠣᠯ ᠴᠠᠭ ᠠᠴᠠ ᠦᠳᠡ ᠶᠢᠨ ᠬᠤᠶᠢᠨᠠᠬᠢ ᠬᠤᠶᠠᠷ ᠴᠠᠭ ᠤᠨ ᠬᠤᠭᠤᠷᠣᠨᠳᠣ ᠪᠣᠯᠪᠠᠰᠤᠷᠠᠬᠤ ᠠᠴᠠ ᠠᠯᠢ ᠴᠢᠳᠠᠬᠤ ᠪᠠᠷ ᠵᠠᠶᠢᠯᠠᠰᠭᠢᠬᠦ ᠬᠡᠷᠡᠭᠲᠡᠶ᠂ ᠡᠨᠡ ᠦᠶ᠎ᠡ ᠳᠤ ᠬᠦᠷᠢᠨ ᠤ ᠭᠠᠳᠠᠨᠠᠬᠢ ᠲᠤᠶᠠᠭ᠎ᠠ ᠣᠨᠴᠠᠭᠠᠶ ᠬᠤᠷᠴᠠ ᠪᠠᠶᠢᠵᠤ᠂ ᠠᠷᠠᠰᠤ ᠰᠢᠷᠠᠭᠳᠠᠵᠤ ᠰᠢᠷᠬᠠᠲᠤᠵᠦ ᠮᠡᠳᠡᠨ᠎ᠡ᠃ ᠶᠠᠭᠠᠷᠠᠬᠤ ᠦᠭᠡᠢ ᠪᠠᠶᠢᠬᠤ — ᠲᠤᠰᠬᠠᠶ ᠮᠡᠷᠭᠡᠵᠢᠯᠲᠡᠨ᠂ ᠪᠣᠯᠪᠠᠰᠤᠷᠠᠬᠤ ᠦᠶ᠎ᠡ ᠳᠤ ᠶᠠᠭᠠᠷᠠᠵᠤ ᠪᠣᠯᠬᠤ ᠥᠬᠡᠶ᠂ ᠤᠷᠢᠳ ᠢᠶᠠᠷ 15 — 20 ᠮᠢᠨᠦ᠋ᠲ ᠪᠡᠯᠡᠳᠭᠡᠯ ᠬᠦᠳᠡᠯᠭᠡᠭᠡᠨ ᠬᠢᠬᠦ ᠶᠢ ᠰᠠᠨᠠᠭᠤᠯᠪᠠ᠃ ᠯᠢᠦ ᠶᠦᠨ ᠪᠥᠸᠧ᠂ ᠨᠠᠰᠤᠲᠠᠶᠢᠴᠤᠳ ᠤᠷᠢᠳ ᠢᠶᠠᠷ ᠪᠡᠶ᠎ᠡ ᠪᠠᠨ ᠬᠥᠳᠡᠯᠭᠡᠵᠦ᠂ ᠨᠢᠷᠤᠭᠤ ᠪᠠᠨ ᠮᠤᠰᠭᠢᠨ᠂ ᠬᠥᠯ ᠢᠶᠠᠨ ᠡᠷᠭᠦᠵᠦ᠂ ᠪᠤᠯᠴᠢᠩ ᠢᠶᠠᠨ ᠰᠤᠯᠠᠳᠬᠠᠨ᠂ ᠦᠶ᠎ᠡ ᠭᠡᠰᠢᠭᠦᠦ ᠪᠠᠨ ᠬᠥᠳᠡᠯᠭᠡᠬᠦ ᠨᠢ ᠤᠭᠵᠤᠮ ᠬᠦᠳᠡᠯᠬᠦ ᠠᠴᠠ ᠪᠣᠯᠤᠭᠰᠠᠨ ᠪᠤᠯᠵᠤᠵᠤ ᠭᠡᠮᠳᠦᠬᠦ ᠠᠶᠤᠯ ᠠᠴᠠ ᠰᠡᠷᠬᠡᠶᠢᠯᠡᠵᠦ ᠪᠤᠯᠤᠨ᠎ᠠ ᠭᠡᠵᠦ ᠳᠠᠨᠢᠯᠴᠠᠭᠤᠯᠪᠠ᠃ ᠪᠤᠯᠪᠠᠰᠤᠷᠠᠯ ᠤᠨ ᠳᠠᠷᠠᠭ᠎ᠠ ᠰᠤᠯᠠᠳᠬᠠᠬᠤ ᠬᠦᠳᠡᠯᠭᠡᠭᠡᠨ ᠬᠢᠬᠦ ᠨᠢ ᠪᠤᠯᠪᠠᠰᠤᠷᠠᠯ ᠤᠨ ᠳᠠᠷᠠᠭᠠᠬᠢ ᠡᠪ ᠦᠭᠡᠢ ᠪᠠᠶᠢᠳᠠᠯ ᠢ ᠪᠠᠭᠠᠰᠬᠠᠵᠤ ᠪᠤᠯᠤᠨ᠎ᠠ᠃ ᠬᠡᠳᠦ ᠤᠳᠠᠭᠠᠨ ᠴᠠᠭ ᠪᠤᠯᠪᠠᠰᠤᠷᠠᠬᠤ ᠠᠴᠠ ᠵᠠᠶᠢᠯᠠᠰᠬᠢᠬᠦ — ᠵᠣᠨ ᠤ ᠤᠯᠠᠷᠢᠯ ᠳᠤ ᠪᠤᠯᠪᠠᠰᠤᠷᠠᠯ ᠬᠢᠬᠦ ᠳᠡᠭᠡᠨ ᠬᠡᠮᠵᠢᠶ᠎ᠡ ᠶᠢ ᠠᠩᠬᠠᠷᠬᠤ ᠬᠡᠷᠡᠭᠳᠡᠢ᠂ ᠬᠡᠷᠪᠡ ᠬᠡᠷ ᠤᠨ ᠭᠠᠳᠠᠨ᠎ᠠ ᠪᠣᠯᠪᠠᠰᠤᠷᠠᠪᠠᠯ᠂ ᠬᠥᠳᠡᠯᠭᠡᠭᠡᠨ ᠤ ᠴᠠᠭ ᠢ ᠬᠠᠭᠠᠰ ᠴᠠᠭ ᠠᠴᠠ ᠬᠡᠲᠦᠷᠡᠭᠦᠯᠬᠦ ᠦᠭᠡᠢ ᠪᠠᠶᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠨᠠᠷᠠᠰᠢᠬᠤ ᠠᠴᠠ ᠰᠡᠷᠭᠡᠶᠢᠯᠡᠬᠦ ᠬᠡᠷᠡᠭᠲᠡᠶ᠃ ︵︽ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ︾ ᠠᠴᠠ ᠰᠢᠯᠵᠢᠬᠦᠯᠪᠡ︶   
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号