ᠢᠦᠢ ᠵᠢᠢ ᠱᠦᠨ ᠨᠡᠷ ᠱᠠᠩᠬᠠᠢ ᠬᠤᠳᠠ ᠳᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/10/17
        10 ᠳ᠋ᠤᠭᠠᠷ ᠰᠠᠷ᠎ᠠ ᠶᠢᠨ 11 ᠤ ᠡᠳᠦᠷ ᠠᠴᠠ 13 ᠤ ᠡᠳᠦᠷ ᠪᠣᠯᠲᠠᠯ᠎ᠠ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠠᠩᠭᠢ ᠳᠠᠭᠠᠭᠤᠯᠤᠨ ᠱᠠᠩᠬᠠᠶ ᠬᠤᠲᠠ ᠳᠤ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃    ᠢᠦᠶ ᠵᠢᠶ ᠱᠦᠨ ᠥᠪᠥᠷ ᠮᠣᠩᠭᠤᠯ ᠤᠨ ᠱᠠᠩᠬᠠᠶ ᠳᠤ ᠰᠠᠭᠤᠭ᠎ᠠ ᠬᠡᠷᠡᠭ ᠡᠷᠬᠢᠯᠡᠬᠦ ᠭᠠᠵᠠᠷ᠂ ᠱᠠᠩᠬᠠᠶ ᠬᠤᠲᠠ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠪᠣᠯᠤᠨ ᠬᠤᠪᠸᠢ ᠮᠤᠵᠢ ᠶᠢᠨ ᠱᠠᠩᠬᠠᠶ ᠳᠤ ᠰᠠᠭᠤᠭ᠎ᠠ ᠬᠡᠷᠡᠭ ᠡᠷᠬᠢᠯᠡᠬᠦ ᠭᠠᠵᠠᠷ᠂ ᠱᠠᠩᠬᠠᠶ ᠬᠤᠲᠠ ᠶᠢᠨ ᠬᠤᠪᠸᠢ ᠶᠢᠨ ᠬᠤᠳᠠᠯᠳᠤᠭᠠᠴᠢᠳ ᠤᠨ ᠡᠪᠯᠡᠯ ᠤᠨ ᠭᠤᠣᠯ ᠬᠠᠷᠢᠭᠤᠴᠠᠯᠭᠠᠲᠠᠨ ᠲᠠᠢ ᠠᠭᠤᠯᠵᠠᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢ ᠲᠥᠯᠥᠭᠡᠯᠡᠨ ᠱᠠᠩᠬᠠᠶ ᠳᠤ ᠰᠠᠭᠤᠭ᠎ᠠ ᠬᠤᠯᠪᠣᠭᠳᠠᠯ ᠪᠥᠬᠦᠶ ᠪᠠᠶᠢᠭᠤᠯᠤᠮᠵᠢ ᠪᠠ ᠬᠤᠳᠠᠯᠳᠤᠭᠠᠴᠢᠳ ᠤᠨ ᠡᠪᠯᠡᠯ ᠤᠨ ᠣᠷᠳᠣ ᠬᠤᠭᠤᠴᠠᠭᠠᠨ ᠤ ᠲᠤᠷᠰᠢ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠠᠪᠰᠤᠷᠤᠯᠭ᠎ᠠ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠠᠵᠤ ᠦᠢᠯᠡᠰ ᠤᠨ ᠬᠤᠳᠠᠯᠳᠤᠭᠠᠴᠢᠨ ᠤᠷᠢᠬᠤ᠂ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ᠂ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠪᠠ ᠪᠣᠷᠣᠯᠠᠭᠤᠯᠭ᠎ᠠ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠶ ᠰᠣᠯᠢᠯᠴᠠᠵᠤ᠂ ᠬᠤᠯᠪᠣᠭᠳᠠᠯ ᠪᠥᠬᠦᠶ ᠬᠠᠮᠲᠤ ᠶᠢᠨ ᠲᠠᠨᠢᠯᠲᠠ ᠲᠠᠢ ᠪᠣᠯᠪᠠ᠃    ᠢᠦᠢ ᠵᠢᠢ ᠱᠦᠨ ᠪᠠᠰᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠱᠠᠩᠬᠠᠢ ᠶᠢᠨ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠢ ᠰᠢᠨᠵᠢᠯᠡᠨ ᠪᠠᠶᠢᠴᠠᠭᠠᠭᠰᠠᠨ ᠪᠥᠭᠡᠳ ᠳᠤᠮᠳᠠᠳᠤ ᠤᠯᠤᠰ ᠤᠨ ᠮᠠᠰᠢᠨ ᠲᠡᠷᠭᠡᠨ ᠤ ᠵᠦᠵᠸᠦ ᠴᠠᠬᠢᠯᠭᠠᠨ ᠬᠦᠴᠦᠨ ᠤ ᠪᠤᠬ᠎ᠠ ᠲᠡᠷᠭᠡᠨ ᠤ ᠰᠤᠳᠤᠯᠭᠠᠨ ᠤ ᠭᠠᠵᠠᠷ ᠤᠨ ᠬᠢᠵᠠᠭᠠᠷᠲᠤ ᠺᠣᠮᠫᠠᠨᠢ᠂ ᠱᠠᠩᠬᠠᠢ ᠶᠢᠨ ᠯᠠᠨ ᠽᠧ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠰᠠᠯᠬᠢᠨ ᠬᠦᠴᠦᠨ ᠤ ᠴᠠᠬᠢᠯᠭᠠᠨ ᠤ ᠨᠡᠭᠡᠭᠡᠨ ᠬᠥᠭᠵᠢᠭᠦᠯᠦᠯᠲᠡ ᠵᠢᠴᠢ ᠳᠤᠤᠷᠠᠳᠤ ᠤᠷᠤᠰᠬᠠᠯ ᠤᠨ ᠪᠠᠭᠲᠠᠭᠠᠨ ᠰᠢᠩᠭᠡᠭᠡᠬᠦ ᠲᠦᠷᠦᠯ ᠵᠦᠢᠯ ᠤᠨ ᠲᠣᠭᠤᠷᠢᠨ ᠳᠤ ᠭᠦᠨᠵᠡᠭᠡᠢ ᠰᠣᠯᠢᠯᠴᠠᠭ᠎ᠠ ᠬᠢᠵᠦ᠂ ᠳᠠᠷᠠᠭᠠᠴᠢ ᠶᠢᠨ ᠠᠯᠬᠤᠮ ᠤᠨ ᠬᠠᠮᠲᠤᠷᠠᠯᠴᠠᠭᠠᠨ ᠤ ᠲᠦᠷᠦᠯ ᠵᠦᠢᠯ ᠢ ᠠᠬᠢᠭᠤᠯᠬᠤ ᠲᠠᠯ᠎ᠠ ᠪᠠᠷ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠵᠠᠢ     ᠰᠢᠶᠠᠩ ᠶᠤᠸᠠᠨ ᠰᠲ᠋ᠣᠺ ᠡᠵᠡᠮᠳᠡᠬᠦ ᠪᠦᠯᠦᠭᠯᠡᠯ᠂  ᠰᠢᠶᠧ ᠴᠧᠩ ᠪᠦᠯᠦᠭᠯᠡᠯ ᠳᠤ᠂ ᠬᠤᠶᠠᠷ ᠲᠠᠯ᠎ᠠ ᠪᠠᠷ ᠢᠶᠠᠨ ᠰᠣᠶᠣᠯ ᠵᠤᠭᠠᠴᠠᠯ ᠤᠨ ᠠᠵᠤ ᠦᠢᠯᠡᠰ ᠤᠨ ᠳᠡᠰ ᠳᠡᠪᠰᠢᠬᠦ᠂ ᠵᠤᠭᠠᠴᠠᠯ ᠤᠨ ᠦᠢᠯᠡᠰ ᠤᠨ ᠬᠡᠯᠪᠡᠷᠢ ᠶᠢ ᠨᠡᠭᠡᠭᠡᠨ ᠬᠥᠭᠵᠢᠭᠦᠯᠵᠦ ᠴᠣᠭᠴᠠᠯᠠᠬᠤ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠵᠣᠯᠭᠠᠭᠤᠯᠵᠤ᠂ ᠣᠷᠣᠨ ᠨᠤᠲᠤᠭ ᠤᠨ ᠪᠠᠶᠢᠭᠠᠯᠢ ᠶᠢᠨ ᠲᠥᠷᠥᠯᠬᠢ ᠠᠪᠢᠶᠠᠰ ᠪᠣᠯᠤᠨ ᠠᠵᠤ ᠠᠬᠤᠶᠢᠯᠠᠯ ᠤᠨ ᠮᠡᠷᠭᠡᠵᠢᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠦᠷᠦᠯ ᠵᠦᠢᠯ ᠤᠨ ᠬᠠᠮᠲᠤᠷᠠᠯᠴᠠᠭ᠎ᠠ᠂ ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠬᠤ ᠪᠠᠷ ᠳᠠᠮᠵᠢᠭᠤᠯᠵᠤ᠂ ᠬᠢᠩᠭᠠᠨ ᠠᠶᠢᠮᠠᠭ ᠤᠨ ᠰᠣᠶᠣᠯ ᠵᠤᠭᠠᠴᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃    ᠰᠦᠨ ᠱᠦ ᠲᠤᠤ ᠵᠢᠴᠢ ᠬᠤᠯᠪᠣᠭᠳᠠᠯ ᠪᠥᠬᠦᠶ ᠬᠤᠰᠢᠭᠤ ᠰᠢᠶᠠᠨ ᠬᠤᠲᠠ᠂ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠲᠣᠰ ᠲᠣᠰ ᠬᠤᠯᠪᠣᠭᠳᠠᠯ ᠪᠥᠬᠦᠶ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠪᠠ᠃ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号