ᠨᠡᠶᠢᠲᠡᠯᠡᠭᠰᠡᠨ ᠴᠠᠭ᠄ 2024/10/24 ᠰᠢᠨᠬᠤᠸᠠ ᠬᠤᠷᠢᠶ᠎ᠠ ᠶᠢᠨ ᠤᠷᠤᠰ ᠤᠨ ᠺᠠᠽᠠᠨ ᠤ 10 | ᠰᠠᠷ᠎ᠠ ᠶᠢᠨ 23 ᠤ ᠴᠠᠭᠢᠯᠭᠠᠨ ᠮᠡᠳᠡᠭᠡ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ᠄ ᠨᠢᠢ ᠰᠧ ᠢ ᠬᠤ᠋ ᠰᠢᠶᠣᠣ | ᠭᠤᠸᠠᠩ︶ ᠲᠤᠬᠠᠢ ᠶᠢᠨ ᠭᠠᠵᠠᠷ ᠤᠨ ᠴᠠᠭ ᠢᠶᠠᠷ 10 ᠰᠠᠷ᠎ᠠ ᠶᠢᠨ 23 ᠤ ᠦᠳᠡ ᠶᠢᠨ ᠡᠮᠦᠨ᠎ᠡ᠂ ᠠᠯᠳᠠᠨ | ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠠᠷᠪᠠᠨ ᠵᠢᠷᠭᠤᠳᠤᠭᠠᠷ ᠤᠳᠠᠭ᠎ᠠ ᠶᠢᠨ ᠠᠭᠤᠯᠵᠠᠯᠲᠠ | ᠺᠠᠽᠠᠨ ᠤ ᠬᠤᠷᠠᠯ ᠦᠵᠡᠰᠭᠦᠯᠡᠩ ᠤᠨ ᠲᠥᠪ ᠲᠤ ᠶᠠᠪᠤᠭᠳᠠᠪᠠ᠃ ᠤᠷᠤᠰ ᠤᠨ ᠶᠡᠷᠦᠩᠬᠡᠶᠢᠯᠡᠭᠴᠢ ᠫᠦᠲ᠋ᠢᠨ | ᠠᠭᠤᠯᠵᠠᠯᠲᠠ ᠶᠢ ᠡᠷᠭᠢᠯᠡᠪᠡ᠃ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ᠂ ᠪᠷᠠᠽᠢᠯ ᠤᠨ | ᠶᠡᠷᠦᠩᠬᠡᠶᠢᠯᠡᠭᠴᠢ ᠯᠦᠯᠠ ︵ᠰᠦᠯᠵᠢᠶ᠎ᠡ ᠪᠠᠷ︶᠂ ᠶᠧᠵᠢᠫᠲ ᠤᠨ ᠶᠡᠷᠦᠩᠬᠡᠶᠢᠯᠡᠭᠴᠢ ᠰᠠᠶᠢᠰᠢ᠂ ᠡᠸ᠋ᠽᠢᠤᠫᠢᠶ᠎ᠠ ᠶᠢᠨ | ᠶᠡᠷᠦᠩᠬᠡᠢ ᠰᠠᠶᠢᠳ ᠠᠪᠢ᠂ ᠡᠨᠡᠳᠬᠡᠭ ᠤᠨ ᠶᠡᠷᠦᠩᠬᠡᠢ ᠰᠠᠶᠢᠳ ᠮᠦᠸᠧᠳᠢ᠂ ᠢᠷᠡᠨ ᠤ ᠶᠡᠷᠦᠩᠬᠡᠶᠢᠯᠡᠭᠴᠢ | ᠫᠧᠽᠧᠱᠺᠢᠶᠠᠨ᠂ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ᠂ ᠠᠷᠠᠪ ᠤᠨ ᠬᠤᠯᠪᠣᠭᠠᠲᠤ ᠠᠬᠠᠮᠠᠳᠲᠤ | ᠤᠯᠤᠰ ᠤᠨ ᠶᠡᠷᠦᠩᠬᠡᠶᠢᠯᠡᠭᠴᠢ ᠮᠦᠬᠠᠨᠮᠦᠳ᠋ ᠨᠠᠷ ᠣᠷᠣᠯᠴᠠᠵᠠᠢ᠃ ᠰᠢ ᠶᠢᠨ ᠫᠢᠩ ᠡᠩ ᠲᠡᠷᠢᠭᠦᠨ ᠳᠤ ᠪᠠᠭ᠎ᠠ | ᠬᠡᠪᠴᠢᠶᠡᠨ ᠤ ᠬᠤᠷᠠᠯ ᠳᠤ ᠣᠷᠣᠯᠴᠠᠪᠠ᠃ | ᠲᠤᠬᠠᠢ ᠶᠢᠨ ᠭᠠᠵᠠᠷ ᠤᠨ ᠴᠠᠭ ᠢᠶᠠᠷ 10 ᠰᠠᠷ᠎ᠠ ᠶᠢᠨ 23 ᠤ ᠦᠳᠡ ᠶᠢᠨ ᠡᠮᠦᠨ᠎ᠡ᠂ ᠠᠯᠳᠠᠨ ᠲᠣᠭᠤᠰᠭ᠋᠎ᠠ | ᠤᠯᠤᠰ ᠤᠳ ᠤᠨ ᠤᠳᠤᠷᠢᠳᠬᠤ ᠬᠥᠮᠥᠰ ᠤᠨ ᠠᠷᠪᠠᠨ ᠵᠢᠷᠭᠤᠳᠤᠭᠠᠷ ᠤᠳᠠᠭ᠎ᠠ ᠶᠢᠨ ᠠᠭᠤᠯᠵᠠᠯᠲᠠ ᠺᠠᠽᠠᠨ ᠤ ᠬᠤᠷᠠᠯ | ᠦᠵᠡᠰᠭᠦᠯᠡᠩ ᠤᠨ ᠲᠥᠪ ᠲᠤ ᠶᠠᠪᠤᠭᠳᠠᠪᠠ᠃ ᠤᠷᠤᠰ ᠤᠨ ᠶᠡᠷᠦᠩᠬᠡᠶᠢᠯᠡᠭᠴᠢ ᠫᠦᠲ᠋ᠢᠨ ᠠᠭᠤᠯᠵᠠᠯᠲᠠ ᠶᠢ ᠡᠷᠭᠢᠯᠡᠪᠡ᠃ | ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ᠂ ᠪᠷᠠᠽᠢᠯ ᠤᠨ ᠶᠡᠷᠦᠩᠬᠡᠶᠢᠯᠡᠭᠴᠢ ᠯᠦᠯᠠ ︵ | ᠰᠦᠯᠵᠢᠶ᠎ᠡ ᠪᠠᠷ︶᠂ ᠶᠧᠵᠢᠫᠲ ᠤᠨ ᠶᠡᠷᠦᠩᠬᠡᠶᠢᠯᠡᠭᠴᠢ ᠰᠠᠶᠢᠰᠢ᠂ ᠡᠸ᠋ᠽᠢᠤᠫᠢᠶ᠎ᠠ ᠶᠢᠨ ᠶᠡᠷᠦᠩᠬᠡᠢ ᠰᠠᠶᠢᠳ ᠠᠪᠢ᠂ | ᠡᠨᠡᠳᠬᠡᠭ ᠤᠨ ᠶᠡᠷᠦᠩᠬᠡᠢ ᠰᠠᠶᠢᠳ ᠮᠦᠸᠧᠳᠢ᠂ ᠢᠷᠡᠨ ᠤ ᠶᠡᠷᠦᠩᠬᠡᠶᠢᠯᠡᠭᠴᠢ ᠫᠧᠽᠧᠱᠺᠢᠶᠠᠨ᠂ ᠡᠮᠦᠨᠡᠲᠦ | ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ᠂ ᠠᠷᠠᠪ ᠤᠨ ᠬᠤᠯᠪᠣᠭᠠᠲᠤ ᠠᠬᠠᠮᠠᠳᠲᠤ ᠤᠯᠤᠰ ᠤᠨ ᠶᠡᠷᠦᠩᠬᠡᠶᠢᠯᠡᠭᠴᠢ | ᠮᠦᠬᠠᠨᠮᠦᠳ᠋ ᠨᠠᠷ ᠣᠷᠣᠯᠴᠠᠵᠠᠢ᠃ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠲᠤᠬᠠᠢ ᠶᠢᠨ ᠭᠠᠵᠠᠷ ᠤᠨ ᠴᠠᠭ ᠢᠶᠠᠷ 10 ᠰᠠᠷ᠎ᠠ ᠶᠢᠨ 23 ᠤ ᠦᠳᠡ ᠶᠢᠨ ᠡᠮᠦᠨ᠎ᠡ᠂ ᠠᠯᠳᠠᠨ ᠲᠣᠭᠤᠰᠭ᠋᠎ᠠ | ᠤᠯᠤᠰ ᠤᠳ ᠤᠨ ᠤᠳᠤᠷᠢᠳᠬᠤ ᠬᠥᠮᠥᠰ ᠤᠨ ᠠᠷᠪᠠᠨ ᠵᠢᠷᠭᠤᠳᠤᠭᠠᠷ ᠤᠳᠠᠭ᠎ᠠ ᠶᠢᠨ ᠠᠭᠤᠯᠵᠠᠯᠲᠠ ᠺᠠᠽᠠᠨ ᠤ ᠬᠤᠷᠠᠯ | ᠦᠵᠡᠰᠭᠦᠯᠡᠩ ᠤᠨ ᠲᠥᠪ ᠲᠤ ᠶᠠᠪᠤᠭᠳᠠᠪᠠ᠃ ᠤᠷᠤᠰ ᠤᠨ ᠶᠡᠷᠦᠩᠬᠡᠶᠢᠯᠡᠭᠴᠢ ᠫᠦᠲ᠋ᠢᠨ ᠠᠭᠤᠯᠵᠠᠯᠲᠠ ᠶᠢ ᠡᠷᠭᠢᠯᠡᠪᠡ᠃ | ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ᠂ ᠪᠷᠠᠽᠢᠯ ᠤᠨ ᠶᠡᠷᠦᠩᠬᠡᠶᠢᠯᠡᠭᠴᠢ ᠯᠦᠯᠠ ︵ | ᠰᠦᠯᠵᠢᠶ᠎ᠡ ᠪᠠᠷ︶᠂ ᠶᠧᠵᠢᠫᠲ ᠤᠨ ᠶᠡᠷᠦᠩᠬᠡᠶᠢᠯᠡᠭᠴᠢ ᠰᠠᠶᠢᠰᠢ᠂ ᠡᠸ᠋ᠽᠢᠤᠫᠢᠶ᠎ᠠ ᠶᠢᠨ ᠶᠡᠷᠦᠩᠬᠡᠢ ᠰᠠᠶᠢᠳ ᠠᠪᠢ᠂ | ᠡᠨᠡᠳᠬᠡᠭ ᠤᠨ ᠶᠡᠷᠦᠩᠬᠡᠢ ᠰᠠᠶᠢᠳ ᠮᠦᠸᠧᠳᠢ᠂ ᠢᠷᠡᠨ ᠤ ᠶᠡᠷᠦᠩᠬᠡᠶᠢᠯᠡᠭᠴᠢ ᠫᠧᠽᠧᠱᠺᠢᠶᠠᠨ᠂ ᠡᠮᠦᠨᠡᠲᠦ | ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ᠂ ᠠᠷᠠᠪ ᠤᠨ ᠬᠤᠯᠪᠣᠭᠠᠲᠤ ᠠᠬᠠᠮᠠᠳᠲᠤ ᠤᠯᠤᠰ ᠤᠨ ᠶᠡᠷᠦᠩᠬᠡᠶᠢᠯᠡᠭᠴᠢ | ᠮᠦᠬᠠᠨᠮᠦᠳ᠋ ᠨᠠᠷ ᠣᠷᠣᠯᠴᠠᠵᠠᠢ᠃ ᠵᠢᠷᠤᠭ ᠪᠣᠯ ᠠᠭᠤᠯᠵᠠᠯᠲᠠ ᠶᠢᠨ ᠬᠤᠭᠤᠴᠠᠭᠠᠨ ᠳᠤ ᠠᠯᠳᠠᠨ ᠲᠣᠭᠤᠰᠭ᠋᠎ᠠ | ᠤᠯᠤᠰ ᠤᠳ ᠤᠨ ᠤᠳᠤᠷᠢᠳᠬᠤ ᠬᠥᠮᠥᠰ ᠬᠠᠮᠲᠤ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ᠃ ᠰᠢᠨᠬᠤᠸᠠ | ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ ᠰᠢ ᠶᠢᠨ ᠫᠢᠩ ᠰᠢᠨ᠎ᠡ ᠪᠦᠷᠢᠯᠳᠦᠭᠦᠨ | ᠨᠠᠷ ᠤᠨ ᠠᠯᠳᠠᠨ ᠲᠣᠭᠤᠰᠭ᠋᠎ᠠ ᠤᠯᠤᠰ ᠤᠳ ᠤᠨ ᠶᠡᠭᠡ ᠭᠡᠷ ᠪᠦᠯᠢ ᠳᠤ ᠣᠷᠣᠯᠴᠠᠬᠰᠠᠨ ᠵᠢᠴᠢ ᠠᠷᠪᠢᠨ ᠤᠯᠤᠰ ᠢ | ᠤᠷᠢᠵᠤ ᠠᠯᠳᠠᠨ ᠲᠣᠭᠤᠰᠭ᠋᠎ᠠ ᠤᠯᠤᠰ ᠤᠳ ᠤᠨ ᠬᠠᠨᠢᠲᠠᠨ ᠤᠯᠤᠰ ᠪᠣᠯᠤᠭᠰᠠᠨ ᠢ ᠪᠠᠶᠠᠷᠯᠠᠨ ᠤᠭᠲᠤᠪᠠ᠃ ᠰᠢ ᠶᠢᠨ | ᠫᠢᠩ᠂ ᠪᠦᠷᠢᠯᠳᠦᠭᠦᠨ ᠢᠶᠠᠨ ᠥᠷᠭᠡᠳᠬᠡᠬᠦ ᠪᠣᠯ ᠠᠯᠳᠠᠨ ᠲᠣᠭᠤᠰᠭ᠋᠎ᠠ ᠤᠯᠤᠰ ᠤᠳ ᠤᠨ ᠬᠥᠭᠵᠢᠯᠲᠡ ᠶᠢᠨ ᠲᠡᠦᠬᠡᠨ | ᠳᠡᠭᠡᠷᠡᠬᠢ ᠴᠢᠬᠤᠯᠠ ᠬᠥᠰᠢᠶ᠎ᠡ ᠲᠡᠮᠳᠡᠭ ᠪᠣᠯᠣᠨ᠎ᠠ᠂ ᠪᠠᠰᠠ ᠴᠤ ᠤᠯᠠᠨ ᠤᠯᠤᠰ ᠤᠨ ᠪᠠᠶᠢᠷᠢᠰᠢᠯ ᠤᠨ | ᠬᠤᠪᠢᠰᠤᠯᠲᠠ ᠶᠢᠨ ᠪᠡᠯᠭᠡ ᠲᠡᠮᠳᠡᠭ ᠤᠨ ᠴᠢᠨᠠᠷᠲᠠᠢ ᠬᠡᠷᠡᠭ ᠶᠠᠪᠤᠳᠠᠯ ᠪᠣᠯᠣᠨ᠎ᠠ᠃ ᠠᠯᠳᠠᠨ ᠲᠣᠭᠤᠰᠭ᠋᠎ᠠ | ᠤᠯᠤᠰ ᠤᠳ ᠤᠨ ᠬᠠᠮᠲᠤᠷᠠᠯᠴᠠᠭ᠎ᠠ ᠨᠢ ᠬᠠᠮᠲᠤ ᠶᠢᠨ ᠬᠥᠭᠡᠭᠡᠴᠡᠯᠳᠦᠯ ᠳᠤ ᠰᠠᠭᠤᠷᠢᠯᠠᠵᠤ᠂ ᠳᠡᠯᠡᠬᠡᠢ ᠶᠢᠨ ᠡᠩᠬᠡ | ᠲᠠᠶᠢᠪᠤᠩ ᠪᠣᠯᠣᠨ ᠬᠥᠭᠵᠢᠯᠲᠡ ᠶᠢᠨ ᠶᠡᠭᠡ ᠬᠠᠨᠳᠤᠰᠢ ᠳᠤ ᠨᠡᠶᠢᠴᠡᠵᠦ ᠪᠠᠶᠢᠨ᠎ᠠ᠃ ᠣᠳᠣᠬᠠᠨ ᠳᠤ ᠳᠡᠯᠡᠬᠡᠢ | ᠶᠢᠷᠲᠢᠨᠴᠦ ᠶᠢᠨ ᠵᠠᠭᠤᠨ ᠵᠢᠯ ᠤᠨ ᠬᠤᠪᠢᠰᠤᠯᠲᠠ ᠲᠦᠷᠭᠡᠳᠦᠨ ᠬᠤᠪᠢᠷᠠᠵᠤ᠂ ᠤᠯᠠᠨ ᠲᠦᠢᠯᠰᠢᠷᠠᠯᠲᠠ ᠶᠢᠨ ᠰᠢᠨ᠎ᠡ | ᠪᠠᠶᠢᠳᠠᠯ ᠪᠠᠶᠢᠬᠤ ᠮᠥᠷᠲᠡᠭᠡᠨ ᠪᠠᠰᠠ ︽ᠰᠢᠨ᠎ᠡ ᠬᠦᠢᠲᠡᠨ ᠲᠠᠶᠢᠨ︾ ᠤ ᠲᠦᠭᠰᠢᠭᠦᠷᠢᠲᠦ ᠪᠠᠶᠢᠳᠠᠯ ᠣᠷᠣᠰᠢᠵᠤ | ᠪᠠᠶᠢᠨ᠎ᠠ᠃ ᠠᠯᠳᠠᠨ ᠲᠣᠭᠤᠰᠭ᠋᠎ᠠ ᠤᠯᠤᠰ ᠤᠳ ᠤᠨ ᠬᠢᠨ ᠲᠡᠦᠬᠡ ᠶᠢᠨ ᠠᠵᠠ ᠲᠣᠭᠢᠶᠠᠯ ᠢ ᠡᠵᠡᠮᠳᠡᠵᠦ᠂ ᠲᠡᠦᠬᠡ ᠶᠢᠨ | ᠰᠠᠨᠠᠭᠠᠴᠢᠯᠠᠭᠠᠲᠤ ᠴᠢᠨᠠᠷ ᠢ ᠢᠯᠡᠷᠡᠭᠦᠯᠵᠦ᠂ ᠨᠡᠭᠡᠭᠡᠯᠲᠡᠲᠤ ᠪᠠᠭᠲᠠᠭᠠᠮᠵᠢᠲᠠᠢ᠂ ᠬᠠᠮᠲᠤᠷᠠᠯᠴᠠᠵᠤ ᠬᠠᠮᠲᠤ ᠪᠠᠷ ᠠᠰᠢᠭ | ᠭᠦᠷᠳᠡᠭᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠪᠦᠭᠦ ᠪᠥᠮᠪᠥᠷᠴᠡᠭ ᠤᠨ ᠬᠥᠭᠵᠢᠵᠦ | ᠪᠠᠶᠢᠭ᠎ᠠ ᠤᠯᠤᠰ ᠤᠳ ᠤᠨ ᠬᠥᠭᠵᠢᠨ ᠮᠠᠨᠳᠤᠬᠤ ᠶᠡᠭᠡ ᠬᠠᠨᠳᠤᠰᠢ ᠳᠤ ᠵᠣᠬᠢᠴᠠᠵᠤ᠂ ᠠᠳᠠᠯᠢ ᠲᠠᠯ᠎ᠠ ᠪᠠᠨ ᠡᠷᠢᠵᠦ | ᠵᠥᠷᠢᠶ᠎ᠡ ᠪᠠᠨ ᠦᠯᠡᠳᠡᠭᠡᠬᠦ᠂ ᠨᠢᠭᠡ ᠰᠡᠳᠬᠢᠯ ᠨᠢᠭᠡ ᠵᠣᠷᠢᠭ ᠢᠶᠠᠷ ᠠᠵᠢᠯᠯᠠᠬᠤ ᠶᠢ ᠪᠠᠷᠢᠮᠲᠠᠯᠠᠵᠤ᠂ ᠠᠯᠳᠠᠨ ᠲᠣᠭᠤᠰᠭ᠋᠎ᠠ | ᠤᠯᠤᠰ ᠤᠳ ᠤᠨ ᠬᠠᠮᠲᠤ ᠶᠢᠨ ᠦᠷᠳᠡᠭ ᠢ ᠴᠢᠨᠠᠭᠰᠢᠳᠠ ᠨᠢᠭᠲᠠᠷᠠᠭᠤᠯᠵᠤ᠂ ᠠᠯᠳᠠᠨ ᠲᠣᠭᠤᠰᠭ᠋᠎ᠠ ᠤᠯᠤᠰ ᠤᠳ ᠤᠨ | ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠠᠯᠳᠠᠨ ᠲᠣᠭᠤᠰᠭ᠋᠎ᠠ ᠤᠯᠤᠰ ᠤᠳ ᠤᠨ ᠬᠤᠯᠪᠤᠭᠠᠯᠠᠨ ᠥᠪᠡᠷ ᠢ ᠪᠠᠨ | ᠬᠦᠴᠦᠷᠬᠡᠭᠵᠢᠭᠦᠯᠬᠦ ᠶᠢ ᠠᠬᠢᠭᠤᠯᠵᠤ᠂ ᠠᠯᠳᠠᠨ ᠲᠣᠭᠤᠰᠭ᠋᠎ᠠ ᠤᠯᠤᠰ ᠤᠳ ᠢ ᠪᠦᠭᠦ ᠪᠥᠮᠪᠥᠷᠴᠡᠭ ᠤᠨ ᠬᠥᠭᠵᠢᠵᠦ | ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢ ᠠᠬᠢᠭᠤᠯᠬᠤ ᠭᠤᠣᠯ ᠠᠷᠭ᠎ᠠ ᠵᠠᠮ᠂ ᠪᠦᠭᠦ | ᠪᠥᠮᠪᠥᠷᠴᠡᠭ ᠤᠨ ᠵᠠᠰᠠᠯᠲᠠ ᠶᠢᠨ ᠬᠤᠪᠢᠰᠤᠯᠲᠠ ᠶᠢ ᠠᠬᠢᠭᠤᠯᠬᠤ ᠬᠤᠰᠢᠭᠤᠴᠢ ᠬᠦᠴᠦᠨ ᠪᠣᠯᠭᠠᠨ ᠪᠠᠶᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠡᠯᠡᠬᠡᠢ ᠶᠢᠷᠲᠢᠨᠴᠦ ᠬᠡᠳᠦᠢ ᠣᠷᠤᠭ᠎ᠠ ᠪᠤᠰᠬᠠᠭ᠎ᠠ ᠪᠤᠯᠬᠤ ᠲᠤᠲᠤᠮ ᠪᠢᠳᠡ ᠡᠩᠬᠡ ᠲᠠᠶᠢᠪᠤᠩ | ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠦᠷᠳᠡᠭᠦ ᠲᠤᠭ ᠢ ᠤᠯᠠᠮ ᠥᠨᠳᠥᠷ ᠮᠠᠨᠳᠤᠭᠤᠯᠵᠤ᠂ | ᠠᠯᠲᠠᠨ ᠲᠣᠭᠤᠰᠭ᠋᠎ᠠ ᠤᠯᠤᠰ ᠤᠳ ᠤᠨ ᠥᠩᠭᠡ ᠪᠤᠳᠤᠭ ᠢ ᠥᠳᠬᠡᠷᠡᠭᠦᠯᠵᠦ᠂ ᠠᠯᠲᠠᠨ ᠲᠣᠭᠤᠰᠭ᠋᠎ᠠ | ᠤᠯᠤᠰ ᠤᠳ ᠤᠨ ᠬᠦᠴᠦᠨ ᠢ ᠢᠯᠡᠷᠡᠭᠦᠯᠬᠦ ᠬᠡᠷᠡᠭᠲᠡᠢ᠃ ᠡᠩᠬᠡ ᠲᠠᠶᠢᠪᠤᠩ ᠤᠨ ᠳᠠᠭᠤᠨ ᠢ ᠴᠤᠤᠷᠢᠶᠠᠲᠤᠭᠤᠯᠵᠤ᠂ | ᠶᠠᠷᠢᠯᠴᠠᠭ᠎ᠠ ᠬᠢᠬᠦ ᠠᠴᠠ ᠪᠢᠰᠢ ᠡᠰᠡᠷᠭᠦᠴᠡᠯᠳᠦᠬᠦ ᠦᠭᠡᠢ᠂ ᠬᠠᠨᠢᠲᠠᠨ ᠪᠤᠯᠬᠤ ᠠᠴᠠ ᠪᠢᠰᠢ ᠬᠤᠯᠪᠤᠭ᠎ᠠ ᠦᠯᠦ | ᠪᠠᠶᠢᠭᠤᠯᠬᠤ ᠰᠢᠨ᠎ᠡ ᠮᠠᠶ᠋ᠢᠭ ᠤᠨ ᠠᠮᠤᠷ ᠲᠦᠪᠰᠢᠨ ᠢ ᠰᠠᠨᠠᠭᠠᠴᠢᠯᠠᠶ᠎ᠠ᠃ ᠬᠥᠭᠵᠢᠯᠲᠡ ᠶᠢᠨ ᠵᠠᠮ ᠢ ᠬᠠᠮᠲᠤ ᠪᠠᠷ | ᠡᠷᠢᠯᠬᠢᠯᠡᠵᠦ᠂ ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠴᠢᠯᠡᠯᠲᠡ ᠶᠢ | ᠰᠠᠨᠠᠭᠠᠴᠢᠯᠠᠵᠤ᠂ ᠬᠠᠮᠲᠤ ᠪᠠᠷ ᠬᠥᠭᠵᠢᠬᠦ ᠶᠡᠭᠡ ᠵᠠᠮ ᠢ ᠪᠠᠲᠤ ᠰᠠᠬᠢᠶ᠎ᠠ᠃ ᠬᠠᠮᠲᠤᠷᠠᠯᠴᠠᠭᠠᠨ ᠤ ᠰᠠᠭᠤᠷᠢ ᠪᠠᠨ | ᠪᠠᠬᠢᠵᠢᠭᠦᠯᠵᠦ᠂ ᠬᠥᠳᠡᠭᠡ ᠠᠵᠤ ᠠᠬᠤᠢ᠂ ᠡᠨᠧᠷᠭᠢ᠂ ᠠᠭᠤᠷᠬᠠᠢ ᠶᠢᠨ ᠭᠠᠷᠤᠯᠲᠠ᠂ ᠠᠵᠤ ᠠᠬᠤᠢ ᠠᠷᠠᠯᠵᠢᠶ᠎ᠠ ᠵᠡᠷᠭᠡ | ᠤᠯᠠᠮᠵᠢᠯᠠᠯᠲᠤ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠤ | ᠬᠠᠮᠲᠤᠷᠠᠯᠴᠠᠭ᠎ᠠ ᠪᠠᠨ ᠥᠷᠭᠡᠳᠬᠡᠵᠦ᠂ ᠠᠷᠠᠯᠵᠢᠶᠠᠨ ᠤ ᠪᠡᠯᠡ ᠣᠷᠣᠭᠤᠯᠤᠯᠲᠠ ᠪᠣᠯᠣᠨ ᠮᠥᠩᠭᠦᠨ ᠭᠦᠢᠯᠭᠡᠭᠡᠨ ᠤ | ᠠᠮᠤᠷ ᠲᠦᠪᠰᠢᠨ ᠢ ᠬᠠᠮᠠᠭᠠᠯᠠᠶ᠎ᠠ ᠭᠡᠵᠦ ᠴᠢᠬᠤᠯᠠᠴᠢᠯᠠᠪᠠ᠃ ᠲᠠᠷᠠᠭ᠎ᠠ ᠨᠢ ᠰᠢ ᠶᠢᠨ ᠫᠢᠩ ᠶᠡᠭᠡ ᠬᠡᠪᠴᠢᠶᠡᠨ ᠤ | ᠬᠤᠷᠠᠯ ᠳᠤ ᠣᠷᠣᠯᠴᠠᠵᠤ᠂ ᠢᠷᠡᠭᠡᠳᠦᠢ ᠶᠢᠨ ᠠᠯᠳᠠᠨ ᠲᠣᠭᠤᠰᠭ᠋᠎ᠠ ᠤᠯᠤᠰ ᠤᠳ ᠤᠨ ᠬᠥᠭᠵᠢᠯᠲᠡ ᠶᠢᠨ ᠲᠤᠬᠠᠢ | ᠴᠢᠬᠤᠯᠠ ᠰᠠᠨᠠᠯ ᠳᠤᠷᠠᠳᠴᠤ᠂ ᠲᠠᠪᠤᠨ ᠲᠠᠯ᠎ᠠ ᠶᠢᠨ ᠰᠠᠨᠠᠭᠤᠯᠭ᠎ᠠ ᠳᠤᠷᠠᠳᠪᠠ᠃ ᠰᠢ ᠶᠢᠨ ᠫᠢᠩ᠂ | ᠣᠳᠣᠬᠠᠨ ᠳᠤ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠭᠠᠳ | ᠪᠠᠶᠢᠨ᠎ᠠ᠂ ᠳᠡᠯᠡᠬᠡᠢ ᠶᠢᠨ ᠦᠢᠮᠡᠭᠡᠨ ᠳᠡᠪᠵᠢᠶᠡᠨ ᠢ ᠳᠤᠷ᠎ᠠ ᠪᠠᠷ ᠨᠢ ᠲᠠᠯᠪᠢᠨ᠎ᠠ ᠦᠦ᠂ ᠡᠰᠡᠬᠦᠯ᠎ᠡ ᠲᠡᠭᠦᠨ ᠤ | ᠨᠠᠶᠢᠷᠠᠮᠳᠠᠯ ᠢᠶᠠᠷ ᠬᠥᠭᠵᠢᠬᠦ ᠵᠥᠪ ᠵᠠᠮ ᠳᠠᠭᠠᠨ ᠲᠠᠭᠢᠨ ᠪᠤᠴᠠᠬᠤ ᠶᠢ ᠠᠬᠢᠭᠤᠯᠬᠤ ᠶᠤᠮ ᠦᠦ ᠭᠡᠳᠡᠭ ᠵᠠᠩᠭᠢᠯᠠᠭ᠎ᠠ ᠶᠢᠨ | ᠰᠣᠩᠭᠤᠯᠲᠠ ᠳᠤ ᠲᠤᠯᠭᠠᠷᠠᠵᠤ ᠪᠠᠶᠢᠨ᠎ᠠ᠃ ᠴᠠᠭ ᠦᠶ᠎ᠡ ᠶᠢᠨ ᠰᠠᠯᠬᠢ ᠳᠠᠪᠠᠯᠭᠠᠨ ᠬᠡᠳᠦᠢ ᠶᠡᠭᠡ ᠪᠤᠯᠬᠤ ᠲᠤᠳᠤᠮ᠂ | ᠪᠢᠳᠡ ᠨᠡᠩ ᠢᠯᠡᠭᠦᠦ ᠵᠣᠷᠢᠭᠲᠠᠢ ᠪᠠᠷ ᠤᠷᠤᠰᠬᠠᠯ ᠤᠨ ᠡᠮᠦᠨ᠎ᠡ ᠵᠣᠭᠰᠣᠵᠤ᠂ ᠡᠷᠡᠰ ᠬᠠᠲᠠᠭᠤ ᠵᠣᠷᠢᠭ ᠢᠶᠠᠷ᠂ | ᠵᠣᠷᠢᠭᠲᠠᠢ ᠪᠠᠷ ᠪᠤᠰᠤᠳ ᠠᠴᠠ ᠲᠦᠷᠦᠭᠦᠯᠡᠬᠦ ᠰᠥᠰᠥ ᠵᠣᠷᠢᠭ ᠢᠶᠠᠷ ᠬᠤᠪᠢᠷᠠᠯᠲᠠ ᠶᠢ ᠲᠠᠨᠢᠵᠤ ᠬᠤᠪᠢᠷᠠᠯᠲᠠ ᠶᠢ | ᠠᠷᠭᠠᠴᠠᠭᠠᠬᠤ ᠤᠬᠠᠭᠠᠨ ᠢᠶᠠᠷ ︽ᠲᠣᠮᠣ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ︾ ᠶᠢᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ᠃ — ᠪᠢᠳᠡ ︽ᠡᠩᠬᠡ | ᠲᠠᠶᠢᠪᠤᠩ ᠠᠯᠲᠠᠨ ᠲᠣᠭᠤᠰᠭ᠋᠎ᠠ︾ ᠶᠢ ᠪᠠᠶᠢᠭᠤᠯᠵᠤ᠂ ᠬᠠᠮᠲᠤ ᠶᠢᠨ ᠠᠮᠤᠷ ᠲᠦᠪᠰᠢᠨ ᠤ ᠬᠠᠮᠠᠭᠠᠯᠠᠭᠴᠢ ᠪᠣᠯᠣᠶ᠎ᠠ᠃ | ᠭᠠᠭᠴᠠ ᠬᠦ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ ᠲᠦᠪᠰᠢᠨ ᠤ | ᠦᠵᠡᠯᠲᠡ ᠶᠢ ᠦᠢᠯᠡᠳᠦᠯᠭᠡᠵᠢᠭᠦᠯᠪᠡᠯ ᠰᠠᠶ᠋ᠢ ᠨᠡᠶᠢᠳᠡᠮ ᠤᠨ ᠠᠮᠤᠷ ᠲᠦᠪᠰᠢᠨ ᠤ ᠵᠠᠮ ᠢᠶᠠᠷ ᠵᠠᠮᠨᠠᠵᠤ ᠴᠢᠳᠠᠨ᠎ᠠ᠃ | ᠪᠢᠳᠡ ︽ᠳᠠᠶᠢᠨ ᠤ ᠲᠠᠯᠠᠪᠤᠷ ᠢ ᠭᠠᠳᠠᠭᠰᠢ ᠲᠡᠯᠡᠭᠦ ᠦᠭᠡᠢ᠂ ᠳᠠᠶᠢᠨ ᠤ ᠶᠠᠪᠤᠳᠠᠯ ᠢ ᠳᠡᠰ ᠳᠡᠪᠰᠢᠭᠦᠯᠬᠦ ᠦᠭᠡᠢ᠂ ᠡᠯ᠎ᠡ | ᠲᠠᠯ᠎ᠠ ᠶᠢᠨ ᠬᠢᠨ ᠬᠠᠳᠬᠤᠵᠤ ᠥᠳᠥᠭᠡᠬᠦ ᠦᠭᠡᠢ︾ ᠪᠠᠶᠢᠬᠤ ᠭᠤᠷᠪᠠᠨ ᠵᠠᠷᠴᠢᠮ ᠢ ᠪᠠᠷᠢᠮᠲᠠᠯᠠᠵᠤ᠂ ᠦᠺᠷᠠᠶᠢᠨ ᠤ | ᠬᠢᠮᠤᠷᠠᠯ ᠤᠨ ᠪᠠᠶᠢᠳᠠᠯ ᠢ ᠲᠦᠷᠭᠡᠬᠡᠨ ᠨᠠᠮᠳᠠᠭᠤᠯᠬᠤ ᠶᠢ ᠠᠬᠢᠭᠤᠯᠤᠶ᠎ᠠ᠃ ᠭᠠᠽᠠ ᠣᠷᠣᠨ ᠤ ᠲᠤᠯᠤᠯᠳᠤᠬᠤ ᠪᠠᠨ | ᠳᠠᠷᠦ᠋ᠢᠬᠠᠨ ᠵᠣᠬᠰᠣᠬᠤ ᠶᠢ ᠠᠬᠢᠭᠤᠯᠵᠤ᠂ ᠫᠠᠯᠧᠰᠲ᠋ᠠᠶᠢᠨ ᠤ ᠠᠰᠠᠭᠤᠳᠠᠯ ᠢ ᠪᠦᠭᠦ ᠲᠠᠯ᠎ᠠ ᠪᠠᠷ᠂ ᠲᠥᠪ ᠭᠤᠣᠯᠴᠢ ᠪᠠᠷ | ᠂ ᠤᠳᠠᠭᠠᠨ ᠳᠠᠭᠠᠭᠠᠮᠠᠭᠠᠢ ᠪᠠᠷ ᠰᠢᠢᠳᠪᠦᠷᠢᠯᠡᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠶ᠎ᠠ᠃ — ᠪᠢᠳᠡ | ︽ᠰᠢᠨ᠎ᠡ ᠶᠢ ᠡᠭᠦᠳᠬᠦ ᠠᠯᠳᠠᠨ ᠲᠣᠭᠤᠰᠭ᠋᠎ᠠ︾ ᠶᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ | ᠪᠣᠯᠣᠶ᠎ᠠ᠃ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠠ ᠠᠵᠤ | ᠦᠢᠯᠡᠰ ᠤᠨ ᠬᠤᠪᠢᠰᠤᠯᠲᠠ ᠶᠢᠨ ᠴᠠᠭ ᠦᠶ᠎ᠡ ᠶᠢᠨ ᠠᠯᠬᠤᠭ᠎ᠠ ᠶᠢ ᠴᠢᠩᠭ᠎ᠠ ᠳᠠᠭᠠᠵᠤ᠂ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠶ᠎ᠠ᠃ ᠳᠤᠮᠳᠠᠳᠤ ᠤᠯᠤᠰ ᠣᠶᠢᠷ᠎ᠠ ᠳᠤ ᠳᠤᠮᠳᠠᠳᠤ ᠤᠯᠤᠰ — | ᠠᠯᠳᠠᠨ ᠲᠣᠭᠤᠰᠭ᠋᠎ᠠ ᠤᠯᠤᠰ ᠤᠳ ᠤᠨ ᠵᠣᠬᠢᠶᠠᠮᠠᠯ ᠤᠶᠤᠨ ᠴᠢᠳᠠᠪᠤᠷᠢ ᠶᠢᠨ ᠬᠥᠭᠵᠢᠯᠲᠡ ᠪᠠ ᠬᠠᠮᠲᠤᠷᠠᠯᠴᠠᠭᠠᠨ ᠤ | ᠲᠥᠪ ᠢ ᠪᠠᠶᠢᠭᠤᠯᠵᠤ᠂ ᠠᠯᠳᠠᠨ ᠲᠣᠭᠤᠰᠭ᠋᠎ᠠ ᠤᠯᠤᠰ ᠤᠳ ᠤᠨ ᠭᠦᠨ ᠳᠠᠯᠠᠢ ᠶᠢᠨ ᠡᠬᠢ ᠪᠠᠶᠠᠯᠢᠭ ᠤᠨ ᠤᠯᠠᠨ | ᠤᠯᠤᠰ ᠤᠨ ᠰᠤᠳᠤᠯᠭᠠᠨ ᠤ ᠲᠥᠪ᠂ ᠠᠯᠳᠠᠨ ᠲᠣᠭᠤᠰᠭ᠋᠎ᠠ ᠤᠯᠤᠰ ᠤᠳ ᠤᠨ ᠣᠨᠴᠠᠭᠠᠢ ᠠᠵᠤ ᠠᠬᠤᠢ ᠶᠢᠨ | ᠣᠷᠣᠨ ᠤ ᠳᠤᠮᠳᠠᠳᠤ ᠤᠯᠤᠰ ᠤᠨ ᠬᠠᠮᠲᠤᠷᠠᠯᠴᠠᠭᠠᠨ ᠤ ᠲᠥᠪ᠂ ᠠᠯᠳᠠᠨ ᠲᠣᠭᠤᠰᠭ᠋᠎ᠠ ᠤᠯᠤᠰ ᠤᠳ ᠤᠨ ᠠᠵᠤ | ᠦᠢᠯᠡᠳᠪᠦᠷᠢ ᠶᠢᠨ ᠴᠢᠳᠠᠪᠤᠷᠢ ᠶᠢᠨ ᠳᠤᠮᠳᠠᠳᠤ ᠤᠯᠤᠰ ᠤᠨ ᠲᠥᠪ᠂ ᠠᠯᠳᠠᠨ ᠲᠣᠭᠤᠰᠭ᠋᠎ᠠ ᠤᠯᠤᠰ ᠤᠳ ᠤᠨ | ᠲᠣᠭᠠᠴᠢᠯᠠᠭᠰᠠᠨ ᠠᠵᠤ ᠦᠢᠯᠡᠰ ᠤᠨ ᠠᠮᠢ ᠠᠬᠤᠢ ᠶᠢᠨ ᠬᠠᠮᠲᠤᠷᠠᠯᠴᠠᠭᠠᠨ ᠤ ᠲᠣᠣᠷ ᠢ ᠪᠠᠶᠢᠭᠤᠯᠤᠨ᠎ᠠ᠃ ᠡᠯ᠎ᠡ | ᠲᠠᠯ᠎ᠠ ᠶᠢᠨ ᠬᠢᠨ ᠢᠳᠡᠪᠬᠢᠲᠡᠢ ᠣᠷᠣᠯᠴᠠᠵᠤ ᠶᠢ ᠪᠠᠶᠠᠷᠯᠠᠨ ᠤᠭᠲᠤᠵᠤ ᠪᠠᠶᠢᠨ᠎ᠠ᠃ — ᠪᠢᠳᠡ ︽ᠪᠣᠬᠢᠷᠳᠤᠯ | ᠦᠭᠡᠢ ᠠᠯᠳᠠᠨ ᠲᠣᠭᠤᠰᠭ᠋᠎ᠠ︾ ᠶᠢ ᠪᠠᠶᠢᠭᠤᠯᠵᠤ᠂ ᠦᠷᠭᠦᠯᠵᠢᠯᠡᠬᠦ ᠬᠥᠭᠵᠢᠯᠲᠡ ᠶᠢᠨ ᠦᠢᠯᠡᠳᠦᠯᠭᠡᠵᠢᠭᠦᠯᠦᠭᠴᠢ | ᠪᠣᠯᠣᠶ᠎ᠠ᠃ ᠳᠤᠮᠳᠠᠳᠤ ᠤᠯᠤᠰ ᠤᠨ ᠴᠠᠭᠢᠯᠭᠠᠨ ᠭᠦᠳᠡᠯᠭᠡᠭᠦᠷᠲᠦ ᠮᠠᠰᠢᠨ ᠲᠡᠷᠭᠡ᠂ ᠯᠢᠲ᠋ᠢ ᠴᠡᠨᠡᠭ᠂ ᠭᠡᠷᠡᠯᠴᠢ | ᠴᠡᠨᠡᠭ ᠤᠨ ᠦᠢᠯᠡᠳᠬᠦᠨ ᠵᠡᠷᠭᠡ ᠴᠢᠨᠠᠷ ᠰᠠᠶᠢᠲᠠᠢ ᠦᠢᠯᠡᠳᠪᠦᠷᠢᠯᠡᠯ ᠤᠨ ᠴᠢᠳᠠᠪᠤᠷᠢ ᠨᠢ ᠳᠡᠯᠡᠬᠡᠢ ᠶᠢᠨ ᠪᠣᠬᠢᠷᠳᠤᠯ | ᠦᠭᠡᠢ ᠬᠥᠭᠵᠢᠯᠲᠡ ᠳᠤ ᠴᠢᠬᠤᠯᠠ ᠲᠤᠰᠠᠯᠠᠮᠵᠢ ᠬᠠᠩᠭᠠᠪᠠ᠃ ᠳᠤᠮᠳᠠᠳᠤ ᠤᠯᠤᠰ ᠳᠤᠷᠠᠲᠠᠶ᠎ᠠ ᠲᠣᠰ ᠪᠡᠶ᠎ᠡ ᠶᠢᠨ | ᠳᠠᠪᠠᠭᠤᠯᠢᠭ ᠢᠶᠠᠨ ᠪᠠᠳᠠᠷᠠᠭᠤᠯᠵᠤ᠂ ᠠᠯᠲᠠᠨ ᠲᠣᠭᠤᠰᠭ᠋᠎ᠠ ᠤᠯᠤᠰ ᠤᠳ ᠯᠤᠭ᠎ᠠ ᠪᠣᠬᠢᠷᠳᠤᠯ ᠦᠭᠡᠢ ᠠᠵᠤ ᠦᠢᠯᠡᠰ᠂ | ᠴᠡᠪᠡᠷ ᠡᠨᠧᠷᠭᠢ ᠵᠢᠴᠢ ᠪᠣᠬᠢᠷᠳᠤᠯ ᠦᠭᠡᠢ ᠠᠭᠤᠷᠬᠠᠢ ᠶᠢᠨ ᠭᠠᠷᠤᠯᠲᠠ ᠶᠢᠨ ᠬᠠᠮᠲᠤᠷᠠᠯᠴᠠᠭ᠎ᠠ ᠪᠠᠨ ᠥᠷᠭᠡᠳᠬᠡᠵᠦ᠂ | ᠪᠦᠭᠦ ᠠᠵᠤ ᠦᠢᠯᠡᠰ ᠤᠨ ᠬᠡᠯᠬᠢᠶ᠎ᠡ ᠶᠢᠨ ︽ᠪᠣᠬᠢᠷᠳᠤᠯ ᠦᠭᠡᠢ ᠬᠥᠭᠵᠢᠯᠲᠡ︾ ᠶᠢ ᠠᠬᠢᠭᠤᠯᠵᠤ᠂ | ᠬᠠᠮᠲᠤᠷᠠᠯᠴᠠᠭᠠᠨ ᠤ ︽ᠪᠣᠬᠢᠷᠳᠤᠯ ᠦᠭᠡᠢ ᠬᠡᠮᠵᠢᠶ᠎ᠡ︾ ᠶᠢ ᠲᠡᠭᠦᠯᠳᠡᠷᠵᠢᠭᠦᠯᠵᠦ᠂ ᠬᠥᠭᠵᠢᠯᠲᠡ ᠶᠢᠨ ︽ᠦᠨ᠎ᠡ | ᠥᠷᠲᠡᠭ︾ ᠢ ᠳᠡᠭᠡᠭᠰᠢᠯᠡᠭᠦᠯᠦᠨ᠎ᠡ᠃ — ᠪᠢᠳᠡ ︽ᠲᠥᠪ ᠭᠤᠣᠯᠴᠢ ᠠᠯᠲᠠᠨ ᠲᠣᠭᠤᠰᠭ᠋᠎ᠠ︾ ᠶᠢ | ᠪᠠᠶᠢᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢᠨ ᠳᠠᠭᠠᠭᠤᠯᠤᠭᠴᠢ ᠪᠣᠯᠣᠶ᠎ᠠ | ᠃ ᠤᠯᠠᠨ ᠤᠯᠤᠰ ᠤᠨ ᠬᠦᠴᠦᠨ ᠤ ᠬᠠᠷᠢᠴᠠᠯ ᠶᠠᠭ ᠭᠦᠨᠵᠡᠭᠡᠢ ᠤᠯᠠᠷᠢᠨ ᠬᠤᠪᠢᠷᠠᠵᠤ ᠪᠠᠶᠢᠨ᠎ᠠ᠂ ᠭᠡᠪᠡᠴᠦ ᠪᠦᠭᠦ | ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠤᠷᠳᠤ ᠬᠤᠭᠤᠴᠠᠭ᠎ᠠ ᠪᠠᠷ ᠬᠤᠴᠣᠷᠴᠤ ᠪᠠᠶᠢᠨ᠎ᠠ᠃ | ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ | ᠬᠠᠮᠲᠤ ᠪᠠᠷ ᠡᠳ᠋ᠯᠡᠬᠦ ᠪᠦᠭᠦ ᠪᠥᠮᠪᠥᠷᠴᠡᠭ ᠤᠨ ᠵᠠᠰᠠᠯᠲᠠ ᠶᠢᠨ ᠦᠵᠡᠯᠲᠡ ᠶᠢ ᠪᠠᠷᠢᠮᠲᠠᠯᠠᠵᠤ᠂ ᠲᠥᠪ ᠭᠤᠣᠯᠴᠢ | ᠰᠢᠳᠤᠷᠭᠤ ᠶᠣᠰᠣ᠂ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠪᠠᠷ ᠣᠶᠢᠯᠠᠭᠠᠭᠳᠠᠬᠤᠨ ᠪᠤᠯᠭᠠᠵᠤ ᠪᠦᠭᠦ | ᠪᠥᠮᠪᠥᠷᠴᠡᠭ ᠤᠨ ᠵᠠᠰᠠᠯᠲᠠ ᠶᠢᠨ ᠥᠭᠡᠷᠡᠴᠢᠯᠡᠯᠲᠡ ᠶᠢ ᠬᠥᠲᠥᠯᠥᠨ ᠳᠠᠭᠠᠭᠤᠯᠵᠤ᠂ ᠬᠥᠭᠵᠢᠵᠦ ᠪᠠᠶᠢᠭ᠎ᠠ | ᠤᠯᠤᠰ ᠤᠳ ᠤᠨ ᠪᠦᠭᠦ ᠪᠥᠮᠪᠥᠷᠴᠡᠭ ᠤᠨ ᠵᠠᠰᠠᠯᠲᠠ ᠳᠠᠬᠢ ᠲᠥᠯᠥᠭᠡᠯᠡᠬᠦ ᠴᠢᠨᠠᠷ ᠪᠠ ᠦᠭᠡ ᠬᠡᠯᠡᠬᠦ ᠡᠷᠬᠡ ᠶᠢ | ᠳᠡᠭᠡᠭᠰᠢᠯᠡᠭᠦᠯᠦᠶ᠎ᠡ᠃ ᠮᠥᠩᠭᠦᠨ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠶᠢ | ᠠᠬᠢᠭᠤᠯᠵᠤ᠂ ᠥᠨᠳᠥᠷ ᠲᠦᠪᠰᠢᠨ ᠪᠦᠬᠦᠢ ᠮᠥᠩᠭᠦᠨ ᠭᠦᠢᠯᠭᠡᠭᠡᠨ ᠤ ᠠᠮᠤᠷ ᠲᠦᠪᠰᠢᠨ ᠢ ᠬᠠᠮᠠᠭᠠᠯᠠᠵᠤ᠂ ᠰᠢᠨ᠎ᠡ | ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠯᠠᠨ ᠤᠯᠤᠰ ᠤᠨ | ᠮᠥᠩᠭᠦᠨ ᠭᠦᠢᠯᠭᠡᠭᠡᠨ ᠤ ᠰᠢᠰᠲ᠋ᠧᠮ ᠤᠨ ᠳᠡᠯᠡᠬᠡᠢ ᠶᠢᠨ ᠠᠵᠤ ᠠᠬᠤᠢ ᠶᠢᠨ ᠪᠠᠶᠢᠷᠢᠰᠢᠯ ᠤᠨ ᠬᠤᠪᠢᠷᠠᠯᠲᠠ ᠶᠢ ᠨᠡᠩ | ᠰᠠᠶᠢᠲᠤᠷ ᠲᠤᠰᠬᠠᠬᠤ ᠶᠢ ᠠᠬᠢᠭᠤᠯᠤᠶ᠎ᠠ᠃ — ᠪᠢᠳᠠ ︽ᠰᠣᠶᠣᠯ ᠢᠷᠭᠡᠨᠰᠢᠯ ᠤᠨ ᠠᠯᠳᠠᠨ ᠲᠣᠭᠤᠰᠭ᠋᠎ᠠ︾ | ᠶᠢ ᠪᠠᠶᠢᠭᠤᠯᠵᠤ᠂ ᠪᠣᠯᠪᠠᠰᠤᠨ ᠪᠠ ᠬᠠᠮᠲᠤ ᠣᠷᠣᠰᠢᠬᠤ ᠶᠢᠨ ᠰᠠᠨᠠᠭᠠᠴᠢᠯᠠᠭᠴᠢ ᠪᠣᠯᠣᠶ᠎ᠠ᠃ ᠲᠦᠷᠦ ᠶᠢ ᠵᠠᠰᠠᠵᠤ | ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠠᠳᠠᠯᠢ ᠪᠤᠰᠤ ᠪᠣᠯᠪᠠᠰᠤᠨ ᠢ | ᠰᠣᠯᠪᠢᠴᠠᠭᠤᠯᠤᠨ ᠭᠡᠷᠡᠯ ᠭᠢᠯᠪᠠᠭ᠎ᠠ ᠰᠠᠴᠤᠷᠠᠭᠤᠯᠵᠤ᠂ ᠠᠯᠳᠠᠨ ᠲᠣᠭᠤᠰᠭ᠋᠎ᠠ ᠤᠯᠤᠰ ᠤᠳ ᠤᠨ ᠤᠷᠤᠭᠰᠢᠯᠠᠯᠲᠠ ᠶᠢᠨ | ᠵᠠᠮ ᠢ ᠭᠡᠷᠡᠯᠳᠦᠭᠦᠯᠤᠶᠠ᠃ ᠲᠤᠮᠳᠠᠳᠤ ᠤᠯᠤᠰ ᠤᠨ ᠳᠤᠷᠠᠳᠤᠭᠰᠠᠨ ᠠᠯᠳᠠᠨ ᠲᠣᠭᠤᠰᠭ᠋᠎ᠠ ᠤᠯᠤᠰ ᠤᠳ ᠤᠨ | ᠲᠣᠭᠠᠴᠢᠯᠠᠭᠰᠠᠨ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠰᠠᠨᠠᠭᠠᠴᠢᠯᠠᠭ᠎ᠠ ᠨᠢᠭᠡᠨᠲᠡ ᠨᠠᠶᠢᠳᠠᠪᠤᠷᠢᠵᠢᠭᠤᠯᠤᠭᠳᠠᠵᠤ | ᠂ ᠠᠯᠲᠠᠨ ᠲᠣᠭᠤᠰᠭ᠋᠎ᠠ ᠤᠯᠤᠰ ᠤᠳ ᠤᠨ ᠲᠣᠭᠠᠴᠢᠯᠠᠭᠰᠠᠨ ᠰᠤᠷᠭᠠᠨ ᠬᠥᠮᠦᠵᠢᠯ ᠤᠨ ᠴᠢᠳᠠᠪᠤᠷᠢ ᠶᠢᠨ | ᠪᠠᠶᠢᠭᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠵᠦ᠂ ᠢᠷᠡᠬᠦ 5 ᠵᠢᠯ ᠳᠤ ᠠᠯᠲᠠᠨ ᠲᠣᠭᠤᠰᠭ᠋᠎ᠠ ᠤᠯᠤᠰ ᠤᠳ ᠲᠤ | 10 ᠭᠠᠳᠠᠭᠠᠳᠤ ᠳᠤ ᠰᠤᠷᠤᠯᠴᠠᠬᠤ ᠲᠥᠪ ᠪᠠᠶᠢᠭᠤᠯᠵᠤ᠂ 1000 ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ | ᠠᠵᠢᠯᠲᠠᠨ ᠪᠣᠯᠣᠨ ᠪᠠᠭᠰᠢ ᠰᠤᠷᠤᠬᠴᠢᠳ ᠲᠤ ᠪᠣᠯᠪᠠᠰᠤᠷᠠᠯ ᠤᠨ ᠲᠣᠭᠢᠶᠠᠯ ᠬᠠᠩᠭᠠᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠳᠤᠮᠳᠠᠳᠤ ᠤᠯᠤᠰ ᠳᠤᠷᠠᠲᠠᠶ᠎ᠠ ᠠᠯᠳᠠᠨ ᠲᠣᠭᠤᠰᠭ᠋᠎ᠠ | ᠤᠯᠤᠰ ᠤᠳ ᠤᠨ ᠡᠯ᠎ᠡ ᠤᠯᠤᠰ ᠯᠤᠭ᠎ᠠ ᠬᠠᠮᠲᠤ ᠪᠠᠷ ︽ᠲᠣᠮᠣ ᠠᠯᠳᠠᠨ ᠲᠣᠭᠤᠰᠭ᠋᠎ᠠ ᠤᠯᠤᠰ ᠤᠳ ᠤᠨ | ᠬᠠᠮᠲᠤᠷᠠᠯᠴᠠᠭ᠎ᠠ︾ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠴᠦ᠂ ᠨᠡᠩ ᠤᠯᠠᠨ ︽ᠪᠦᠭᠦ | ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ︾ ᠲᠠᠢ ᠭᠠᠷ ᠬᠤᠯᠪᠣᠯᠴᠠᠨ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠤᠨ᠎ᠠ︕ ᠭᠡᠵᠦ ᠴᠢᠬᠤᠯᠠᠴᠢᠯᠠᠪᠠ᠃ | ᠠᠭᠤᠯᠵᠠᠯᠲᠠ ᠳᠤ ᠣᠷᠣᠯᠴᠠᠬᠰᠠᠨ ᠤᠳᠤᠷᠢᠳᠬᠤ ᠬᠥᠮᠥᠰ ︽ᠤᠯᠠᠨ ᠲᠠᠯᠠᠲᠤ ᠦᠵᠡᠯ ᠢ ᠴᠢᠩᠭᠠᠳᠬᠠᠵᠤ᠂ | ᠲᠥᠪ ᠭᠤᠣᠯᠴᠢ ᠪᠦᠭᠦ ᠪᠥᠮᠪᠥᠷᠴᠡᠭ ᠤᠨ ᠬᠥᠭᠵᠢᠯᠲᠡ ᠪᠠ ᠠᠮᠤᠷ ᠲᠦᠪᠰᠢᠨ ᠢ ᠠᠬᠢᠭᠤᠯᠤᠶ᠎ᠠ︾ ᠭᠡᠬᠦ ᠭᠤᠣᠯ | ᠰᠡᠳᠦᠪ ᠤᠨ ᠲᠣᠭᠤᠷᠢᠨ ᠳᠤ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ ᠵᠢᠴᠢ ᠬᠠᠮᠲᠤ ᠪᠠᠷ ᠠᠩᠬᠠᠷᠴᠤ | ᠪᠠᠶᠢᠭ᠎ᠠ ᠴᠢᠬᠤᠯᠠ ᠶᠡᠭᠡ ᠳᠡᠯᠡᠬᠡᠢ ᠶᠢᠨ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ | ᠤᠳᠤᠷᠢᠳᠬᠤ ᠬᠥᠮᠥᠰ ᠠᠯᠳᠠᠨ ᠲᠤᠭᠤᠰᠭ᠋᠎ᠠ ᠤᠯᠤᠰ ᠤᠳ ᠤᠨ ᠲᠣᠭᠲᠠᠴᠠ ᠶᠢᠨ ᠬᠥᠭᠵᠢᠯᠲᠡ ᠵᠢᠴᠢ ᠪᠦᠭᠦ | ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠬᠤ ᠳᠤ ᠦᠵᠡᠭᠦᠯᠦᠭᠰᠡᠨ ᠴᠢᠬᠤᠯᠠ ᠦᠢᠯᠡᠳᠦᠯ ᠢ | ᠢᠳᠡᠪᠬᠢᠲᠡᠢ ᠦᠨᠡᠯᠡᠵᠦ᠂ ᠠᠯᠳᠠᠨ ᠲᠣᠭᠤᠰᠭ᠋᠎ᠠ ᠤᠯᠤᠰ ᠤᠳ ᠤᠨ ᠬᠥᠮᠥᠨ ᠠᠮᠠ ᠤᠯᠠᠨ᠂ ᠡᠬᠢ ᠪᠠᠶᠠᠯᠢᠭ ᠡᠯᠪᠡᠭ᠂ | ᠬᠥᠭᠵᠢᠯᠲᠡ ᠶᠢᠨ ᠲᠠᠯᠳᠠ ᠬᠦᠴᠦᠨ ᠯᠤᠲᠤ ᠶᠡᠭᠡ᠂ ᠤᠷᠢᠶᠠᠯᠠᠬᠤ ᠬᠦᠴᠦᠨ ᠪᠣᠯᠣᠨ ᠳᠡᠯᠡᠬᠡᠢ ᠳᠠᠬᠢ ᠨᠥᠯᠥᠭᠡᠯᠡᠬᠦ | ᠬᠦᠴᠦᠨ ᠡᠳᠦᠷ ᠢᠷᠡᠬᠦᠶ᠎ᠡ ᠳᠡᠭᠡᠭᠰᠢᠯᠡᠵᠦ᠂ ᠤᠯᠠᠨ ᠲᠠᠯᠠᠲᠤ ᠦᠵᠡᠯ ᠤᠨ ᠦᠯᠢᠭᠡᠷ ᠵᠢᠱᠢᠶ᠎ᠡ ᠪᠣᠯᠵᠠᠢ ᠭᠡᠵᠦ ᠦᠵᠡᠪᠡ | ᠃ ᠠᠯᠳᠠᠨ ᠲᠣᠭᠤᠰᠭ᠋᠎ᠠ ᠤᠯᠤᠰ ᠤᠳ ᠠᠯᠳᠠᠨ ᠲᠣᠭᠤᠰᠭ᠋᠎ᠠ ᠤᠯᠤᠰ ᠤᠳ ᠤᠨ ᠵᠣᠷᠢᠭ ᠰᠠᠨᠠᠭ᠎ᠠ ᠶᠢ ᠪᠠᠷᠢᠮᠲᠠᠯᠠᠵᠤ᠂ | ᠪᠦᠯᠬᠦᠮᠳᠡᠯ ᠬᠠᠮᠵᠢᠯᠴᠠᠭ᠎ᠠ ᠪᠠᠨ ᠴᠢᠩᠭᠠᠳᠬᠠᠵᠤ᠂ ︽ᠲᠣᠮᠣ ᠠᠯᠳᠠᠨ ᠲᠣᠭᠤᠰᠭ᠋᠎ᠠ︾ ᠶᠢᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠨ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠠᠮᠤᠷ ᠲᠦᠪᠰᠢᠨ᠂ | ᠠᠵᠤ ᠠᠬᠤᠢ ᠠᠷᠠᠯᠵᠢᠶ᠎ᠠ ᠡᠳ᠋ ᠤᠨ ᠵᠠᠰᠠᠭ ᠮᠥᠩᠭᠦᠨ ᠭᠦᠢᠯᠭᠡᠭᠡᠨ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢᠨ ︽ | ᠭᠤᠷᠪᠠᠨ ᠬᠦᠷᠳᠦ ᠪᠠᠷ ᠬᠥᠳᠡᠯᠭᠡᠭᠦᠷ ᠪᠤᠯᠭᠠᠬᠤ︾ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠷᠬᠡ ᠲᠡᠭᠰᠢ ᠡᠮᠬᠢ | ᠳᠢᠭᠯᠢᠮ ᠲᠠᠢ ᠳᠡᠯᠡᠬᠡᠢ ᠶᠢᠨ ᠤᠯᠠᠨ ᠲᠦᠢᠯᠰᠢᠷᠠᠯ᠂ ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠢ ᠠᠵᠤ ᠠᠬᠤᠢ ᠶᠢᠨ | ᠳᠡᠯᠡᠬᠡᠶᠢᠵᠢᠯᠲᠡ ᠪᠣᠯᠣᠨ ᠳᠡᠯᠡᠬᠡᠢ ᠶᠢᠨ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ᠪᠦᠭᠦ ᠪᠥᠮᠪᠥᠷᠴᠡᠭ ᠤᠨ | ᠬᠥᠭᠵᠢᠵᠦ ᠪᠠᠶᠢᠭ᠎ᠠ ᠤᠯᠤᠰ ᠤᠳ ᠤᠨ ᠳᠡᠯᠡᠬᠡᠢ ᠶᠢᠨ ᠬᠡᠷᠡᠭ ᠶᠠᠪᠤᠳᠠᠯ ᠳᠠᠬᠢ ᠦᠭᠡ ᠬᠡᠯᠡᠬᠦ ᠡᠷᠬᠡ ᠪᠣᠯᠣᠨ | ᠲᠥᠯᠥᠭᠡᠯᠡᠬᠦ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ᠂ ᠨᠡᠩ ᠲᠥᠪ ᠭᠤᠣᠯᠴᠢ ᠵᠦᠢ ᠵᠣᠬᠢᠰᠲᠠᠢ ᠤᠯᠠᠨ ᠤᠯᠤᠰ ᠤᠨ | ᠡᠮᠬᠢ ᠳᠢᠭᠯᠢᠮ ᠢ ᠪᠠᠶᠢᠭᠤᠯᠬᠤ ᠶᠢ ᠠᠬᠢᠭᠤᠯᠪᠠᠯ ᠵᠣᠬᠢᠨ᠎ᠠ᠃ ᠣᠯᠠᠨ ᠲᠠᠯᠠᠲᠤ ᠦᠵᠡᠯ ᠢ ᠡᠷᠡᠰ ᠬᠠᠮᠠᠭᠠᠯᠠᠵᠤ᠂ ᠣᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠣᠯᠠᠨ ᠤᠯᠤᠰ ᠤᠨ ᠰᠢᠰᠲ᠋ᠧᠮ ᠳᠠᠬᠢ ᠭᠤᠣᠯᠯᠠᠬᠤ ᠦᠢᠯᠡᠳᠦᠯ ᠢ | ᠬᠠᠮᠠᠭᠠᠯᠠᠵᠤ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠵᠣᠬᠢᠶᠠᠮᠠᠯ ᠣᠶᠤᠨ ᠴᠢᠳᠠᠪᠤᠷᠢ ᠵᠡᠷᠭᠡ ᠪᠦᠭᠦ | ᠪᠥᠮᠪᠥᠷᠴᠡᠭ ᠤᠨ ᠵᠠᠰᠠᠯᠲᠠ ᠳᠤᠮᠳᠠ ᠴᠢᠬᠤᠯᠠ ᠦᠢᠯᠡᠳᠦᠯ ᠪᠠᠳᠠᠷᠠᠭᠤᠯᠬᠤ ᠶᠢ ᠳᠡᠮᠵᠢᠨ᠎ᠡ᠃ ᠶᠠᠷᠢᠯᠴᠠᠭ᠎ᠠ | ᠵᠥᠪᠳᠡᠯᠴᠡᠭᠡ ᠪᠠᠷ ᠳᠠᠮᠵᠢᠨ ᠨᠠᠶᠢᠷᠠᠮᠳᠠᠯ ᠤᠨ ᠠᠷᠭ᠎ᠠ ᠮᠠᠶ᠋ᠢᠭ ᠢᠶᠠᠷ ᠵᠢᠭᠤᠷᠠᠯᠳᠤᠭᠠᠨ ᠢ ᠰᠢᠢᠳᠪᠦᠷᠢᠯᠡᠬᠦ ᠪᠠᠷ ᠬᠦᠴᠦᠯᠡᠨ | ᠴᠢᠷᠮᠠᠶᠢᠵᠤ᠂ ᠬᠢᠮᠤᠷᠠᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠳᠤ ᠠᠰᠢᠭᠲᠠᠢ ᠠᠯᠢᠪᠠ ᠴᠢᠷᠮᠠᠶᠢᠯᠭ᠎ᠠ ᠶᠢ ᠲᠠᠮᠵᠢᠵᠤ᠂ ᠡᠯ᠎ᠡ | ᠤᠯᠤᠰ ᠤᠨ ᠵᠦᠢ ᠶᠣᠰᠣᠨ ᠤ ᠠᠮᠤᠷ ᠲᠦᠪᠰᠢᠨ ᠤ ᠠᠩᠬᠠᠷᠤᠯ ᠢ ᠬᠦᠨᠳᠦᠳᠬᠡᠨ᠎ᠡ᠃ ᠤᠳᠤ ᠪᠠᠶᠢᠭ᠎ᠠ ᠤᠯᠠᠨ | ᠤᠯᠤᠰ ᠤᠨ ᠠᠵᠤ ᠠᠬᠤᠢ ᠮᠥᠩᠭᠦᠨ ᠭᠦᠢᠯᠭᠡᠭᠡᠨ ᠤ ᠪᠦᠲᠦᠴᠡ ᠶᠢᠨ ᠥᠭᠡᠷᠡᠴᠢᠯᠡᠯᠲᠡ ᠶᠢ ᠠᠬᠢᠭᠤᠯᠵᠤ᠂ ᠰᠢᠨ᠎ᠡ | ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢ 21 ᠳ᠋ᠦ᠋ᠭᠡᠷ ᠵᠠᠭᠤᠨ ᠤ ᠰᠢᠨ᠎ᠡ ᠭᠡᠯᠪᠡᠷᠢ ᠶᠢᠨ ᠤᠯᠠᠨ ᠲᠠᠯᠠᠲᠤ ᠨᠡᠭᠡᠭᠡᠨ | ᠬᠥᠭᠵᠢᠭᠦᠯᠦᠯᠲᠡ ᠶᠢᠨ ᠪᠠᠩᠬᠢ ᠪᠣᠯᠭᠠᠨ ᠪᠠᠶᠢᠭᠤᠯᠤᠨ᠎ᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ | ᠬᠤᠷᠠᠯ ᠠᠴᠠ ᠳᠤᠮᠳᠠᠳᠤ ᠤᠯᠤᠰ ᠤᠨ ᠳᠤᠷᠠᠳᠤᠭᠰᠠᠨ ︽ᠪᠣᠯᠪᠠᠰᠤᠨ ᠶᠠᠷᠢᠯᠴᠠᠭᠠᠨ ᠤ ᠤᠯᠠᠨ ᠤᠯᠤᠰ ᠤᠨ ᠡᠳᠦᠷ︾ | ᠤᠨ ᠬᠤᠯᠪᠣᠭᠳᠠᠯ ᠪᠦᠬᠦᠢ ᠰᠢᠢᠳᠪᠦᠷᠢ ᠶᠢ ᠪᠠᠲᠤᠯᠠᠭᠰᠠᠨ ᠢ ᠮᠠᠭᠲᠠᠨ ᠰᠠᠶᠢᠰᠢᠶᠠᠵᠤ᠂ ᠳᠡᠯᠡᠬᠡᠢ ᠶᠢᠨ ᠪᠣᠯᠪᠠᠰᠤᠨ ᠤ | ᠤᠯᠠᠨ ᠶᠠᠩᠵᠤᠲᠤ ᠴᠢᠨᠠᠷ ᠢ ᠭᠦᠨᠳᠦᠳᠭᠡᠵᠦ᠂ ᠠᠳᠠᠯᠢ ᠪᠤᠰᠤ ᠪᠣᠯᠪᠠᠰᠤᠨ ᠤ ᠬᠤᠭᠤᠷᠣᠨᠳᠣᠭᠢ ᠰᠣᠯᠢᠯᠴᠠᠭ᠎ᠠ | ᠲᠣᠯᠢᠳᠠᠯ ᠢ ᠴᠢᠩᠭᠠᠳᠬᠠᠰᠤᠭᠠᠢ ᠭᠡᠵᠦ ᠤᠷᠢᠶᠠᠯᠠᠪᠠ᠃ | ᠠᠭᠤᠯᠵᠠᠯᠲᠠ ᠳᠤ ︽ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠠᠷᠪᠠᠨ | ᠵᠢᠷᠭᠤᠳᠤᠭᠠᠷ ᠤᠳᠠᠭ᠎ᠠ ᠶᠢᠨ ᠠᠭᠤᠯᠵᠠᠯᠲᠠ ᠶᠢᠨ ᠺᠠᠽᠠᠨ ᠤ ᠲᠤᠩᠬᠠᠭ︾ ᠢ ᠨᠡᠶᠢᠲᠡᠯᠡᠵᠦ᠂ ᠠᠯᠳᠠᠨ ᠲᠣᠭᠤᠰᠭ᠋᠎ᠠ | ᠤᠯᠤᠰ ᠤᠳ ᠤᠨ ᠬᠠᠨᠢᠲᠠᠨ ᠤᠯᠤᠰ ᠢ ᠲᠣᠬᠢᠷᠠᠭᠤᠯᠬᠤ ᠪᠠᠷ ᠨᠡᠶᠢᠲᠡᠯᠡᠪᠡ᠃ ᠠᠭᠤᠯᠵᠠᠯᠲᠠ ᠶᠢᠨ | ᠬᠤᠭᠤᠴᠠᠭᠠᠨ ᠳᠤ᠂ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠪᠠᠰᠠ ᠰᠢᠨ᠎ᠡ ᠨᠡᠭᠡᠭᠡᠨ | ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠯᠥᠸᠧ ᠰᠠᠢ ᠹᠦ᠋ ᠵᠡᠷᠭᠡ ᠠᠯᠳᠠᠨ ᠲᠣᠭᠤᠰᠭ᠋᠎ᠠ ᠤᠯᠤᠰ ᠤᠳ ᠤᠨ | ᠲᠣᠭᠲᠠᠴᠠ ᠶᠢᠨ ᠬᠠᠷᠢᠭᠤᠴᠠᠯᠭᠠᠲᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠲᠤ | ᠭᠡᠷᠡᠯ ᠵᠢᠷᠤᠭ ᠲᠠᠲᠠᠭᠤᠯᠪᠠ᠃ | ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | |